ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-11-16 14:05:04

ᠵᠣᠬᠢᠶᠠᠭ᠍ᠴᠢ᠄ ᠰᠢᠨᠡᠪᠢᠯᠢᠭ ᠣᠩᠱᠢᠭ᠍ᠰᠠᠨ ᠣᠳᠠᠭ᠎ᠠ᠄ 3

— ᠲᠤᠢᠭ ᠰᠢᠯᠢ᠎ᠳᠡᠬᠢ ᠬᠢᠯᠢ᠎ᠶᠢᠨ ᠲᠤᠮᠢᠯᠠᠭᠰᠠᠨ ᠰᠠᠯᠪᠤᠷᠢ᠎ᠶᠢᠨ ᠬᠢᠯᠢ᠎ᠵᠢ ᠬᠦᠴᠦᠷᠬᠡᠭᠵᠢᠭᠦᠯᠵᠦ ᠰᠡᠷᠭᠡᠢᠯᠡᠯᠲᠡ᠎ᠵᠢ ᠪᠡᠬᠢᠵᠢᠭᠦᠯᠦᠭᠰᠡᠨ ᠳᠡᠮᠳᠡᠭᠯᠡᠯ

              

ᠠᠯᠠᠱᠠ᠎ᠶᠢᠨ ᠬᠢᠯᠢ᠎ᠶᠢᠨ ᠬᠠᠮᠢᠶᠠᠷᠤᠯᠲᠠ᠎ᠶᠢᠨ ᠰᠠᠯᠪᠤᠷᠢ ᠠᠩᠭᠢ᠎ᠶᠢᠨ ᠲᠤᠢᠭ ᠰᠢᠯᠢ᠎ᠳᠡᠬᠢ ᠬᠢᠯᠢ᠎ᠶᠢᠨ ᠲᠣᠮᠢᠯᠠᠭᠰᠠᠨ ᠰᠠᠯᠪᠤᠷᠢ ᠡᠵᠡᠨ᠎ᠡ ᠬᠣᠰᠢᠭᠤᠨ᠎ᠳᠤ ᠪᠠᠢᠷᠢᠯᠠᠵᠤ᠂ 9400 ᠲᠡᠭᠰᠢ ᠳᠥᠷᠪᠡᠯᠵᠢᠨ ᠺᠢᠯᠤᠮᠸᠲᠷ ᠲᠠᠯᠠᠪᠠᠢ ᠪᠦᠬᠦᠢ 41.145 ᠺᠢᠯᠤᠮᠸᠲᠷ᠎ᠤᠨ ᠬᠢᠯᠢ᠎ᠶᠢᠨ ᠱᠤᠭᠤᠮ᠎ᠢ ᠬᠠᠮᠤᠷᠴᠤ᠂ ᠡᠨᠳᠡ ᠰᠠᠯᠬᠢ ᠰᠢᠭᠤᠷᠭ᠎ᠠ ᠶᠡᠬᠡᠲᠡᠢ᠂ ᠬᠥᠮᠥᠨ ᠬᠠᠷ᠎ᠠ ᠴᠥᠭᠡᠨ ᠪᠠᠢᠵᠤ᠂《ᠠᠮᠢ ᠨᠠᠰᠤᠨ᠎ᠤ ᠬᠣᠷᠢᠭᠠᠲᠤ ᠣᠷᠣᠨ》 ᠬᠡᠮᠡᠭᠳᠡᠳᠡᠭ᠃ ᠡᠨᠡ ᠬᠦ᠌ ᠠᠲᠠᠷᠰᠢᠭ᠍ᠰᠠᠨ ᠭᠣᠪᠢ ᠨᠤᠲᠤᠭ᠎ᠲᠤ᠂ ᠦᠶ᠎ᠡ ᠦᠶ᠎ᠡ᠎ᠶᠢᠨ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠴᠠᠭᠳᠠᠭ᠎ᠠ ᠭᠣᠪᠢ ᠨᠤᠲᠤᠭ᠎ᠲᠤ ᠦᠨᠳᠦᠰᠤᠯᠠᠵᠤ᠂ ᠤᠭ ᠰᠠᠨᠠᠭ᠎ᠠ᠎ᠪᠠᠨ ᠪᠠᠲᠤ ᠰᠠᠬᠢᠵᠤ᠂ ᠦᠨᠡᠨᠴᠢ ᠰᠢᠳᠤᠷᠭᠤ᠎ᠪᠠᠷ ᠬᠢᠯᠢ ᠬᠢᠵᠠᠭᠠᠷ᠎ᠤᠨ ᠠᠮᠤᠷ ᠠᠮᠤᠭᠤᠯᠠᠩ᠎ᠢ ᠬᠠᠮᠠᠭᠠᠯᠠᠵᠤ᠂ ᠬᠠᠯᠠᠭᠤᠨ ᠰᠡᠳᠬᠢᠯᠭᠡ᠎ᠪᠡᠷ ᠬᠢᠯᠢ ᠬᠢᠵᠠᠭᠠᠷ᠎ᠤᠨ ᠤᠯᠠᠨ ᠲᠦᠮᠡᠨ᠎ᠢ ᠬᠠᠮᠠᠭᠠᠯᠠᠵᠤ᠂ ᠬᠢᠯᠢ ᠬᠢᠵᠠᠭᠠᠷ᠎ᠢ ᠰᠠᠬᠢᠵᠤ ᠬᠢᠯᠢ ᠬᠢᠵᠠᠭᠠᠷ᠎ᠢ ᠪᠡᠬᠢᠵᠢᠭᠦᠯᠬᠦ᠂ ᠠᠷᠠᠳ᠎ᠢᠶᠠᠨ ᠬᠠᠢᠷᠠᠯᠠᠵᠤ ᠠᠷᠠᠳ᠎ᠤᠨ ᠲᠥᠯᠦᠭᠡ ᠵᠢᠳᠭᠦᠬᠦ ᠰᠡᠳᠬᠢᠯ ᠬᠥᠳᠡᠯᠭᠡᠮ᠎ᠡ ᠢᠷᠠᠭᠤ ᠳᠠᠭᠤᠯᠠᠯ᠎ᠢ ᠪᠢᠴᠢᠭᠯᠡᠪᠡ᠃



