2026-11-12 11:53:05
11 ᠰᠠᠷ᠎ᠠ᠎ᠶᠢᠨ 11 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠂ ᠳᠤᠮᠳᠠᠳᠤ ᠤᠯᠤᠰ ᠤᠨ ᠤᠯᠤᠰ ᠲᠦᠷᠦ ᠬᠠᠤᠯᠢ ᠴᠠᠭᠠᠵᠠ᠎ᠶᠢᠨ ᠶᠡᠬᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ ᠤ ᠶᠠᠪᠤᠳᠠᠯ᠎ᠤᠨ ᠲᠢᠩᠬᠢᠮ᠂ ᠬᠥᠬᠡᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠡᠴᠡ ᠬᠠᠮᠲᠤᠷᠠᠵᠤ ᠭᠣᠣᠯᠯᠠᠨ ᠡᠷᠬᠢᠯᠡᠭᠰᠡᠨ 《ᠬᠠᠤᠯᠢ ᠪᠡᠷ ᠵᠠᠰᠠᠬᠤ ᠬᠠᠮᠠᠭᠠᠯᠠᠯᠲᠠ ᠨᠡᠭᠡᠭᠡᠯᠲᠡ᠎ᠳᠦ ᠬᠦᠴᠦᠨ ᠨᠡᠮᠡᠷᠢᠯᠡᠨ᠎ᠡ》 — ᠳᠤᠮᠳᠠᠳᠤ ᠤᠯᠤᠰ(ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠭᠠᠳᠠᠭᠠᠳᠤ᠎ᠳᠤ ᠬᠣᠯᠪᠣᠭᠳᠠᠬᠤ ᠬᠠᠤᠯᠢ ᠪᠡᠷ ᠵᠠᠰᠠᠬᠤ ᠤᠬᠠᠭᠤᠯᠭ᠎ᠠ᠎ᠶᠢᠨ ᠠᠵᠢᠯᠯᠠᠭ᠎ᠠ ᠵᠢᠴᠢ ᠬᠠᠤᠯᠢ ᠪᠡᠷ ᠵᠠᠰᠠᠬᠤ ᠰᠤᠳᠤᠯᠭᠠᠨ ᠤ ᠲᠥᠪ ᠪᠠᠢᠭᠤᠯᠤᠭᠳᠠᠭᠰᠠᠨ ᠶᠠᠷᠢᠯᠴᠠᠬᠤ ᠬᠤᠷᠠᠯ ᠬᠥᠬᠡᠬᠣᠲᠠ᠎ᠳᠤ ᠶᠠᠪᠤᠭᠳᠠᠪᠠ᠃
《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠠᠤᠯᠢ ᠪᠡᠷ ᠵᠠᠰᠠᠬᠤ ᠰᠤᠳᠤᠯᠭᠠᠨ᠎ᠤ ᠲᠥᠪ》ᠵᠢᠴᠢ ᠬᠥᠬᠡᠬᠣᠲᠠ᠂ ᠮᠠᠨᠵᠤᠤᠷ᠂ ᠡᠷᠢᠶᠡᠨ ᠵᠡᠷᠭᠡ ᠭᠤᠷᠪᠠᠨ ᠬᠡᠰᠡᠭ ᠤᠷᠤᠨ ᠤ ᠰᠤᠳᠤᠯᠭᠠᠨ ᠤ ᠰᠠᠭᠤᠷᠢᠨ ᠵᠢᠩᠬᠢᠨᠢ᠎ᠪᠡᠷ ᠫᠠᠢᠰᠠ ᠰᠡᠬᠦᠪᠡ᠃ ᠣᠢᠯᠠᠭᠠᠭᠰᠠᠨ᠎ᠢᠶᠠᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ᠎ᠶᠢᠨ ᠲᠢᠩᠬᠢᠮ᠎ᠡᠴᠡ ᠳᠤᠮᠳᠠᠳᠤ ᠤᠯᠤᠰ᠎ᠤᠨ ᠤᠯᠤᠰ ᠲᠥᠷᠥ ᠬᠠᠤᠯᠢ ᠴᠠᠭᠠᠵᠠ᠎ᠶᠢᠨ ᠶᠡᠬᠡ ᠰᠤᠷᠭᠠᠭᠤᠯᠢ᠎ᠲᠠᠢ ᠬᠠᠮᠲᠤ᠎ᠪᠠᠷ ᠪᠠᠢᠭᠤᠯᠤᠭᠰᠠᠨ《ᠨᠢᠭᠡ ᠲᠥᠪ ᠭᠤᠷᠪᠠᠨ ᠰᠠᠭᠤᠷᠢᠨ》 ᠨᠢ ᠭᠤᠷᠪᠠᠨ ᠬᠡᠰᠡᠭ ᠣᠷᠣᠨ᠎ᠤ ᠬᠠᠤᠯᠢ ᠪᠡᠷ ᠵᠠᠰᠠᠬᠤ ᠬᠡᠷᠡᠭᠴᠡᠭᠡ᠎ᠶᠢ ᠣᠨᠣᠴᠠᠲᠠᠢ ᠵᠣᠯᠭᠠᠭᠤᠯᠬᠤ᠎ᠳᠤ ᠬᠦᠴᠦᠨ ᠨᠡᠮᠡᠷᠢᠯᠡᠵᠦ᠂ ᠳᠤᠮᠳᠠᠳᠤ ᠤᠯᠤᠰ(ᠥᠪᠥᠷ ᠮᠣᠩᠭᠣᠯ)᠎ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠬᠤ ᠪᠣᠯᠣᠨ᠎ᠠ᠃ ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠶ᠎ᠳᠤ᠂ ᠪᠠᠰᠠ《ᠥᠪᠥᠷ ᠮᠣᠩᠭᠣᠯ᠎ᠤᠨ ᠠᠵᠤ ᠠᠬᠤᠢᠯᠡᠯ᠎ᠤᠨ ᠭᠠᠳᠠᠭᠠᠳᠦ ᠡᠵᠡᠨᠭᠨᠡᠯᠳᠡ ᠵᠢᠨ ᠬᠥᠬᠡ ᠭᠠᠳᠠᠷᠲᠤ ᠪᠢᠴᠢᠭ》᠂《ᠬᠥᠬᠡᠬᠣᠲᠠ ᠣᠷᠣᠨ᠎ᠤ ᠠᠵᠤ ᠠᠬᠤᠢᠯᠡᠯ᠎ᠤᠨ ᠭᠠᠳᠠᠭᠠᠳᠤ᠎ᠳᠤ ᠬᠣᠯᠪᠣᠭᠳᠠᠬᠤ ᠠᠷᠠᠯᠵᠢᠶᠠᠨ᠎ᠤ ᠲᠦᠭᠰᠢᠭᠦᠷᠢ᠎ᠶᠢ ᠰᠡᠷᠭᠡᠢᠯᠡᠬᠦ ᠵᠢᠯᠣᠭᠣᠳᠤᠮᠵᠢ》᠂《ᠳᠤᠮᠳᠠᠳᠤ ᠤᠯᠤᠰ᠎ᠤᠨ ᠠᠵᠤ ᠠᠬᠤᠢᠯᠡᠯ᠎ᠤᠨ ᠬᠢᠯᠢ ᠪᠡᠷ ᠭᠠᠷᠴᠤ ᠮᠣᠩᠭᠣᠯ ᠤᠯᠤᠰ ᠲᠦ᠍ ᠰᠠᠭᠤᠷᠢᠰᠢᠬᠤ ᠵᠢᠯᠣᠭᠣᠳᠤᠮᠵᠢ》᠂《ᠬᠥᠬᠡᠬᠣᠲᠠ᠎ᠶᠢᠨ ᠭᠠᠳᠠᠭᠠᠳᠤ᠎ᠳᠤ ᠬᠣᠯᠪᠣᠭᠳᠠᠬᠤ ᠬᠠᠤᠯᠢᠴᠢ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ ᠦ ᠵᠢᠯᠣᠭᠣᠳᠤᠮᠵᠢ》ᠵᠡᠷᠭᠡ《ᠭᠠᠳᠠᠭᠠᠳᠤ᠎ᠳᠤ ᠬᠣᠯᠪᠣᠭᠳᠠᠬᠤ +》 ᠠᠷᠪᠠᠨ ᠶᠡᠬᠡ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠦᠢᠯᠡᠳᠬᠦᠨ᠎ᠢ ᠨᠡᠢᠲᠡᠯᠡᠵᠦ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠵᠠᠬ᠎ᠠ ᠳᠡᠯᠭᠡᠭᠦᠷ᠎ᠦᠨ ᠭᠣᠣᠯ ᠴᠣᠭᠴᠠ᠎ᠳᠤ ᠨᠡᠢᠳᠬᠡᠭᠰᠡᠨ᠂ ᠳᠥᠭᠥᠮᠴᠢᠯᠡᠭᠰᠡᠨ᠂ ᠨᠠᠷᠢᠯᠢᠭ᠍ᠵᠢᠭᠤᠯᠤᠭᠰᠠᠨ ᠪᠥᠬᠥ ᠶᠠᠪᠤᠴᠠ᠎ᠶᠢᠨ ᠬᠠᠤᠯᠢ᠎ᠪᠠᠷ ᠵᠠᠰᠠᠬᠤ ᠦᠢᠯᠡᠴᠢᠯᠡᠭᠡ ᠬᠠᠩᠭᠠᠵᠤ᠂ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠰᠠᠨᠠᠭ᠎ᠠ ᠠᠮᠤᠷ ᠡᠵᠡᠩᠨᠡᠯᠲᠡ ᠬᠢᠵᠦ᠂ ᠰᠠᠨᠠᠭ᠎ᠠ ᠠᠮᠤᠷ ᠬᠥᠭᠵᠢᠬᠦ᠎ᠶᠢ ᠬᠠᠮᠠᠭᠠᠯᠠᠨ᠎ᠠ; ᠡᠭᠦᠨ᠎ᠦ ᠬᠠᠮᠲᠤ ᠭᠠᠳᠠᠭᠠᠳᠤ᠎ᠳᠤ ᠬᠣᠯᠪᠣᠭᠳᠠᠬᠤ ᠬᠠᠤᠯᠢ᠎ᠪᠠᠷ ᠵᠠᠰᠠᠬᠤ ᠤᠬᠠᠭᠤᠯᠭ᠎ᠠ᠎ᠶᠢᠨ ᠰᠠᠨᠠᠭᠠᠴᠢᠯᠠᠭ᠎ᠠ᠎ᠶᠢᠨ ᠪᠢᠴᠢᠭ ᠭᠠᠷᠭᠠᠵᠤ᠂ ᠥᠷᠭᠡᠨ ᠤᠯᠠᠨ ᠠᠵᠤ ᠠᠬᠤᠢᠯᠡᠯ᠎ᠤᠨ ᠬᠠᠤᠯᠢ ᠶᠣᠰᠣᠭᠠᠷ ᠲᠣᠭᠲᠠᠭᠠᠯ᠎ᠳᠤ ᠨᠡᠢᠴᠡᠭᠦᠯᠦᠨ ᠡᠵᠡᠩᠨᠡᠬᠦ᠂ ᠨᠡᠢᠭᠡᠮ᠎ᠦᠨ ᠡᠯ᠎ᠡ ᠡᠲᠡᠭᠡᠳ᠎ᠦᠨ ᠬᠢᠨ ᠭᠠᠳᠠᠭᠠᠳᠤ᠎ᠳᠤ ᠬᠣᠯᠪᠣᠭᠳᠠᠬᠤ ᠬᠠᠤᠯᠢ᠎ᠪᠠᠷ ᠵᠠᠰᠠᠬᠤ ᠪᠠᠢᠭᠤᠯᠤᠯᠲᠠ᠎ᠳᠤ ᠬᠠᠮᠲᠤ᠎ᠪᠠᠷ ᠣᠷᠣᠯᠴᠠᠬᠤ᠎ᠶᠢ ᠰᠠᠨᠠᠭᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