2026-11-12 11:51:06
ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ 《ᠤᠳᠤᠷᠢᠳᠬᠤ ᠺᠠᠳ᠋ᠷ ᠳᠤᠭᠳᠠᠭᠠᠯ ᠡᠴᠡ ᠵᠦᠷᠢᠴᠡᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠬᠡᠷᠡᠭ ᠲᠤ᠌ ᠭᠠᠷ ᠲᠦᠷᠦᠭᠰᠡᠨ ᠢ᠋ ᠲᠡᠮᠳᠡᠭᠯᠡᠬᠦ ᠪᠠ ᠬᠠᠷᠢᠭᠤᠴᠠᠯᠭ᠎ᠠ ᠨᠡᠭᠡᠮᠵᠢᠯᠡᠬᠦ ᠳᠦᠷᠢᠮ》 ᠢ᠋ ᠳᠠᠷᠤᠮᠠᠯᠯᠠᠨ ᠲᠠᠷᠬᠠᠭᠠᠪᠠ᠃
ᠲᠤᠰ ᠳᠦᠷᠢᠮ ᠳ᠋ᠤ᠂ ᠤᠳᠤᠷᠢᠳᠬᠤ ᠺᠠᠳ᠋ᠷ ᠰᠠᠬᠢᠯᠭ᠎ᠠ ᠪᠠᠳᠤ ᠳᠦᠷᠢᠮ ᠪᠠ ᠬᠠᠤᠯᠢ ᠴᠠᠭᠠᠵᠠ ᠬᠠᠤᠯᠢ ᠳᠤᠭᠳᠠᠭᠠᠯ ᠢ᠋ ᠴᠢᠩᠭ᠎ᠠ ᠵᠢᠷᠦᠮᠯᠠᠵᠤ᠂ ᠤᠨᠴᠠ ᠡᠷᠬᠡ ᠶ᠋ᠢᠨ ᠦᠵᠡᠯ ᠰᠠᠨᠠᠭ᠎ᠠ ᠪᠠ ᠤᠨᠴᠠ ᠡᠷᠬᠡ ᠶ᠋ᠢᠨ ᠠᠵᠢᠯᠯᠠᠭ᠎ᠠ ᠶ᠋ᠢ ᠤᠬᠠᠮᠰᠠᠷ ᠡᠴᠡ ᠪᠡᠨ ᠡᠰᠡᠷᠭᠦᠴᠡᠨ᠂ ᠲᠦᠪ ᠭᠤᠤᠯᠴᠢ ᠪᠡᠷ ᠡᠷᠬᠡ ᠪᠡᠨ ᠬᠡᠷᠡᠭᠯᠡᠬᠦ᠂ ᠬᠠᠤᠯᠢ ᠶᠤᠰᠤᠭᠠᠷ ᠡᠷᠬᠡ ᠪᠡᠨ ᠬᠡᠷᠡᠭᠯᠡᠬᠦ᠂ ᠠᠷᠢᠭᠤᠨ ᠴᠢᠭᠡᠴᠢ ᠪᠡᠷ ᠡᠷᠬᠡ ᠪᠡᠨ ᠬᠡᠷᠡᠭᠯᠡᠬᠦ ᠶ᠋ᠢ ᠪᠠᠷᠢᠮᠳᠠᠯᠠᠵᠤ᠂ ᠡᠷᠬᠡ ᠲᠤᠰᠢᠶᠠᠯ ᠡᠴᠡ ᠪᠡᠨ ᠳᠠᠪᠠᠭᠤᠯᠤᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠬᠡᠷᠡᠭ ᠲᠤ᠌ ᠭᠠᠷ ᠲᠦᠷᠦᠵᠦ ᠪᠤᠯᠬᠤ ᠦᠭᠡᠢ᠂ ᠶᠠᠮᠠᠷᠪᠠ ᠬᠡᠯᠪᠡᠷᠢ ᠪᠡᠷ ᠬᠤᠯᠪᠤᠭᠳᠠᠯ ᠪᠦᠬᠦᠢ ᠠᠵᠤ ᠠᠬᠤᠢᠯᠠᠯ ᠪᠤᠶᠤ ᠬᠦᠮᠦᠰ ᠤ᠋ᠨ ᠡᠮᠦᠨ᠎ᠠ ᠡᠴᠡ ᠨᠠᠢᠷ ᠬᠠᠶᠠᠭᠤᠯᠬᠤ ᠦᠭᠡ ᠶᠠᠷᠢᠵᠤ ᠦᠭᠡ ᠳᠠᠮᠵᠢᠭᠤᠯᠵᠤ ᠪᠤᠯᠬᠤ ᠦᠭᠡᠢ ᠭᠡᠵᠦ ᠱᠠᠭᠠᠷᠳᠠᠵᠠᠢ᠃