1971 ᠣᠨ᠎ᠳᠤ ᠲᠤᠢᠭ ᠰᠢᠯᠢ᠎ᠳᠡᠬᠢ ᠬᠢᠯᠢ᠎ᠶᠢᠨ ᠲᠣᠮᠢᠯᠠᠭᠰᠠᠨ ᠰᠠᠯᠪᠤᠷᠢ ᠪᠠᠢᠭᠤᠯᠤᠭᠳᠠᠭᠰᠠᠨ᠎ᠡᠴᠡ ᠨᠠᠭᠠᠰᠢ᠂ ᠦᠶ᠎ᠡ ᠦᠶ᠎ᠡ᠎ᠶᠢᠨ ᠬᠢᠯᠢ᠎ᠶᠢᠨ ᠬᠠᠮᠠᠭᠠᠯᠠᠯᠲᠠ᠎ᠶᠢᠨ ᠠᠷᠠᠳ᠎ᠤᠨ ᠴᠠᠭᠳᠠᠭ᠎ᠠ ᠲᠤᠢᠯ᠎ᠦᠨ ᠮᠠᠭᠤ ᠪᠠᠢᠭᠠᠯᠢ᠎ᠶᠢᠨ ᠣᠷᠴᠢᠨ ᠲᠣᠭᠣᠷᠢᠨ᠂ ᠪᠡᠷᠬᠡ ᠬᠠᠳᠠᠭᠤᠵᠢᠯᠳᠠᠢ  ᠠᠮᠢᠳᠤᠷᠠᠯ᠎ᠤᠨ ᠨᠥᠬᠥᠴᠡᠯ᠎ᠳᠤ ᠬᠠᠨᠳᠤᠨ᠂《ᠬᠠᠮᠤᠭ᠎ᠤᠨ ᠬᠣᠯᠠ ᠬᠠᠮᠤᠭ᠎ᠤᠨ ᠬᠦᠴᠢᠷ ᠬᠠᠮᠤᠭ᠎ᠤᠨ ᠦᠨᠡᠨᠴᠢ ᠰᠢᠳᠤᠷᠭᠤ᠂ ᠨᠠᠮ᠎ᠢᠶᠠᠨ ᠬᠠᠢᠷᠠᠯᠠᠬᠤ ᠠᠷᠠᠳ᠎ᠢᠶᠠᠨ ᠬᠠᠢᠷᠠᠯᠠᠬᠤ ᠬᠢᠯᠢ ᠬᠢᠵᠠᠭᠠᠷ᠎ᠢᠶᠠᠨ ᠬᠠᠢᠷᠠᠯᠠᠬᠤ》ᠬᠢᠯᠢ᠎ᠵᠢᠨ ᠬᠠᠮᠠᠭᠠᠯᠠᠯᠳᠠ ᠵᠢᠨ ᠵᠣᠷᠢᠭ᠋ ᠰᠠᠨᠠᠭ᠎ᠠ᠎ᠵᠢ ᠤᠯᠠᠮᠵᠢᠯᠠᠨ ᠪᠠᠳᠠᠷᠠᠭᠤᠯᠵᠤ᠂ ᠤᠯᠤᠰ᠎ᠤᠨ ᠲᠥᠯᠥᠭᠡ ᠬᠢᠯᠢ ᠬᠢᠵᠠᠭᠠᠷ᠎ᠢ ᠰᠠᠬᠢᠬᠤ᠂ ᠠᠷᠠᠳ ᠲᠦᠮᠡᠨ᠎ᠳᠦ ᠦᠢᠯᠡᠴᠢᠯᠡᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠨ᠂  ᠭᠤᠪᠢ ᠴᠦᠯ᠎ᠳᠦ ᠦᠨᠳᠦᠰᠦᠯᠡᠵᠦ᠂ ᠲᠡᠰᠪᠦᠷᠢ ᠬᠠᠲᠠᠭᠤᠵᠢᠯᠲᠠᠢ᠎ᠪᠠᠷ ᠲᠡᠮᠡᠴᠡᠵᠦ᠂ ᠭᠤᠶᠠᠴᠢ ᠦᠬᠡᠢ ᠬᠤᠪᠢ ᠨᠡᠮᠡᠷᠢ ᠦᠵᠡᠬᠦᠯᠦᠨ᠂ ᠡᠯ᠎ᠡ ᠵᠦᠢᠯ᠎ᠦᠨ ᠬᠢᠯᠢ᠎ᠶᠢᠨ ᠬᠠᠮᠠᠭᠠᠯᠠᠯᠳᠠ ᠰᠡᠷᠭᠡᠢᠯᠡᠯᠲᠡ᠂ ᠬᠢᠯᠢ᠎ᠶᠢᠨ ᠬᠠᠮᠢᠶᠠᠷᠤᠯᠲᠠ ᠡᠵᠡᠮᠳᠡᠯ᠂ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠤᠯᠤᠰ᠎ᠤᠨ ᠡᠷᠬᠡ ᠮᠡᠳᠡᠯ ᠠᠮᠤᠷ ᠲᠦᠪᠰᠢᠨ᠎ᠢ ᠡᠷᠡᠰ ᠬᠠᠮᠠᠭᠠᠯᠠᠵᠦ᠂ ᠬᠢᠯᠢ ᠬᠢᠵᠠᠭᠠᠷ ᠣᠷᠣᠨ᠎ᠤ ᠡᠶ᠎ᠡ ᠵᠤᠬᠢᠴᠠᠩᠭᠤᠢ ᠪᠠ ᠲᠣᠭᠲᠠᠭᠤᠨ ᠪᠠᠢᠳᠠᠯ᠎ᠢ ᠪᠦᠬᠦ ᠬᠦᠴᠦᠨ᠎ᠢᠶᠡᠷ᠎ᠢᠶᠡᠨ ᠬᠠᠮᠠᠭᠠᠯᠠᠨ᠂ ᠬᠢᠯᠢ ᠬᠢᠵᠠᠭᠠᠷ᠎ᠤᠨ ᠦᠨᠳᠦᠰᠦᠲᠡᠨ᠎ᠦ ᠪᠦᠯᠬᠦᠮᠳᠡᠯ ᠪᠠ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠪᠡ᠃

ᠭᠤᠪᠢ ᠨᠤᠳᠤᠭ᠎ᠲᠦ ᠬᠦᠨ ᠦᠨᠳᠦᠰᠦᠯᠡᠨ ᠤᠭ ᠰᠠᠨᠠᠭ᠎ᠠ᠎ᠪᠠᠨ ᠦᠢᠯᠡᠳᠦᠯᠭᠡᠵᠢᠭᠦᠯᠵᠦ ᠠᠷᠠᠳ᠎ᠤᠨ ᠰᠡᠳᠭᠢᠯ᠎ᠢ ᠳᠤᠯᠠᠭᠠᠴᠠᠭᠤᠯᠤᠨ᠎ᠠ

ᠲᠤᠢᠭ ᠰᠢᠯᠢ᠎ᠳᠡᠬᠢ ᠬᠢᠯᠢ᠎ᠶᠢᠨ ᠬᠠᠮᠢᠶᠠᠷᠤᠯᠲᠠ᠎ᠶᠢᠨ ᠣᠷᠣᠨ᠎ᠤ ᠭᠠᠵᠠᠷ ᠨᠤᠲᠤᠭ ᠥᠷᠭᠡᠨ ᠠᠭᠤᠳᠠᠮ᠂ 《30 ᠺᠢᠯᠦᠮᠸᠲᠷ᠎ᠤᠨ ᠵᠠᠢᠲᠠᠢ ᠬᠥᠷᠰᠢᠯᠡᠵᠦ᠂ 50 ᠺᠢᠯᠦᠮᠸᠲᠷ ᠵᠠᠢᠲᠠᠢ ᠠᠢᠯ᠎ᠢᠶᠠᠷ ᠲᠣᠭᠣᠷᠢᠬᠤ》ᠪᠣᠯ ᠲᠤᠬᠠᠢ᠎ᠶᠢᠨ ᠭᠠᠵᠠᠷ᠎ᠤᠨ ᠬᠠᠮᠤᠭ᠎ᠤᠨ ᠦᠨᠡᠨ ᠪᠣᠳᠠᠲᠠᠢ ᠠᠮᠢᠳᠤᠷᠠᠯ᠎ᠤᠨ ᠵᠢᠷᠤᠭᠯᠠᠯ ᠪᠣᠯᠣᠨ᠎ᠠ᠃ ᠥᠷᠭᠡᠨ ᠠᠭᠤᠳᠠᠮ ᠭᠣᠪᠢ ᠨᠤᠲᠤᠭ᠎ᠲᠤ᠂ ᠵᠦᠪᠬᠡᠨ 28 ᠡᠷᠦᠬᠡ᠂ 60 ᠭᠠᠷᠤᠢ ᠮᠠᠯᠴᠢᠨ ᠲᠠᠷᠠᠬᠠᠢ ᠪᠤᠲᠠᠷᠬᠠᠢ ᠰᠠᠭᠤᠷᠢᠰᠢᠵᠤ᠂ ᠠᠷᠠᠳ᠎ᠤᠨ ᠴᠠᠭᠳᠠᠭ᠎ᠠ ᠡᠷᠦᠬᠡ᠎ᠳᠤ ᠤᠷᠤᠵᠤ ᠨᠢᠭᠡ ᠤᠳᠠᠭ᠎ᠠ ᠠᠰᠠᠭᠤᠨ  ᠰᠤᠷᠪᠤᠯᠵᠢᠯᠠᠬᠤ᠎ᠳᠤ ᠶᠡᠷᠦ ᠨᠢ ᠨᠢᠭᠡ ᠡᠳᠦᠷ᠎ᠦᠨ ᠴᠠᠭ ᠵᠠᠷᠤᠴᠠᠭᠤᠯᠳᠠᠭ᠃ ᠲᠣᠮᠢᠯᠠᠭᠰᠠᠨ ᠰᠠᠯᠪᠤᠷᠢ᠎ᠶᠢᠨ ᠪᠥᠬᠥ ᠴᠠᠭᠳᠠᠭ᠎ᠠ ᠠᠷᠠᠳ ᠲᠦᠮᠡᠨ᠎ᠢ ᠳᠡᠭᠡᠳᠦᠯᠡᠬᠦ ᠣᠢᠯᠠᠭᠠᠭᠳᠠᠬᠤᠨ᠎ᠢ ᠢᠮᠠᠭᠲᠠ ᠪᠠᠷᠢᠮᠲᠠᠯᠠᠵᠤ᠂ ᠡᠷᠡᠭᠦᠯ ᠬᠠᠮᠠᠭᠠᠯᠠᠭ᠍ᠴᠢ᠂ ᠠᠮᠤᠷ᠎ᠢ ᠬᠠᠮᠠᠭᠠᠯᠠᠭ᠍ᠴᠢ᠂ ᠰᠢᠤᠳᠠᠨ ᠬᠦᠷᠭᠡᠭᠴᠢ᠂ ᠪᠠᠷᠠᠭ᠎ᠠ ᠬᠤᠳᠠᠯᠳᠤᠭ᠍ᠴᠢ᠂ ᠤᠬᠠᠭᠤᠯᠤᠭ᠍ᠴᠢ ᠵᠡᠷᠭᠡ ᠣᠯᠠᠨ ᠳᠠᠪᠬᠤᠷ ᠪᠡᠶ᠎ᠡ᠎ᠶᠢᠨ ᠭᠠᠷᠤᠯ᠎ᠲᠠᠢ ᠪᠠᠢᠵᠤ᠂ ᠮᠠᠯᠴᠢᠳ᠎ᠤᠨ ᠦᠢᠯᠡᠳᠪᠦᠷᠢᠯᠡᠯ ᠠᠮᠢᠳᠤᠷᠠᠯ᠎ᠤᠨ ᠬᠦᠴᠢᠷ ᠠᠰᠠᠭᠤᠳᠠᠯ᠎ᠢ ᠪᠥᠬᠥ ᠲᠠᠯ᠎ᠠ᠎ᠪᠠᠷ ᠰᠢᠢᠳᠪᠦᠷᠢᠯᠡᠵᠦ᠂ ᠭᠣᠪᠢ ᠨᠤᠲᠤᠭ᠎ᠲᠤ ᠡᠪᠳᠡᠷᠡᠰᠢ ᠦᠭᠡᠢ ᠪᠠᠲᠤ ᠪᠡᠬᠢ ᠴᠠᠭᠳᠠᠭ᠎ᠠ ᠠᠷᠠᠳ᠎ᠤᠨ ᠰᠡᠳᠬᠢᠯ᠎ᠢ ᠬᠣᠯᠪᠣᠬᠤ ᠬᠥᠭᠥᠷᠭᠡ᠎ᠶᠢ ᠪᠠᠢᠭᠤᠯᠪᠠ᠃

