ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-11-04 18:24:57

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3



11 ᠰᠠᠷ᠎ᠠ᠎ᠶᠢᠨ 4᠎ᠦ ᠡᠳᠦᠷ᠂ 2026 ᠣᠨ᠎ᠤ ᠳᠡᠯᠡᠬᠡᠶ᠎ᠶᠢᠨ ᠢᠨᠲ᠋ᠧᠷ ᠰᠦᠯᠵᠢᠶᠡᠨ᠎ᠦ ᠶᠡᠬᠡ ᠬᠤᠷᠠᠯ᠎ᠤᠨ ᠦᠵᠸᠨ᠎ᠤ ᠲᠦᠷᠦᠭᠦᠴᠦᠳ᠎ᠦᠨ ᠬᠤᠷᠠᠯ᠎ᠤᠨ 《ᠢᠯᠡᠴᠢᠯᠡᠨ ᠮᠡᠳᠡᠭᠦᠯᠵᠦ ᠬᠠᠮᠲᠤ᠎ᠪᠠᠷ ᠵᠠᠰᠠᠵᠤ ᠠᠵᠤ ᠠᠬᠤᠢᠯᠠᠯ᠎ᠤᠨ ᠬᠤᠯᠠ ᠵᠢᠨ ᠠᠶᠠᠨ᠎ᠢ ᠬᠠᠮᠠᠭᠠᠯᠠᠨ᠎ᠠ᠄ ᠠᠵᠤ ᠠᠬᠤᠢᠯᠠᠯ᠎ᠤᠨ ᠰᠦᠯᠵᠢᠶᠡᠨ᠎ᠦ ᠨᠡᠷ᠎ᠡ ᠬᠦᠨᠳᠦ᠎ᠶᠢᠨ ᠡᠷᠬᠡ᠎ᠶᠢ ᠬᠠᠮᠠᠭᠠᠯᠠᠬᠤ》 ᠶᠠᠷᠢᠶᠠᠨ᠎ᠤ ᠲᠠᠪᠴᠠᠩ ᠵᠧᠵᠢᠶᠠᠩ ᠮᠣᠵᠢ᠎ᠶᠢᠨ ᠦᠵᠸᠨ ᠪᠠᠯᠭᠠᠰᠤᠨ᠎ᠳ᠋ᠤ ᠶᠠᠪᠤᠭᠳᠠᠵᠤ᠂ ᠲᠤᠬᠠᠶ᠎ᠶᠢᠨ ᠲᠠᠯᠠᠪᠠᠶ᠎ᠳᠤ 《ᠠᠵᠤ ᠠᠬᠤᠢᠯᠠᠯ᠎ᠳᠤ ᠬᠣᠯᠪᠣᠭᠳᠠᠭᠰᠠᠨ ᠰᠦᠯᠵᠢᠶᠡᠨ᠎ᠦ ᠡᠷᠬᠡ᠎ᠳᠦ ᠬᠠᠯᠳᠠᠭᠰᠠᠨ ᠬᠡᠷᠡᠭ᠎ᠢ ᠢᠯᠡᠴᠢᠯᠡᠨ ᠮᠡᠳᠡᠭᠦᠯᠬᠦ ᠵᠦᠭᠯᠡᠭᠦᠷ》᠎ᠢ ᠨᠡᠢᠲᠡᠯᠡᠵᠦ᠂ ᠳᠤᠮᠳᠠᠳᠤ ᠭᠠᠳᠠᠭᠠᠳᠤ᠎ᠶᠢᠨ ᠠᠵᠤ ᠠᠬᠤᠢᠯᠠᠯ᠎ᠤᠨ ᠰᠦᠯᠵᠢᠶᠡᠨ᠎ᠦ ᠡᠷᠬᠡ᠎ᠳᠦ ᠬᠠᠯᠳᠠᠬᠤ᠎ᠶᠢ ᠠᠷᠭᠠᠴᠠᠭᠠᠬᠤ᠂ ᠬᠠᠤᠯᠢ ᠶᠣᠰᠣᠨ᠎ᠤ ᠡᠷᠬᠡ ᠠᠰᠢᠭ᠎ᠢ ᠬᠠᠮᠠᠭᠠᠯᠠᠬᠤ᠎ᠳᠤ ᠪᠣᠳᠠᠲᠠᠶ ᠵᠢᠯᠣᠭᠣᠳᠣᠯᠭ᠎ᠠ ᠬᠠᠩᠭᠠᠪᠠ︔ ᠡᠭᠦᠨ᠎ᠦ ᠬᠠᠮᠲᠤ ᠪᠠᠰᠠ 《〈ᠢᠯᠡᠴᠢᠯᠡᠨ ᠮᠡᠳᠡᠭᠦᠯᠵᠦ ᠬᠠᠮᠲᠤ᠎ᠪᠠᠷ ᠵᠠᠰᠠᠵᠤ ᠠᠵᠤ ᠠᠬᠤᠢᠯᠠᠯ᠎ᠤᠨ ᠬᠤᠯᠠ ᠵᠢᠨ ᠠᠶᠠᠨ᠎ᠢ ᠬᠠᠮᠠᠭᠠᠯᠠᠬᠤ〉 ᠰᠠᠨᠠᠭᠠᠴᠢᠯᠠᠭ᠎ᠠ》 ᠵᠢ ᠨᠡᠢᠲᠡᠯᠡᠵᠦ᠂ ᠡᠯ᠎ᠡ ᠲᠠᠯ᠎ᠠ ᠬᠢᠨ ᠭᠠᠷ ᠬᠣᠯᠪᠣᠨ ᠬᠠᠮᠲᠤ᠎ᠪᠠᠷ ᠵᠠᠰᠠᠵᠤ᠂ ᠠᠵᠤ ᠠᠬᠤᠢᠯᠠᠯ᠎ᠤᠨ ᠰᠦᠯᠵᠢᠶᠡᠨ᠎ᠦ ᠨᠡᠷ᠎ᠡ ᠬᠦᠨᠳᠦ᠎ᠶᠢ ᠬᠠᠮᠲᠤ᠎ᠪᠠᠷ ᠬᠠᠮᠠᠭᠠᠯᠠᠬᠤ ᠠᠵᠢᠯᠯᠠᠭᠠᠨ᠎ᠤ ᠤᠷᠢᠶᠠᠯᠠᠭ᠎ᠠ ᠭᠠᠷᠭᠠᠪᠠ᠃

