ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-11-10 09:04:57

ᠵᠣᠬᠢᠶᠠᠭ᠍ᠴᠢ᠄ ᠰᠢᠨᠡᠪᠢᠯᠢᠭ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠲᠦᠩᠯᠢᠶᠣᠣ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠬᠣᠷᠴᠢᠨ᠎ᠤ ᠬᠤᠪᠢᠶᠠᠷᠢ ᠲᠣᠪᠴᠢᠶ᠎ᠠ ᠬᠠᠯᠠᠮᠰᠢᠯ ᠤᠳᠠᠰᠤᠨ ᠳ᠋ᠤ ᠪᠠᠢᠨ ᠳᠠᠬᠢᠨ ᠤᠲᠠᠰᠤ ᠠᠪᠴᠤ ᠂ ᠬᠡᠪ᠎ᠦᠨ ᠠᠵᠢᠯ᠎ᠤᠨ ᠡᠮᠬᠢ ᠵᠢᠷᠤᠮ᠎ᠢ ᠰᠠᠮᠠᠭᠤᠷᠠᠭᠤᠯᠤᠭᠰᠠᠨ ᠬᠡᠷᠡᠭ᠎ᠢ ᠬᠠᠤᠯᠢ ᠶᠣᠰᠣᠭᠠᠷ ᠪᠠᠢᠴᠠᠭᠠᠨ ᠰᠢᠢᠳᠪᠦᠷᠢᠯᠡᠵᠦ ᠂ ᠬᠠᠤᠯᠢ᠎ᠠᠴᠠ ᠵᠥᠷᠢᠴᠡᠭᠰᠡᠨ ᠬᠡᠷᠡᠭ ᠤ᠋ᠨ ᠰᠡᠵᠢᠭᠳᠡᠨ ᠳ᠋ᠤ ᠵᠠᠰᠠᠭ ᠵᠠᠬᠢᠷᠭᠠᠨ᠎ᠢᠶᠠᠷ ᠲᠦᠷ ᠬᠣᠷᠢᠬᠤ ᠰᠢᠢᠳᠬᠡᠯ ᠦᠭᠪᠡ᠃

ᠪᠠᠢᠴᠠᠭᠠᠭᠰᠠᠨ᠎ᠢᠶᠠᠷ᠂ ᠬᠣᠷᠴᠢᠨ ᠲᠣᠭᠣᠷᠢᠭ᠋᠎ᠤᠨ ᠬᠠᠷᠢᠶ᠎ᠠ ᠣᠷᠣᠨ᠎ᠤ ᠰᠠᠭᠤᠭᠠᠯᠢ ᠠᠷᠠᠳ ᠭᠤᠤ ᠣᠪᠣᠭᠲᠤ 1 ᠵᠢᠯ ᠭᠠᠷᠤᠢ᠎ᠶᠢᠨ ᠬᠤᠭᠤᠴᠠᠭᠠᠨ᠎ᠳᠤ᠂ ᠬᠡᠷᠡᠭ ᠶᠠᠪᠤᠳᠠᠯ᠎ᠢ ᠬᠠᠭᠤᠷᠮᠠᠭᠯᠠᠨ ᠵᠣᠬᠢᠶᠠᠵᠦ᠂ ᠤᠷᠢᠳ ᠬᠣᠵᠢᠳ 100 ᠭᠠᠷᠤᠢ ᠤᠳᠠᠭ᠎ᠠ 《12345》 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ᠎ᠶᠢ ᠤᠲᠠᠰᠤᠳᠠᠵᠤ᠂ ᠠᠵᠢᠯᠲᠠᠨ᠎ᠤ ᠬᠡᠪ ᠤ᠋ᠨ ᠠᠵᠢᠯ ᠵᠢᠡᠨ ᠭᠦᠢᠴᠡᠳᠬᠡᠬᠦ᠎ᠶᠢ ᠬᠦᠨᠳᠦ ᠨᠣᠴᠢᠲᠠᠢ ᠨᠥᠯᠥᠭᠡᠯᠡᠪᠡ᠃ ᠲᠣᠰ ᠦᠢᠯᠡ ᠠᠵᠢᠯᠯᠠᠭ᠎ᠠ ᠨᠢ ᠣᠯᠠᠨ ᠨᠡᠶ᠋ᠢᠲᠡ᠎ᠶᠢᠨ ᠡᠬᠢ ᠪᠠᠶᠠᠯᠢᠭ᠋᠎ᠢ ᠰᠢᠬᠠᠨ ᠡᠵᠡᠯᠡᠭᠰᠡᠨ᠎ᠢᠶᠡᠷ ᠪᠠᠷᠠᠬᠤ ᠦᠭᠡᠢ᠂ ᠦᠨᠡᠨ ᠬᠦ᠌ ᠪᠠᠴᠢᠮ ᠲᠤᠰᠠᠯᠠᠮᠵᠢ ᠬᠡᠷᠡᠭᠰᠡᠬᠦ ᠣᠯᠠᠨ ᠲᠦᠮᠡᠨ᠎ᠤ ᠤᠳᠠᠰᠤ ᠠᠪᠬᠤ ᠵᠢ ᠨᠦᠯᠦᠭᠡᠯᠡᠭᠰᠡᠨ ᠪᠠᠢᠨ᠎ᠠ᠃

 ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠠᠴᠠ᠂《ᠪᠦᠭᠦᠳᠡ ᠨᠠᠢ᠍ᠢᠷᠠᠮᠳᠠᠬ᠍ᠤ ᠳᠣᠮᠳᠠᠳᠤ ᠠᠷᠠᠣᠠ ᠣᠯᠣᠰ ᠤ᠋ᠨ ᠠᠮᠤᠷ᠎ᠢ ᠬᠠᠮᠠᠭᠠᠯᠠᠬᠤ ᠠᠵᠢᠯ᠎ᠤᠨ ᠬᠠᠮᠢᠶᠠᠷᠤᠯᠲᠠ᠎ᠶᠢᠨ ᠰᠢᠢᠳᠬᠡᠯ᠎ᠦᠨ ᠬᠠᠤᠯᠢ 》 ᠵᠡᠷᠭᠡ ᠬᠣᠯᠪᠣᠭᠳᠠᠯ ᠪᠦᠬᠦᠢ ᠬᠠᠤᠯᠢ ᠴᠠᠭᠠᠵᠠ ᠲᠦᠷᠢᠮ ᠲᠣᠭᠲᠠᠭᠠᠯ᠎ᠢ ᠦᠨᠳᠦᠰᠦᠯᠡᠪᠡᠯ᠂  ᠬᠠᠯᠠᠮᠰᠢᠯ ᠤᠲᠠᠰᠤ ᠵᠢ ᠮᠠᠭᠤ ᠰᠠᠨᠠᠭ᠎ᠠ᠎ᠲᠠᠢ᠎ᠪᠠᠷ ᠤᠲᠠᠰᠤᠳᠠᠵᠤ᠂ ᠠᠵᠢᠯᠳᠠᠨ ᠢ᠋ ᠬᠠᠷᠢᠶᠠᠵᠤ ᠳᠣᠷᠣᠮᠵᠢᠯᠠᠨ ᠦᠢᠮᠡᠭᠦᠯᠵᠦ᠂ ᠦᠢᠯᠡ ᠪᠠᠢᠳᠠᠯ ᠨᠢ ᠨᠡᠯᠢᠶᠡᠳ ᠬᠥᠩᠭᠡᠨ ᠪᠠᠢᠪᠠᠯ 《ᠪᠠᠢᠭᠤᠯᠭ᠎ᠠ ᠨᠢᠭᠡᠴᠢ᠎ᠶᠢᠨ ᠡᠮᠬᠢ ᠵᠢᠷᠤᠮ᠎ᠢ ᠰᠠᠮᠠᠭᠤᠷᠠᠭᠤᠯᠤᠬᠰᠠᠨ》 ᠳ᠋ᠤ ᠲᠤᠭᠠᠴᠠᠬᠳᠠᠵᠤ᠂ ᠦᠢᠯᠡ ᠪᠠᠢᠳᠠᠯ ᠨᠢ  ᠬᠦᠨᠳᠦ ᠨᠣᠴᠢᠲᠠᠢ ᠪᠠᠢᠪᠠᠯ᠂ 《ᠵᠤᠷᠢᠭᠤᠳᠠ ᠬᠡᠷᠡᠭ ᠡᠳᠦᠭᠰᠡᠨ》 ᠳ᠋ᠤ ᠲᠤᠭᠠᠴᠠᠬᠳᠠᠨ᠎ᠠ᠃ ᠬᠡᠷᠡᠭ᠎ᠲᠦ ᠬᠣᠯᠪᠣᠭᠳᠠᠭᠰᠠᠨ ᠬᠥᠮᠥᠰ᠎ᠲᠦ ᠳᠣᠩᠭᠣᠳᠬᠤ᠂ ᠵᠣᠭᠣᠰ᠎ᠢᠶᠠᠷ ᠲᠣᠷᠭᠠᠬᠤ᠂ ᠵᠠᠰᠠᠭ ᠵᠠᠬᠢᠷᠭᠠᠨ᠎ᠢᠶᠠᠷ ᠲᠦᠷ ᠬᠣᠷᠢᠬᠤ ᠵᠡᠷᠭᠡ ᠰᠢᠢᠳᠬᠡᠯ ᠥᠭᠭᠦᠨ᠎ᠡ᠂ ᠶᠠᠯ᠎ᠠ᠎ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ᠎ᠶᠢᠨ ᠬᠡᠷᠡᠭ᠎ᠦᠨ ᠬᠠᠷᠢᠭᠤᠴᠠᠯᠭ᠎ᠠ ᠨᠡᠬᠡᠮᠵᠢᠯᠡᠨ᠎ᠡ᠃ 12345 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠬᠠᠯᠠᠮᠰᠢᠯ ᠤᠲᠠᠰᠤ᠎ᠶᠢᠨ ᠡᠬᠢ ᠪᠠᠶᠠᠯᠢᠭ᠋ ᠬᠢᠵᠠᠭᠠᠷ᠎ᠲᠠᠢ᠂ ᠠᠷᠠᠳ ᠢᠷᠭᠡᠳ ᠭᠣᠮᠣᠳᠠᠯ ᠱᠠᠭᠠᠷᠳᠠᠯᠭ᠎ᠠ᠎ᠪᠠᠨ ᠣᠶᠤᠨᠴᠢ᠎ᠪᠠᠷ ᠢᠯᠡᠳᠬᠡᠵᠦ᠂ ᠬᠠᠤᠯᠢ ᠶᠣᠰᠣᠭᠠᠷ ᠡᠷᠬᠡ᠎ᠪᠡᠨ ᠵᠣᠬᠢᠰᠲᠠᠢ ᠬᠡᠷᠡᠭᠵᠢᠭᠦᠯᠵᠦ᠂ ᠬᠠᠤᠯᠢ ᠴᠠᠭᠠᠵᠠ᠎ᠶᠢᠨ ᠬᠣᠷᠢᠭ᠎ᠠ ᠱᠤᠭᠤᠮ᠎ᠢ ᠳᠠᠪᠠᠵᠤ ᠪᠤᠯᠬᠤ ᠦᠭᠡᠢ ᠭᠡᠵᠦ ᠰᠠᠨᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面