ᠰᠢᠨ᠎ᠡ ᠴᠠᠭ ᠦᠶ᠎ᠡ᠎ᠶᠢᠨ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠠᠵᠢᠯ᠎ᠢ ᠭᠦᠨᠵᠡᠭᠡᠢ ᠠᠬᠢᠭᠤᠯᠬᠤ᠎ᠶᠢ ᠳᠠᠭᠠᠯᠳᠤᠨ᠂ ᠲᠣᠮᠢᠯᠠᠭᠰᠠᠨ ᠰᠠᠯᠪᠤᠷᠢ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠵᠤ᠂ ᠦᠢᠯᠡᠴᠢᠯᠡᠭᠡᠨ᠎ᠦ ᠵᠠᠭᠪᠤᠷ᠎ᠢᠶᠠᠨ ᠰᠢᠨᠡᠴᠢᠯᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠠᠷᠠᠳ᠎ᠢ ᠪᠠᠶᠠᠵᠢᠭᠤᠯᠤᠨ ᠣᠷᠣᠯᠭ᠎ᠠ᠎ᠶᠢ ᠨᠢ ᠨᠡᠮᠡᠭᠳᠡᠭᠦᠯᠬᠦ᠎ᠳᠦ  ᠬᠦᠴᠦᠨ ᠨᠡᠮᠡᠷᠢᠯᠡᠪᠡ᠃ ᠠᠷᠠᠳ᠎ᠤᠨ ᠴᠠᠭᠳᠠᠭ᠎ᠠ ᠬᠠᠷᠢᠶ᠎ᠠ  ᠣᠷᠣᠨ᠎ᠤ ᠮᠠᠯᠴᠢᠨ ᠬᠠᠰᠴᠢᠯᠠᠭᠤ᠎ᠶᠢ ᠬᠠᠪᠰᠤᠷᠤᠨ ᠰᠦᠯᠵᠢᠶᠡᠨ ᠤ᠋  ᠳᠡᠯᠭᠡᠭᠦᠷ ᠨᠡᠭᠡᠭᠡᠵᠦ᠂ ᠭᠣᠪᠢ ᠨᠤᠲᠤᠭ᠎ᠤᠨ ᠬᠠᠴᠢᠨ ᠴᠢᠯᠠᠭᠤ᠎ᠶᠢ ᠪᠣᠷᠣᠯᠠᠭᠤᠯᠵᠤ᠂ ᠰᠦᠯᠵᠢᠶᠡᠨ ᠤ᠋ ᠳᠡᠯᠭᠡᠭᠦᠷ ᠨᠢ ᠡᠵᠨᠨᠭᠨᠡᠯᠲᠡ ᠬᠢᠬᠡᠳ ᠨᠢᠭᠡ ᠰᠠᠷ᠎ᠠ ᠪᠣᠯᠣᠭ᠎ᠠ ᠦᠭᠡᠢ᠎ᠪᠡᠷ 28 ᠵᠠᠬᠢᠶᠠᠯᠠᠭ᠎ᠠ᠎ᠶᠢᠨ ᠬᠠᠭᠤᠳᠠᠰᠤ ᠲᠤᠰᠴᠤ᠂ ᠡᠵᠡᠩᠨᠡᠯᠲᠡ᠎ᠶᠢᠨ ᠵᠤᠭᠤᠰ ᠤ᠋ᠨ ᠲᠤᠭ᠎ᠠ ᠨᠢ 4000 ᠭᠠᠷᠤᠢ ᠲᠥᠭᠥᠷᠢᠭ᠎ᠲᠦ ᠬᠦᠷᠴᠡᠢ᠃