ᠡᠨᠡ ᠪᠣᠯ ᠳᠤᠮᠳᠠᠳᠤ ᠭᠠᠳᠠᠭᠠᠳᠤ᠎ᠶᠢᠨ ᠠᠵᠤ ᠠᠬᠤᠢᠯᠠᠯ ᠠᠩᠬ᠎ᠠ ᠤᠳᠠᠭ᠎ᠠ ᠨᠢᠭᠡ ᠲᠠᠩᠬᠢᠮ᠎ᠳᠤ ᠴᠤᠭᠯᠠᠷᠠᠵᠤ᠂ ᠠᠵᠤ ᠠᠬᠤᠢᠯᠠᠯ᠎ᠳᠤ ᠬᠣᠯᠪᠣᠭᠳᠠᠭᠰᠠᠨ ᠰᠦᠯᠵᠢᠶᠡᠨ᠎ᠦ ᠡᠷᠬᠡ᠎ᠳᠦ ᠬᠠᠯᠳᠠᠬᠤ᠎ᠶᠢ ᠴᠡᠭᠴᠡᠯᠡ ᠵᠠᠰᠠᠬᠤ᠂ ᠬᠢᠯᠢ ᠠᠯᠤᠰᠯᠠᠭᠰᠠᠨ ᠨᠡᠷ᠎ᠡ ᠬᠦᠨᠳᠦ᠎ᠶᠢᠨ ᠠᠶᠤᠯ ᠲᠦᠭᠰᠢᠭᠦᠷᠢ᠎ᠶᠢᠨ ᠬᠠᠮᠢᠶᠠᠷᠤᠯᠲᠠ ᠵᠡᠷᠭᠡ ᠵᠥᠪᠯᠡᠬᠦ ᠰᠡᠳᠦᠪ᠎ᠦᠨ ᠲᠣᠭᠣᠷᠢᠨ᠎ᠳᠤ ᠬᠠᠮᠲᠤ᠎ᠪᠠᠷ ᠵᠥᠪᠳᠡᠯᠴᠡᠵᠦ ᠬᠠᠮᠲᠤ᠎ᠪᠠᠷ ᠵᠠᠰᠠᠵᠤ᠂ ᠠᠷᠢᠭᠤᠨ ᠴᠢᠬᠡᠴᠢ ᠬᠤᠳᠠᠯᠳᠤᠭ᠎ᠠ ᠡᠷᠬᠢᠯᠡᠬᠦ ᠰᠦᠯᠵᠢᠶᠡᠨ᠎ᠦ ᠣᠷᠴᠢᠨ ᠨᠥᠬᠥᠴᠡᠯ᠎ᠢ ᠬᠠᠮᠲᠤ᠎ᠪᠠᠷ ᠴᠣᠭᠴᠠᠯᠠᠬᠤ᠎ᠳᠤ ᠬᠦᠴᠦᠨ ᠨᠡᠮᠡᠷᠢᠯᠡᠵᠦ ᠪᠠᠢᠭ᠎ᠠ ᠶᠠᠪᠤᠳᠠᠯ ᠪᠣᠯᠤᠨ᠎ᠠ᠃

ᠢᠷᠡᠯᠲᠡ᠄ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ᠎ᠶᠢᠨ
                                      ᠣᠯᠠᠨ ᠤᠯᠤᠰ᠎ᠤᠨ ᠰᠦᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄ ᠬᠦᠰᠡᠯᠡᠩ

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面