ᠲᠤᠰ ᠳᠦᠷᠢᠮ ᠳ᠋ᠤ᠂ 6 ᠵᠦᠢᠯ ᠤ᠋ᠨ ᠳᠤᠭᠳᠠᠭᠠᠯ ᠡᠴᠡ ᠵᠦᠷᠢᠴᠡᠨ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠬᠡᠷᠡᠭ ᠲᠤ᠌ ᠭᠠᠷ ᠲᠦᠷᠦᠭᠰᠡᠨ ᠪᠠᠢᠳᠠᠯ ᠢ᠋ ᠲᠤᠳᠤᠷᠬᠠᠢᠯᠠᠵᠤ᠂ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠠᠵᠢᠯ ᠢ᠋ ᠳᠠᠭᠠᠭᠠᠴᠢᠯᠠᠨ ᠭᠦᠢᠴᠡᠳᠭᠡᠬᠦ ᠠᠵᠢᠯᠳᠠᠨ ᠡᠴᠡ ᠤᠳᠤᠷᠢᠳᠬᠤ ᠺᠠᠳ᠋ᠷ ᠤ᠋ᠨ ᠳᠤᠭᠳᠠᠭᠠᠯ ᠡᠴᠡ ᠵᠦᠷᠢᠴᠡᠨ ᠭᠠᠷ ᠲᠦᠷᠦᠭᠰᠡᠨ ᠵᠦᠢ ᠪᠤᠰᠤ ᠠᠵᠢᠯᠯᠠᠭ᠎ᠠ ᠶ᠋ᠢ ᠪᠦᠬᠦ ᠲᠠᠯ᠎ᠠ ᠪᠡᠷ ᠦᠨᠡᠨ ᠪᠤᠳᠠᠳᠠᠢ ᠪᠡᠷ ᠲᠡᠮᠳᠡᠭᠯᠡᠬᠦ ᠶ᠋ᠢᠨ ᠬᠠᠮᠳᠤ ᠴᠠᠭ ᠲᠤᠬᠠᠢ ᠳ᠋ᠤᠨᠢ ᠳᠡᠭᠡᠭᠰᠢ ᠮᠡᠳᠡᠭᠦᠯᠬᠦ ᠬᠡᠷᠡᠭᠳᠠᠢ᠂ ᠶᠠᠮᠠᠷᠪᠠ ᠨᠢᠭᠡᠴᠢ ᠪᠠ ᠬᠤᠪᠢ ᠬᠦᠮᠦᠨ ᠲᠤᠬᠠᠢ ᠶ᠋ᠢᠨ ᠠᠵᠢᠯᠳᠠᠨ ᠳ᠋ᠤ ᠴᠤᠬᠢᠯᠳᠠ ᠦᠭᠴᠤ ᠬᠠᠷᠢᠭᠤ ᠠᠪᠬᠤ ᠠᠵᠢᠯᠯᠠᠭ᠎ᠠ ᠠᠪᠴᠤ ᠪᠤᠯᠬᠤ ᠦᠭᠡᠢ ᠭᠡᠵᠦ ᠱᠠᠭᠠᠷᠳᠠᠪᠠ᠃ ᠡᠭᠦᠨ ᠳ᠋ᠤ ᠬᠦᠩᠭᠡᠪᠳᠦᠷ ᠪᠠᠢᠳᠠᠯ ᠲᠠᠢ ᠶ᠋ᠢ ᠨᠢ ᠰᠢᠭᠦᠮᠵᠢᠯᠡᠨ ᠰᠤᠷᠭᠠᠬᠤ᠂ ᠰᠠᠨᠠᠭᠤᠯᠤᠨ ᠶᠠᠷᠢᠯᠴᠠᠬᠤ᠂ ᠪᠠᠢᠴᠠᠭᠠᠯᠳᠠ ᠶ᠋ᠢᠨ ᠪᠢᠴᠢᠭ ᠳᠡᠪᠰᠢᠭᠦᠯᠬᠦ ᠪᠤᠶᠤ ᠤᠯᠠᠨ ᠳ᠋ᠤ ᠵᠠᠷᠯᠠᠬᠤ ᠠᠷᠭ᠎ᠠ ᠠᠪᠴᠤ᠂ ᠮᠠᠭᠤ ᠨᠦᠯᠦᠭᠡ ᠦᠵᠡᠭᠦᠯᠦᠭᠰᠡᠨ ᠪᠤᠶᠤ ᠬᠦᠨᠳᠤ ᠬᠡᠴᠡᠭᠦᠦ ᠦᠷ᠎ᠠ ᠳ᠋ᠦᠩ ᠳ᠋ᠤ ᠬᠦᠷᠭᠡᠭᠰᠡᠨ ᠪᠤᠯ ᠬᠤᠯᠪᠤᠭᠳᠠᠯ ᠪᠦᠬᠦᠢ ᠳᠤᠭᠳᠠᠭᠠᠯ ᠶᠤᠰᠤᠭᠠᠷ ᠨᠠᠮ ᠤ᠋ᠨ ᠰᠠᠬᠢᠯᠭ᠎ᠠ ᠪᠠᠳᠤ ᠶ᠋ᠢᠨ ᠰᠢᠢᠳᠭᠡᠯ ᠪᠠ ᠵᠠᠰᠠᠭ ᠤ᠋ᠨ ᠶᠠᠪᠤᠳᠠᠯ ᠤ᠋ᠨ ᠰᠢᠢᠳᠭᠡᠯ ᠤᠯᠭᠤᠨ᠎ᠠ᠃ ᠲᠡᠮᠳᠡᠭᠯᠡᠯ ᠬᠢᠭᠰᠡᠨ ᠦᠭᠡᠢ ᠪᠤᠶᠤ ᠦᠨᠡᠨ ᠪᠤᠳᠠᠳᠠᠢ ᠲᠡᠮᠳᠡᠭᠯᠡᠭᠰᠡᠨ ᠦᠭᠡᠢ᠂ ᠳᠤᠭᠳᠠᠭᠠᠯ ᠡᠴᠡ ᠵᠦᠷᠢᠴᠡᠨ ᠬᠤᠯᠪᠤᠭᠳᠠᠯ ᠪᠦᠬᠦᠢ ᠠᠵᠢᠯ ᠤ᠋ᠨ ᠮᠡᠳᠡᠭᠡ ᠵᠠᠩᠬᠢ ᠶ᠋ᠢ ᠯᠡᠪᠡᠷᠡᠭᠦᠯᠦᠭᠰᠡᠨ ᠪᠤᠶᠤ ᠬᠠᠪᠰᠤᠷᠤᠮᠵᠢ ᠦᠵᠡᠭᠦᠯᠦᠭᠰᠡᠨ ᠪᠤᠯ ᠳᠤᠭᠳᠠᠭᠠᠯ ᠶᠤᠰᠤᠭᠠᠷ ᠰᠠᠬᠢᠯᠭ᠎ᠠ ᠪᠠᠳᠤ ᠶᠤᠰᠤᠭᠠᠷ ᠬᠠᠷᠢᠭᠤᠴᠠᠯᠭ᠎ᠠ ᠨᠡᠭᠡᠮᠵᠢᠯᠡᠨ᠎ᠠ᠃ ᠬᠤᠯᠪᠤᠭᠳᠠᠯ ᠪᠦᠬᠦᠢ ᠪᠠᠢᠳᠠᠯ ᠢ᠋ ᠨᠠᠮ ᠤ᠋ᠨ ᠰᠤᠷᠳᠠᠯ ᠴᠢᠭᠡᠴᠢ ᠵᠠᠰᠠᠭ ᠤ᠋ᠨ ᠪᠠᠢᠭᠤᠯᠤᠯᠳᠠ ᠶ᠋ᠢᠨ ᠡᠳᠦᠷ ᠲᠤᠳᠤᠮ ᠤ᠋ᠨ ᠬᠢᠨᠠᠯᠳᠠ ᠬᠠᠮᠢᠶᠠᠷᠤᠯᠳᠠ ᠶ᠋ᠢᠨ ᠭᠤᠤᠯ ᠠᠭᠤᠯᠭ᠎ᠠ ᠳ᠋ᠤ ᠤᠷᠤᠭᠤᠯᠵᠤ᠂ ᠺᠠᠳ᠋ᠷ ᠤ᠋ᠨ ᠡᠩ ᠤ᠋ᠨ ᠦᠶᠡᠰ ᠤ᠋ᠨ ᠠᠵᠢᠯ ᠤ᠋ᠨ ᠪᠦᠲᠦᠮᠵᠢ ᠵᠢᠴᠢ ᠤᠨ ᠤ᠋ ᠠᠵᠢᠯ ᠤ᠋ᠨ ᠪᠦᠲᠦᠮᠵᠢ ᠶ᠋ᠢ ᠰᠢᠯᠭᠠᠨ ᠦᠨᠡᠯᠡᠬᠦ ᠴᠢᠬᠤᠯᠠ ᠦᠨᠳᠦᠰᠦᠯᠡᠯ ᠪᠤᠯᠭᠠᠨ᠎ᠠ ᠬᠡᠵᠤ ᠲᠤᠭᠳᠠᠭᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