ᠣᠯᠠᠨ ᠵᠢᠯ᠎ᠦᠨ ᠲᠤᠷᠰᠢ᠂ ᠲᠣᠮᠢᠯᠠᠭᠰᠠᠨ ᠰᠠᠯᠪᠤᠷᠢ᠎ᠶᠢᠨ ᠠᠷᠠᠳ᠎ᠤᠨ ᠴᠠᠭᠳᠠᠭ᠎ᠠ ᠠᠷᠠᠳ᠎ᠤᠨ ᠠᠮᠢᠳᠤᠷᠠᠯ᠎ᠤᠨ ᠦᠢᠯᠡᠴᠢᠯᠡᠭᠡᠨ᠎ᠦ ᠨᠢᠭᠡᠳᠦᠭᠡᠷ ᠹᠷᠣᠨᠲ᠎ᠲᠤ ᠭᠦᠨᠵᠡᠭᠡᠢᠷᠡᠵᠦ᠂ ᠨᠡᠶ᠋ᠢᠲᠡ 40 ᠭᠠᠷᠤᠢ ᠺᠢᠯᠣᠮᠧᠲᠷ《ᠠᠷᠠᠳ᠎ᠢ ᠬᠠᠢᠷᠠᠯᠠᠬᠤ ᠵᠠᠮ》 ᠵᠠᠰᠠᠵᠤ᠂ 《ᠬᠠᠢᠷ᠎ᠠ ᠬᠠᠯᠠᠮᠵᠢ᠎ᠶᠢᠨ ᠬᠤᠳᠳᠤᠭ》 ᠢ᠋ 7 ᠮᠠᠯᠲᠠᠵᠤ᠂ ᠠᠷᠠᠳ᠎ᠢᠶᠠᠨ ᠬᠠᠢᠷᠠᠯᠠᠬᠤ ᠡᠮᠴᠢᠯᠡᠭᠡᠨ᠎ᠦ ᠲᠠᠰᠤᠭ᠂ ᠠᠷᠠᠳ᠎ᠲᠤ ᠲᠥᠬᠥᠮ ᠦᠵᠡᠭᠦᠯᠬᠦ ᠳᠡᠯᠭᠡᠭᠦᠷ᠂ ᠠᠷᠠᠳ᠎ᠤᠨ ᠲᠣᠰᠣ᠌ ᠨᠡᠮᠡᠬᠦ ᠥᠷᠲᠡᠭᠡ᠎ᠶᠢ ᠵᠠᠯᠭᠠᠭ᠎ᠠ᠎ᠪᠠᠷ ᠪᠠᠢᠭᠤᠯᠵᠤ᠂ 《ᠴᠠᠭᠳᠠᠭ᠎ᠠ ᠠᠷᠠᠳ᠎ᠤᠨ ᠰᠢᠤᠳᠠᠨ᠎ᠤ ᠵᠠᠮ》 ᠢ᠋ ᠨᠡᠪᠲᠡᠷᠡᠭᠦᠯᠦᠨ᠂ ᠬᠢᠯᠢ ᠬᠢᠵᠠᠭᠠᠷ᠎ᠤᠨ ᠠᠷᠠᠳ᠎ᠤᠨ ᠠᠮᠢᠳᠤᠷᠠᠯ᠎ᠤᠨ ᠳᠤᠲᠠᠭᠤᠳᠠᠯ ᠲᠠᠢ ᠲᠠᠯ᠎ᠠ ᠵᠢ  ᠨᠥᠬᠥᠪᠦᠷᠢᠯᠡᠪᠡ᠃ ᠮᠠᠯᠴᠢᠳ᠎ᠤᠨ ᠡᠪᠡᠳᠴᠢᠨ ᠦᠵᠡᠭᠦᠯᠬᠦ ᠡᠮ ᠬᠦᠷᠭᠡᠬᠦ᠂ ᠵᠠᠬᠢᠳᠠᠯ ᠴᠢᠮᠡᠭᠡ ᠬᠦᠷᠭᠡᠬᠦ᠎ᠶᠢ 700 ᠭᠠᠷᠤᠢ ᠬᠦᠮᠦᠨ ᠤᠳᠠᠭ᠎ᠠ ᠪᠡᠶᠡᠯᠡᠬᠦᠯᠵᠦ᠂ 40 ᠭᠠᠷᠤᠢ ᠲᠦᠮᠡᠨ ᠲᠥᠭᠥᠷᠢᠭ᠎ᠤᠨ ᠡᠯ᠎ᠡ ᠲᠥᠷᠥᠯ᠎ᠦᠨ ᠡᠳᠦᠷ ᠲᠤᠲᠤᠮ᠎ᠤᠨ ᠬᠡᠷᠡᠭᠰᠡᠯ᠎ᠢ ᠣᠷᠣᠯᠠᠨ ᠬᠤᠳᠠᠯᠳᠤᠨ ᠠᠪᠴᠤ ᠦᠭᠴᠦ᠂ ᠬᠦᠨᠳᠦ ᠲᠦᠭᠰᠢᠭᠦᠷᠢᠲᠡᠢ ᠡᠪᠡᠳᠴᠢᠲᠡᠨ᠎ᠢ 90 ᠭᠠᠷᠤᠢ ᠬᠥᠮᠥᠨ ᠤᠳᠠᠭ᠎ᠠ ᠪᠠᠴᠢᠮ ᠠᠪᠤᠷᠠᠵᠤ᠂ ᠮᠠᠯᠴᠢᠳ᠎ᠢ ᠬᠠᠪᠰᠤᠷᠤᠨ ᠬᠣᠨᠢ ᠢᠮᠠᠭ᠎ᠠ ᠲᠡᠮᠡᠭᠡᠨ ᠨᠣᠣᠰᠣ᠌᠎ᠵᠢ 4000 ᠭᠠᠷᠤᠢ ᠺᠢᠯᠣᠭ᠌ᠷᠠᠮ ᠬᠤᠷᠢᠶᠠᠪᠠ ᠁ ᠠᠯᠢ ᠤᠯᠠᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠂ ᠰᠡᠳᠬᠢᠯ᠎ᠢ ᠳᠤᠯᠠᠭᠠᠴᠡᠭᠤᠯᠤᠮ᠎ᠠ ᠠᠷᠭ᠎ᠠ ᠬᠡᠮᠵᠢᠶ᠎ᠡ᠎ᠨᠦᠭᠦᠳ ᠨᠢ ᠲᠣᠮᠢᠯᠠᠭᠰᠠᠨ ᠰᠠᠯᠪᠤᠷᠢ᠎ᠶᠢ ᠭᠣᠪᠢ᠎ᠶᠢᠨ ᠮᠠᠯᠴᠢᠳ᠎ᠤᠨ ᠬᠠᠮᠤᠭ᠎ᠤᠨ ᠪᠠᠲᠤ ᠴᠢᠩᠭ᠎ᠠ ᠲᠦᠰᠢᠭ ᠲᠤᠯᠭᠠᠭᠤᠷᠢ ᠪᠣᠯᠭᠠᠵᠤ᠂ ᠣᠯᠠᠨ ᠲᠦᠮᠡᠨ᠎ᠳ᠋ᠡᠬᠡᠨ《ᠡᠵᠢ ᠲᠣᠮᠢᠯᠠᠭᠰᠠᠨ ᠰᠠᠯᠪᠤᠷᠢ》ᠬᠡᠮᠡᠨ ᠳᠣᠲᠣᠨᠣᠴᠢᠯᠠᠭᠳᠠᠪᠠ᠃

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠢᠡᠷ ᠬᠦᠴᠦᠨ ᠤᠯᠭᠤᠵᠤ ᠤᠮᠠᠷᠠᠲᠤ ᠬᠢᠯᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠨ᠎ᠠ

ᠬᠢᠯᠢ ᠬᠢᠵᠠᠭᠠᠷ᠎ᠢ᠎ᠰᠠᠬᠢᠵᠤ ᠬᠢᠯᠢ ᠬᠢᠵᠠᠭᠠᠷ᠎ᠢ᠎ᠪᠡᠬᠢᠵᠢᠭᠦᠯᠬᠦ ᠪᠣᠯ ᠡᠭᠦᠷᠭᠡ ᠬᠠᠷᠢᠭᠤᠴᠠᠯᠭ᠎ᠠ᠂ ᠠᠮᠤᠷ ᠲᠣᠭᠲᠠᠭᠤᠨ ᠪᠣᠯ ᠬᠣᠷᠢᠭ᠎ᠠ ᠱᠤᠭᠤᠮ᠃ ᠬᠢᠯᠢ᠎ᠶᠢᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠥᠬᠥ ᠲᠠᠯ᠎ᠠ᠎ᠪᠠᠷ ᠪᠡᠬᠢᠵᠢᠭᠦᠯᠬᠦ᠎ᠶᠢᠨ ᠲᠥᠯᠥᠭᠡ᠂ ᠲᠤᠢᠭ ᠰᠢᠯᠢ᠎ᠳᠡᠬᠢ ᠬᠢᠯᠢ᠎ᠶᠢᠨ ᠲᠣᠮᠢᠯᠠᠭᠰᠠᠨ ᠰᠠᠯᠪᠤᠷᠢ ᠨᠢ  ᠪᠣᠰᠣᠭ᠎ᠠ ᠴᠣᠭᠴᠠᠲᠤ ᠴᠣᠬᠢᠯᠲᠠ ᠥᠭᠴᠦ ᠰᠡᠷᠭᠡᠢᠯᠡᠨ ᠬᠠᠮᠢᠶᠠᠷᠴᠦ ᠡᠵᠡᠮᠳᠡᠬᠦ ᠰᠢᠰᠲᠧᠮ᠎ᠤᠨ ᠰᠢᠨ᠎ᠡ᠎ᠵᠢ ᠡᠭᠦᠳᠦᠨ ᠪᠠᠢᠭᠤᠯᠵᠤ᠂《ᠲᠣᠮᠢᠯᠠᠭᠰᠠᠨ ᠰᠠᠯᠪᠤᠷᠢ + ᠬᠠᠤᠯᠢ ᠴᠠᠭᠠᠵᠠ᠎ᠶᠢᠨ ᠭᠠᠵᠠᠷ + ᠲᠤᠬᠠᠢ᠎ᠶᠢᠨ ᠡᠲᠡᠭᠡᠳ》 ᠎ᠤ᠋ᠨ《2 + X》 ᠎ᠤ᠋ᠨ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠦᠨ ᠰᠢᠢᠳᠪᠦᠷᠢᠯᠡᠬᠦ ᠲᠣᠭᠲᠡᠴᠡ᠎ᠶᠢ ᠲᠦᠷᠦᠭᠦᠯᠡᠨ ᠪᠠᠢᠭᠤᠯᠵᠤ᠂ ᠬᠢᠯᠢ ᠬᠠᠮᠠᠭᠠᠯᠠᠭ᠍ᠴᠢ᠂ ᠬᠣᠯᠪᠤᠭᠠᠯᠠᠨ ᠰᠡᠷᠭᠡᠢᠯᠡᠭᠴᠢ᠂ ᠮᠡᠳᠡᠭᠡ ᠵᠠᠩᠭᠢᠴᠢᠨ᠂ ᠬᠠᠤᠯᠢ ᠴᠠᠭᠠᠵᠠ᠎ᠶᠢᠨ ᠠᠵᠢᠯᠲᠠᠨ ᠵᠡᠷᠭᠡ ᠣᠯᠠᠨ ᠲᠠᠯ᠎ᠠ᠎ᠶᠢᠨ ᠬᠦᠴᠦᠨ᠎ᠢ ᠨᠡᠢᠳᠭᠡᠵᠦ᠂ ᠴᠠᠭᠳᠠᠭ᠎ᠠ ᠠᠷᠠᠳ᠎ᠤᠨ ᠲᠣᠭᠣᠷᠢᠨ ᠴᠠᠭᠳᠠᠬᠤ ᠬᠣᠯᠪᠤᠭᠠᠯᠠᠨ ᠰᠡᠷᠭᠡᠢᠯᠡᠬᠦ ᠠᠩᠭᠢ᠂ ᠦᠨᠳᠦᠰᠦᠲᠡᠨ᠎ᠦ ᠪᠦᠯᠬᠦᠮᠳᠡᠯ᠎ᠦᠨ ᠦᠢᠯᠡᠴᠢᠯᠡᠭᠡᠨ᠎ᠦ ᠠᠩᠭᠢ᠎ᠶᠢ ᠵᠣᠬᠢᠶᠠᠨ ᠪᠠᠢᠭᠤᠯᠵᠤ᠂ ᠬᠢᠯᠢ᠎ᠶᠢᠨ ᠪᠠᠢᠳᠠᠯ᠎ᠢ ᠪᠠᠢᠴᠠᠭᠠᠬᠤ᠂ ᠠᠮᠤᠷ᠎ᠢ ᠬᠠᠮᠠᠭᠠᠯᠠᠬᠤ ᠴᠠᠭᠳᠠᠨ ᠰᠡᠷᠭᠡᠢᠯᠡᠬᠦ᠂ ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ᠂ ᠵᠥᠷᠢᠴᠡᠯ᠎ᠢ ᠡᠶᠡᠳᠡᠭᠦᠯᠬᠦ ᠵᠡᠷᠭᠡ ᠠᠵᠢᠯ᠎ᠢ ᠪᠠᠢᠩᠭᠤᠵᠢᠭᠤᠯᠤᠨ ᠥᠷᠨᠢᠭᠦᠯᠵᠦ᠂ ᠬᠠᠷᠢᠶ᠎ᠠ ᠣᠷᠣᠨ᠎ᠤ ᠡᠯ᠎ᠡ ᠲᠥᠷᠥᠯ᠎ᠦᠨ ᠠᠶᠤᠯ ᠲᠦᠭᠰᠢᠭᠦᠷᠢ ᠳᠠᠯᠳᠠ ᠬᠡᠮ᠎ᠢ ᠣᠨᠣᠪᠴᠢᠲᠠᠶ᠎ᠪᠠᠷ ᠵᠢᠭ᠍ᠰᠠᠭᠠᠨ ᠪᠠᠢᠴᠠᠭᠠᠵᠤ ᠰᠢᠢᠳᠪᠦᠷᠢᠯᠡᠪᠡ᠃

ᠡᠭᠦᠨ᠎ᠡᠴᠡ ᠭᠠᠳᠠᠨ᠎ᠠ᠂ ᠲᠣᠮᠢᠯᠠᠭᠰᠠᠨ ᠰᠠᠯᠪᠤᠷᠢ ᠨᠢ ᠪᠠᠰᠠ《ᠠᠭᠠᠷ + ᠭᠠᠵᠠᠷ》ᠤ᠋ᠨ ᠪᠣᠰᠣᠭ᠎ᠠ ᠴᠣᠭᠴᠠᠲᠤ ᠬᠠᠮᠢᠶᠠᠷᠤᠨ ᠡᠵᠡᠮᠳᠡᠬᠦ ᠰᠢᠨ᠎ᠡ ᠵᠠᠭᠪᠤᠷ᠎ᠢ ᠰᠢᠨ᠎ᠡ ᠵᠢ ᠡᠭᠦᠳᠦᠨ ᠰᠦᠪᠡᠭᠴᠢᠯᠡᠵᠦ᠂ ᠵᠢᠯᠣᠭᠣᠴᠢ ᠦᠭᠡᠢ ᠨᠢᠰᠬᠡᠯ᠎ᠤᠨ ᠬᠦᠳᠡᠯᠦᠯ ᠨᠢ ᠠᠮᠢᠳᠤᠯᠢᠭ᠋᠂ ᠠᠵᠢᠯᠯᠠᠭ᠎ᠠ ᠨᠢ ᠲᠦᠷᠭᠡᠨ᠂ ᠬᠠᠷᠠᠭ᠎ᠠ ᠨᠢ ᠥᠷᠭᠡᠨ ᠳᠠᠪᠠᠭᠤᠯᠢᠭ᠋᠎ᠲᠤ ᠲᠦᠰᠢᠭᠯᠡᠨ᠂ ᠡᠯᠡᠰᠦᠨ ᠴᠥᠯ᠎ᠦᠨ ᠰᠡᠷᠡᠮᠵᠢᠯᠡᠨ ᠴᠠᠭᠳᠠᠬᠤ ᠠᠩᠭᠢ᠎ᠶᠢ ᠵᠣᠬᠢᠶᠠᠨ ᠪᠠᠶ᠋ᠢᠭᠤᠯᠬᠤ᠎ᠶᠢᠨ ᠬᠠᠮᠲᠤ᠂ ᠬᠠᠷᠢᠶ᠎ᠠ ᠣᠷᠣᠨ᠎ᠤ ᠮᠠᠯᠴᠢᠳ᠎ᠲᠤ ᠬᠠᠨᠳᠤᠭᠤᠯᠤᠨ ᠲᠤᠰᠬᠠᠢ ᠮᠡᠷᠭᠡᠵᠢᠯ᠎ᠤᠨ ᠵᠢᠯᠣᠭᠣᠴᠢ ᠦᠭᠡᠢ ᠨᠢᠰᠬᠡᠯ᠎ᠦᠨ ᠠᠵᠢᠯᠯᠠᠭᠠᠨ᠎ᠤ ᠪᠤᠯᠪᠠᠰᠤᠷᠠᠯ ᠥᠷᠨᠢᠭᠦᠯᠵᠦ᠂ ᠰᠢᠯᠢᠳᠡᠭ ᠮᠠᠯᠴᠢᠳ᠎ᠢ ᠲᠠᠳᠠᠨ ᠠᠮᠤᠷ᠎ᠢ ᠬᠠᠮᠠᠭᠠᠯᠠᠬᠤ ᠬᠣᠯᠪᠤᠭᠠᠯᠠᠨ ᠰᠡᠷᠭᠡᠢᠯᠡᠬᠦ ᠡᠩᠨᠡᠭᠡ᠎ᠳᠦ ᠣᠷᠣᠯᠴᠠᠭᠤᠯᠵᠤ᠂ ᠬᠢᠯᠢ᠎ᠶᠢᠨ ᠬᠠᠮᠢᠶᠠᠷᠤᠨ ᠡᠵᠡᠮᠳᠡᠬᠦ ᠬᠦᠴᠦᠨ᠎ᠢ ᠲᠡᠭᠦᠯᠳᠡᠷᠵᠢᠭᠦᠯᠪᠡ᠃ ᠰᠡᠷᠡᠮᠵᠢᠯᠡᠨ ᠴᠠᠭᠳᠠᠬᠤ ᠠᠩᠭᠢ ᠪᠠᠢᠭᠤᠯᠤᠭᠳᠠᠭᠰᠠᠨ᠎ᠡᠴᠡ ᠨᠠᠭᠠᠰᠢ᠂ ᠬᠢᠯᠢ᠎ᠶᠢᠨ ᠠᠭᠠᠷ᠎ᠢᠶᠠᠷ ᠴᠠᠭᠳᠠᠨ ᠰᠡᠷᠭᠡᠢᠯᠡᠬᠦ᠂ ᠪᠠᠴᠢᠮ ᠪᠠᠢᠳᠠᠯ᠎ᠢ ᠠᠷᠭᠠᠴᠠᠭᠠᠨ ᠡᠷᠢᠵᠦ ᠠᠪᠤᠷᠠᠬᠤ᠂ ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ ᠵᠡᠷᠭᠡ ᠠᠵᠢᠯ᠎ᠢ ᠥᠨᠳᠥᠷ ᠪᠦᠲᠦᠮᠵᠢᠲᠡᠶ᠎ᠪᠡᠷ ᠥᠷᠨᠢᠭᠦᠯᠵᠦ᠂ ᠨᠡᠶ᠋ᠢᠲᠡ 123 ᠠᠯᠳᠠᠬᠰᠠᠨ ᠮᠠᠯ᠎ᠢ ᠡᠷᠢᠵᠤ᠂ ᠭᠠᠵᠠᠷ ᠳᠡᠭᠡᠷᠡᠬᠢ ᠲᠠᠢ ᠬᠠᠮᠲᠤᠷᠠᠨ 23 ᠤᠳᠠᠭ᠎ᠠ ᠬᠠᠮᠳᠤᠷᠠᠬᠰᠠᠨ ᠴᠠᠭᠳᠠᠨ ᠪᠠᠢᠴᠠᠭᠠᠬᠤ ᠠᠵᠢᠯ᠎ᠢ ᠥᠷᠨᠢᠭᠦᠯᠵᠦ᠂ ᠬᠢᠯᠢ᠎ᠶᠢᠨ ᠬᠠᠮᠢᠶᠠᠷᠤᠯᠲᠠ ᠡᠵᠡᠮᠳᠡᠯ᠎ᠦᠨ ᠣᠶᠤᠨᠴᠢᠯᠠᠭᠰᠠᠨ᠂ ᠨᠠᠷᠢᠯᠢᠭ᠍ᠵᠢᠭᠤᠯᠤᠭᠰᠠᠨ᠂ ᠥᠨᠳᠥᠷ ᠪᠦᠲᠦᠮᠵᠢᠲᠦ ᠬᠢᠷᠢ ᠲᠦᠪᠰᠢᠨ᠎ᠢ ᠢᠯᠡᠳᠲᠡ ᠳᠡᠭᠡᠭᠰᠢᠯᠡᠬᠦᠯᠪᠡ᠃

ᠵᠣᠷᠢᠭ᠋ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠵᠤ ᠬᠠᠮᠲᠤᠷᠠᠯ ᠬᠦᠴᠦᠨ᠎ᠢ ᠨᠢᠭ᠍ᠲᠠᠷᠠᠭᠤᠯᠵᠤ ᠦᠨᠳᠦᠰᠦᠲᠡᠨ᠎ᠤ ᠪᠦᠯᠬᠦᠮᠳᠡᠯ ᠳᠠᠪᠰᠢᠯᠳᠠ ᠵᠢ ᠠᠬᠢᠭᠤᠯᠤᠨ᠎ᠠ

2016 ᠣᠨ᠎ᠳᠤ᠂ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠶᠡᠷᠦᠩᠬᠡᠢ ᠥᠷᠲᠡᠭᠡ ᠨᠢ ᠠᠯᠠᠱᠠ ᠠᠢᠮᠠᠭ᠎ᠤᠨ ᠨᠠᠮ᠎ᠤᠨ ᠬᠣᠷᠢᠶ᠎ᠠ᠂ ᠠᠢᠮᠠᠬ ᠤ᠋ᠨ ᠵᠠᠬᠢᠷᠭ᠎ᠠ᠎ᠲᠠᠢ ᠬᠣᠯᠪᠤᠭᠠᠯᠠᠨ᠂ ᠲᠤᠢᠭ ᠰᠢᠯᠢ᠎ᠳᠡᠬᠢ  ᠬᠢᠯᠢ ᠵᠢᠨ ᠲᠣᠮᠢᠯᠠᠭᠰᠠᠨ ᠰᠠᠯᠪᠤᠷᠢ᠎ᠳᠤ ᠲᠦᠰᠢᠭᠯᠡᠨ ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠬᠥᠮᠦᠵᠢᠯ᠎ᠦᠨ ᠰᠠᠭᠤᠷᠢᠨ᠎ᠢ ᠫᠠᠢᠰᠠ ᠡᠯᠬᠦᠨ ᠴᠤᠬᠴᠠᠯᠠᠨ ᠪᠠᠢᠭᠤᠯᠪᠠ᠃ ᠣᠯᠠᠨ ᠵᠢᠯ᠎ᠦᠨ ᠲᠤᠷᠰᠢ᠂ ᠳᠤᠰ ᠰᠠᠭᠤᠷᠢᠨ ᠤ᠋ ᠬᠢᠨ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠬᠥᠮᠦᠵᠢᠯ ᠪᠤᠯᠪᠠᠰᠤᠷᠠᠯ ᠬᠢᠬᠦ ᠵᠡᠷᠭᠡ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠤᠭ ᠰᠠᠨᠠᠭ᠎ᠠ᠎ᠪᠠᠨ ᠳᠠᠪᠲᠠᠨ ᠪᠣᠯᠪᠠᠰᠤᠷᠠᠭᠤᠯᠬᠤ᠂ ᠠᠷᠠᠳ᠎ᠤᠨ ᠰᠡᠳᠬᠢᠯ᠎ᠢ ᠨᠢᠭ᠍ᠲᠠᠷᠠᠭᠤᠯᠬᠤ᠂ ᠬᠢᠯᠢ ᠬᠢᠵᠠᠭᠠᠷ᠎ᠢ ᠰᠠᠬᠢᠬᠤ ᠵᠣᠷᠢᠭ᠋ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠬᠤ ᠴᠢᠬᠤᠯᠠ ᠵᠢᠭ᠍ᠰᠠᠭᠠᠯ᠎ᠤᠨ ᠭᠠᠵᠠᠷ ᠪᠤᠯᠤᠬᠰᠠᠨ ᠪᠠᠢᠨ᠎ᠠ᠃

2021 ᠣᠨ᠎ᠡᠴᠡ ᠣᠲᠤᠬᠠᠨ ᠪᠣᠯᠲᠠᠯ᠎ᠠ᠂ ᠳᠤᠰ ᠰᠠᠭᠤᠷᠢᠨ ᠨᠢ ᠰᠸᠴᠤᠸᠠᠨ᠂ ᠠᠨᠾᠦ᠋ᠢ᠂ ᠭᠤᠸᠠᠩᠳᠦ᠋ᠩ᠂ ᠥᠪᠥᠷ ᠮᠣᠩᠭᠣᠯ᠎ᠤᠨ 4 ᠮᠤᠵᠢ ᠣᠷᠣᠨ᠎ᠤ 147 ᠠᠷᠠᠳ᠎ᠤᠨ ᠴᠠᠭᠳᠠᠭ᠎ᠠ᠎ᠶᠢᠨ ᠲᠤᠰᠬᠠᠢ ᠬᠥᠮᠦᠵᠢᠯ ᠪᠤᠯᠪᠠᠰᠤᠷᠠᠯ᠎ᠢ ᠭᠥᠯᠢᠶᠡᠨ ᠠᠪᠴᠤ᠂ ᠣᠷᠣᠨ ᠨᠤᠲᠤᠭ᠎ᠲᠤ ᠨᠠᠮ᠎ᠤᠨ ᠭᠡᠰᠢᠭᠦᠨ ᠣᠯᠠᠨ ᠲᠦᠮᠡᠨ᠎ᠦ ᠭᠣᠣᠯᠯᠠᠭ᠍ᠴᠢ ᠬᠦᠴᠦᠨ᠎ᠢ 276 ᠬᠥᠮᠥᠨ ᠤᠳᠠᠭ᠎ᠠ ᠪᠣᠯᠪᠠᠰᠤᠷᠠᠭᠤᠯᠵᠤ᠂ ᠥᠪᠥᠷ ᠮᠣᠩᠭᠣᠯ᠎ᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠰᠢᠰᠲᠧᠮ᠎ᠦᠨ ᠥᠪᠡᠷᠮᠢᠴᠡ ᠣᠨᠴᠠᠯᠢᠭ᠋᠎ᠲᠠᠢ ᠨᠠᠮ᠎ᠤᠨ ᠪᠠᠢᠭᠤᠯᠤᠯᠲᠠ ᠬᠢᠭᠡᠳ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠦᠨ ᠲᠦᠷᠦᠯ ᠲᠡᠮᠳᠡᠭ ᠪᠣᠯᠪᠠ᠃ ᠰᠢᠯᠵᠢᠭᠦᠯᠦᠨ ᠬᠠᠷᠢᠶᠠᠯᠠᠭᠤᠯᠤᠭᠰᠠᠨ᠎ᠡᠴᠡ ᠨᠠᠭᠠᠰᠢ᠂ ᠳᠤᠰ ᠰᠠᠭᠤᠷᠢᠨ ᠨᠢ ᠤᠷᠢᠳ ᠬᠤᠵᠢᠳ ᠤᠷᠤᠨ ᠨᠤᠳᠤᠬ ᠪᠠ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠵᠢᠨ 145 ᠪᠦᠯᠦᠭ 2925 ᠬᠥᠮᠥᠨ ᠤᠳᠠᠭ᠎ᠠ᠎ᠶᠢᠨ ᠲᠣᠭᠣᠷᠢᠨ ᠰᠤᠷᠤᠯᠴᠠᠬᠤ ᠪᠦᠯᠬᠦᠮ᠎ᠢ  ᠬᠦᠯᠢᠶᠡᠨ ᠠᠪᠴᠤ᠂ ᠬᠣᠯᠪᠣᠭᠳᠠᠯ ᠪᠦᠬᠦᠢ ᠠᠵᠢᠯ ᠨᠢ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠲᠣᠪᠴᠢᠶ᠎ᠠ᠂ ᠣᠷᠣᠨ ᠨᠤᠲᠤᠭ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠢᠴᠢ ᠨᠡᠢᠭᠡᠮ᠎ᠦᠨ ᠡᠯ᠎ᠡ ᠡᠲᠡᠭᠡᠳ᠎ᠦᠨ ᠬᠢᠨ᠎ᠦ ᠳᠡᠭᠡᠳᠦ ᠬᠡᠮᠵᠢᠶᠡᠨ᠎ᠦ ᠮᠠᠬᠳᠠᠭᠠᠯ  ᠰᠠᠢᠰᠢᠶᠠᠯ ᠢ᠋ ᠣᠯᠵᠠᠢ᠃

ᠬᠡᠳᠦᠨ ᠠᠷᠪᠠᠨ ᠵᠢᠯ᠎ᠦᠨ ᠡᠮᠦᠨ᠎ᠡ᠂ ᠠᠷᠠᠳ᠎ᠤᠨ ᠴᠠᠭᠳᠠᠭ᠎ᠠ ᠨᠠᠷ ᠡᠩ ᠦᠬᠡᠢ ᠶᠡᠬᠡ ᠭᠣᠪᠢ ᠨᠤᠲᠤᠭ᠎ᠲᠤ ᠳᠠᠷᠢᠭ᠍ᠰᠠᠨ ᠰᠠᠭᠤᠷᠢ ᠰᠠᠭᠤᠷᠢ《ᠠᠷᠠᠳ᠎ᠢ ᠬᠠᠢᠷᠠᠯᠠᠬᠤ ᠮᠣᠳᠣ᠌》 ᠨᠢ ᠡᠳᠦᠭᠡ ᠨᠢᠭᠡᠨᠲᠡ ᠵᠠᠯᠭᠠᠯᠳᠤᠨ ᠬᠦᠬᠡᠷᠡᠵᠦ᠂ ᠢᠭ᠍ᠴᠤ ᠰᠠᠬᠤᠯᠢᠭ᠋ ᠣᠶ ᠰᠢᠭᠤᠢ ᠪᠣᠯᠵᠠᠢ᠃《ᠠᠷᠠᠳ᠎ᠢ ᠬᠠᠢᠷᠠᠯᠠᠬᠤ ᠤᠢ》ᠪᠣᠯ ᠦᠶ᠎ᠡ ᠦᠶ᠎ᠡ᠎ᠶᠢᠨ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠴᠠᠭᠳᠠᠭ᠎ᠠ᠎ᠶᠢᠨ ᠬᠢᠯᠢ ᠬᠢᠵᠠᠭᠠᠷ᠎ᠲᠤ ᠦᠨᠳᠦᠰᠦᠯᠡᠵᠦ᠂ ᠦᠨᠡᠨᠴᠢ ᠰᠢᠳᠤᠷᠭᠤ᠎ᠪᠠᠷ ᠬᠤᠪᠢ ᠨᠡᠮᠡᠷᠢ ᠦᠵᠡᠭᠦᠯᠦᠭᠰᠡᠨ᠎ᠦ ᠭᠡᠷᠡᠴᠢ ᠮᠥᠨ᠂ ᠨᠡᠩ ᠴᠤ᠌ ᠴᠠᠭᠳᠠᠭ᠎ᠠ ᠠᠷᠠᠳ ᠰᠡᠳᠬᠢᠯ ᠨᠢᠭᠡᠳᠦᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ᠂ ᠦᠨᠳᠦᠰᠦᠲᠡᠨ᠎ᠦ ᠪᠦᠯᠬᠦᠮᠳᠡᠯ᠎ᠦᠨ ᠪᠡᠯᠭᠡ ᠲᠡᠮᠳᠡᠭ ᠮᠥᠨ᠃

ᠲᠠᠪᠢ ᠭᠠᠷᠤᠢ ᠵᠢᠯ ᠤᠭ ᠰᠠᠨᠠᠭ᠎ᠠ ᠪᠠᠨ ᠪᠠᠳᠦ ᠪᠠᠷᠢᠮᠳᠠᠯᠠᠨ ᠡᠷᠡᠮᠡᠬᠡᠢᠯᠡᠨ ᠳᠠᠪᠰᠢᠵᠤ ᠡᠯᠪᠡᠭ ᠪᠠᠶᠠᠯᠢᠭ᠋ ᠦᠷ᠎ᠡ ᠪᠦᠲᠦᠭᠡᠯ ᠣᠯᠪᠠ᠃ ᠲᠤᠢᠭ ᠰᠢᠯᠢ᠎ᠳᠡᠬᠢ ᠬᠢᠯᠢ᠎ᠶᠢᠨ ᠲᠣᠮᠢᠯᠠᠭᠰᠠᠨ ᠰᠠᠯᠪᠤᠷᠢ ᠨᠢ ᠡᠯ᠎ᠡ ᠱᠠᠲᠤᠨ᠎ᠤ ᠢᠷᠠᠭᠤ ᠠᠯᠳᠠᠷ᠎ᠤᠨ ᠬᠥᠬᠢᠭᠦᠯᠦᠯ᠎ᠢ ᠨᠡᠶ᠋ᠢᠲᠡ 30 ᠭᠠᠷᠤᠢ ᠤᠳᠠᠭ᠎ᠠ ᠭᠥᠷᠳᠡᠵᠦ᠂ ᠤᠷᠢᠳ ᠬᠣᠵᠢᠳ ᠪᠥᠬᠥ ᠤᠯᠤᠰ᠎ᠤᠨ《5·4》 ᠎ᠤ᠋ ᠵᠠᠯᠠᠭᠤᠴᠤᠳ᠎ᠤᠨ ᠱᠠᠩᠨᠠᠯᠳᠤ ᠬᠠᠮᠲᠤ᠂ ᠪᠥᠬᠥ ᠤᠯᠤᠰ᠎ᠤᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠰᠢᠯᠢᠳᠡᠭ ᠦᠨᠳᠦᠰᠦᠨ ᠱᠠᠲᠤᠨ᠎ᠤ ᠨᠢᠭᠡᠴᠢ᠂ ᠪᠥᠬᠥ ᠤᠯᠤᠰ᠎ᠤᠨ ᠵᠠᠯᠠᠭᠤᠴᠤᠳ᠎ᠤᠨ ᠪᠣᠯᠪᠠᠰᠤᠨ᠎ᠤ ᠴᠣᠯᠠ᠂ ᠪᠥᠬᠥ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠳᠣᠲᠣᠭᠠᠳᠤ᠎ᠶᠢ ᠬᠠᠮᠠᠭᠠᠯᠠᠬᠤ ᠶᠠᠮᠤᠨ᠎ᠤ《ᠠᠷᠠᠳ᠎ᠢ ᠬᠠᠢᠷᠠᠯᠠᠭᠰᠠᠨ ᠵᠢᠱ᠌ᠢᠶᠡᠴᠢ ᠬᠢᠯᠢ᠎ᠶᠢᠨ ᠲᠣᠮᠢᠯᠠᠭᠰᠠᠨ ᠰᠠᠯᠪᠤᠷᠢ》ᠵᠡᠷᠭᠡ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠢᠷᠠᠭᠤ ᠠᠯᠳᠠᠷ᠎ᠢ ᠭᠥᠷᠳᠡᠪᠡ᠃ ᠾᠧ ᠹᠧᠩ ᠯᠢᠨ᠂ ᠸᠠᠩ ᠴᠠᠩ ᠴᠢᠩ᠂ ᠰᠡᠷᠭᠦᠯᠡᠩ ᠵᠡᠷᠭᠡ ᠨᠢᠭᠡ ᠪᠦᠯᠦᠭ ᠠᠵᠢᠯ ᠦᠢᠯᠡᠰ᠎ᠢᠶᠡᠨ ᠳᠡᠭᠡᠳᠦᠯᠡᠵᠦ᠂ ᠠᠷᠠᠳ᠎ᠢᠶᠠᠨ ᠬᠠᠢᠷᠠᠯᠠᠵᠤ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠠᠷᠠᠳ᠎ᠤᠨ ᠴᠠᠭᠳᠠᠭ᠎ᠠ ᠴᠣᠯᠭᠣᠷᠠᠨ ᠭᠠᠷᠴᠤ᠂ ᠬᠢᠯᠢ ᠬᠢᠵᠠᠭᠠᠷ᠎ᠢ ᠬᠠᠮᠠᠭᠠᠯᠠᠬᠤ ᠡᠩᠨᠡᠭᠡ᠎ᠶᠢᠨ ᠬᠡᠪ ᠳᠠᠭᠤᠷᠢᠶᠠᠯ ᠪᠤᠯᠤᠬᠰᠠᠨ ᠪᠠᠢᠨ᠎ᠠ᠃

ᠬᠠᠭᠠᠰ ᠵᠠᠭᠤᠨ ᠭᠠᠷᠤᠢ᠎ᠶᠢᠨ ᠰᠠᠯᠬᠢ ᠪᠣᠷᠣᠭᠠᠨ᠎ᠳᠤ᠂ ᠬᠠᠭᠠᠰ ᠵᠠᠭᠤᠨ ᠭᠠᠷᠤᠢ᠎ᠶᠢᠨ ᠬᠤᠭᠤᠴᠠᠭᠠᠨ᠎ᠳᠤ ᠪᠠᠲᠤ ᠰᠠᠬᠢᠵᠤ ᠬᠤᠪᠢ ᠨᠡᠮᠡᠷᠢ ᠦᠵᠡᠭᠦᠯᠵᠦ᠂ ᠲᠤᠢᠭ ᠰᠢᠯᠢ᠎ᠳᠡᠬᠢ ᠬᠢᠯᠢ᠎ᠶᠢᠨ ᠲᠣᠮᠢᠯᠠᠭᠰᠠᠨ ᠰᠠᠯᠪᠤᠷᠢ᠎ᠶᠢᠨ ᠪᠦᠬᠦ ᠠᠷᠠᠳ᠎ᠤᠨ ᠴᠠᠭᠳᠠᠭ᠎ᠠ ᠤᠭ ᠰᠠᠨᠠᠭ᠎ᠠ᠎ᠪᠠᠨ ᠦᠯᠦ ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠦᠯᠦ ᠬᠣᠢᠷᠭᠤᠰᠢᠭᠤᠯᠵᠤ᠂ ᠬᠢᠯᠢ ᠵᠢ ᠬᠠᠮᠠᠭᠠᠯᠠᠬᠤ ᠬᠤᠪᠢᠰᠬᠠᠯᠲᠦ ᠤᠳᠤᠮᠰᠢᠯ᠎ᠢ ᠦᠷᠭᠦᠯᠵᠢᠯᠡᠨ ᠵᠠᠯᠭᠠᠮᠵᠢᠯᠠᠵᠤ᠂ ᠠᠷᠠᠳ᠎ᠢᠶᠠᠨ ᠬᠠᠢᠷᠠᠯᠠᠵᠤ ᠬᠤᠪᠢ ᠨᠡᠮᠡᠷᠢ ᠦᠵᠡᠭᠦᠯᠬᠦ ᠵᠣᠷᠢᠭ᠋ ᠰᠠᠨᠠᠭ᠎ᠠ᠎ᠶᠢ ᠤᠯᠠᠮᠵᠢᠯᠠᠵᠤ᠂ ᠠᠷᠠᠳ ᠲᠦᠮᠡᠨ᠎ᠦ ᠵᠣᠭᠰᠣᠯᠲᠠ᠎ᠳᠤ ᠪᠠᠲᠤ ᠵᠣᠭᠰᠣᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠦᠴᠦᠨ᠎ᠢ ᠨᠢᠬᠳᠠᠷᠠᠭᠤᠯᠤᠨ᠎ᠠ᠃ ᠮᠦᠨ ᠴᠦ᠍ ᠂ ᠪᠠᠲᠤ ᠰᠠᠬᠢᠬᠤ᠎ᠪᠡᠷ ᠬᠢᠯᠢ ᠬᠢᠵᠠᠭᠠᠷ᠎ᠤᠨ ᠠᠮᠤᠷ ᠲᠣᠭᠲᠠᠭᠤᠨ᠎ᠢ ᠬᠠᠮᠠᠭᠠᠯᠠᠵᠤ᠂ ᠪᠣᠳᠠᠲᠠᠢ ᠠᠵᠢᠯᠯᠠᠬᠤ᠎ᠪᠠᠷ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠨ ᠬᠢᠯᠢ ᠬᠢᠵᠠᠭᠠᠷ᠎ᠤᠨ ᠬᠥᠭᠵᠢᠯᠲᠡ᠎ᠶᠢ ᠲᠤᠰᠠᠯᠠᠵᠤ᠂ ᠡᠬᠡ ᠤᠯᠤᠰ᠎ᠤᠨ ᠤᠮᠠᠷᠠᠳᠦ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠦᠷᠭᠦᠯᠵᠢᠯᠡᠨ ᠪᠡᠬᠢᠵᠢᠭᠦᠯᠵᠦ᠂ ᠡᠯᠡᠰᠦᠨ ᠴᠦᠯ ᠭᠣᠪᠢ ᠨᠤᠲᠤᠭ᠎ᠲᠦ ᠰᠢᠨ᠎ᠡ ᠴᠠᠭ ᠦᠶ᠎ᠡ᠎ᠶᠢᠨ ᠬᠢᠯᠢ ᠬᠢᠵᠠᠭᠠᠷ᠎ᠢ ᠰᠠᠬᠢᠨ ᠬᠠᠮᠠᠭᠠᠯᠠᠵᠤ ᠠᠷᠠᠳ ᠲᠦᠮᠡᠨ᠎ᠦ ᠲᠥᠯᠥᠭᠡ ᠵᠢᠳᠬᠦᠬᠦ ᠰᠡᠳᠬᠢᠯ ᠬᠥᠳᠡᠯᠭᠡᠮ᠎ᠡ ᠢᠷᠠᠭᠤ ᠬᠠᠭᠤᠳᠠᠰᠤ᠎ᠶᠢ ᠦᠷᠭᠦᠯᠵᠢᠯᠡᠨ ᠪᠢᠴᠢᠭᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面