ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-11-16 14:03:08

ᠵᠣᠬᠢᠶᠠᠭ᠍ᠴᠢ᠄ ᠰᠦᠨ ᠯᠢ ᠶᠢᠩ ᠣᠩᠱᠢᠭ᠍ᠰᠠᠨ ᠣᠳᠠᠭ᠎ᠠ᠄ 3

ᠲᠦᠷᠦᠭᠦᠭᠡᠨ ᠬᠦᠬᠡᠬᠤᠳᠠ ᠵᠢᠨ ᠢᠦᠢᠴᠢᠤᠸᠠᠨ ᠲᠣᠭᠣᠷᠢᠭ᠋᠎ᠤᠨ ᠳᠣᠲᠣᠭᠠᠳᠤ᠎ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠎ᠶᠢᠨ ᠡᠷᠡᠭᠦᠦ᠎ᠶᠢᠨ ᠬᠡᠷᠡᠭ᠎ᠢ ᠲᠠᠩᠨᠠᠨ ᠪᠠᠢᠴᠠᠭᠠᠬᠤ ᠶᠡᠬᠡ ᠠᠩᠭᠢ᠎ᠶᠢᠨ ᠰᠢᠨ᠎ᠡ ᠬᠡᠯᠪᠡᠷᠢ᠎ᠶᠢᠨ ᠶᠠᠯᠠᠲᠤ ᠠᠵᠢᠯᠯᠠᠭ᠎ᠠ᠎ᠶᠢ ᠲᠠᠩᠨᠠᠨ ᠪᠠᠢᠴᠠᠭᠠᠬᠤ ᠳᠤᠮᠳᠠ ᠠᠩᠭᠢ ᠵᠢᠨ ᠬᠢᠨ 《ᠬᠠᠷᠢᠶ᠎ᠠ ᠣᠷᠣᠨ᠎ᠤ ᠰᠠᠭᠤᠭᠠᠯᠢ ᠠᠷᠠᠳ ᠮᠠ ᠣᠪᠣᠭᠲᠤ ᠪᠠᠩᠬᠢ᠎ᠡᠴᠨ  10 ᠲᠦᠮᠡᠨ ᠲᠥᠭᠥᠷᠢᠭ᠎ᠦᠨ ᠪᠡᠯᠡᠨ ᠵᠣᠭᠣᠰ ᠭᠠᠷᠭᠠᠨ ᠠᠪᠴᠤ᠂ ᠦᠶ᠋ᠯᠡ ᠠᠵᠢᠯᠯᠠᠭ᠎ᠠ ᠨᠢ ᠬᠡᠪ᠎ᠦᠨ ᠪᠤᠰᠤ ᠪᠠᠢᠵᠤ᠂ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠳᠦ ᠤᠴᠠᠷᠠᠬᠰᠠᠨ ᠪᠤᠯᠤᠮᠵᠢ ᠳᠠᠢ》 ᠬᠡᠰᠡᠨ ᠮᠡᠬᠡᠯᠡᠯ᠎ᠢ ᠡᠰᠡᠷᠭᠦᠴᠡᠬᠦ ᠤᠷᠢᠳᠴᠢᠯᠠᠨ ᠰᠡᠷᠡᠮᠵᠢᠯᠡᠭᠦᠯᠬᠦ ᠰᠦᠪᠡᠭᠴᠢ᠎ᠶᠢ ᠣᠯᠵᠠᠢ᠃ ᠰᠦᠪᠡᠭᠴᠢ᠎ᠶᠢ ᠣᠯᠣᠭᠰᠠᠨ᠎ᠤ ᠳᠠᠷᠠᠭ᠎ᠠ᠂ ᠴᠠᠭᠳᠠᠭ᠎ᠠ  ᠨᠠᠷ ᠲᠡᠷᠡ ᠳᠠᠷᠤᠢ ᠳ᠋ᠤᠨᠢ ᠮᠠ ᠣᠪᠣᠭᠲᠤ᠎ᠳᠤ ᠤᠲᠠᠰᠤᠳᠠᠵᠤ ᠰᠡᠷᠡᠮᠵᠢᠯᠡᠭᠦᠯᠦᠨ ᠬᠣᠷᠢᠭ᠍ᠯᠠᠪᠠ᠃ ᠴᠠᠭᠳᠠᠭ᠎ᠠ᠎ᠶᠢᠨ ᠰᠠᠨᠠᠭᠤᠯᠭ᠎ᠠ᠎ᠳᠦ ᠮᠠ ᠣᠪᠣᠭᠲᠤ ᠡᠷᠡᠭᠡᠯᠵᠡᠭᠡ᠎ᠲᠠᠢ ᠪᠠᠢᠵᠤ᠂  ᠵᠣᠭᠣᠰ ᠭᠠᠷᠭᠠᠵᠤ ᠠᠪᠴᠤ ᠪᠠᠢᠬᠤ ᠨᠢ  ᠬᠦᠦ᠎ᠵᠢᠨ ᠬᠢᠨ ᠬᠤᠷᠢᠮ᠎ᠤᠨ ᠵᠠᠷᠤᠳᠠᠯ ᠬᠡᠵᠦ᠂ ᠮᠡᠬᠡᠯᠡᠯ ᠤ᠋ᠨ ᠤᠳᠠᠰᠤ ᠲᠤᠰᠤᠬᠰᠠᠨ ᠵᠢᠡᠨ ᠨᠢᠭᠤᠵᠦ᠂ ᠴᠠᠭᠳᠠᠭ᠎ᠠ᠎ᠲᠠᠢ ᠬᠠᠮᠵᠢᠯᠴᠠᠨ ᠪᠠᠢᠳᠠᠯ᠎ᠢ ᠬᠢᠨᠠᠨ ᠬᠠᠷᠭᠤᠭᠤᠯᠬᠤ ᠳᠤᠷ᠎ᠠ ᠦᠭᠡᠢ ᠪᠠᠢᠪᠠ᠃

ᠲᠤᠬᠠᠢ᠎ᠶᠢᠨ ᠬᠥᠮᠥᠨ᠎ᠦ ᠦᠵᠡᠯ ᠰᠠᠨᠠᠭᠠᠨ᠎ᠤ ᠡᠨᠳᠡᠭᠦᠷᠡᠯ᠎ᠢ ᠲᠦᠷᠭᠡᠬᠡᠨ ᠠᠷᠢᠯᠭᠠᠵᠤ᠂ ᠣᠯᠠᠨ ᠲᠦᠮᠡᠨ᠎ᠦ ᠵᠤᠭᠤᠰ ᠮᠦᠩᠬᠦ ᠵᠢ ᠬᠠᠮᠠᠭᠠᠯᠠᠬᠤ᠎ᠶᠢᠨ ᠲᠥᠯᠥᠭᠡ᠂ ᠴᠠᠭᠳᠠᠭ᠎ᠠ ᠨᠠᠷ ᠮᠡᠳᠡᠭᠡ ᠵᠠᠩᠭᠢ᠎ᠶᠢᠨ ᠰᠤᠳᠤᠯᠤᠨ ᠮᠠᠭᠠᠳᠯᠠᠯᠲᠠ᠎ᠶᠢ ᠲᠦᠷᠭᠡᠨ ᠥᠷᠨᠢᠭᠦᠯᠵᠦ᠂ ᠮᠠ ᠣᠪᠣᠭᠲᠤ᠎ᠶᠢᠨ ᠬᠦᠦ ᠴᠢᠶᠣᠤ ᠣᠪᠣᠭᠲᠤ ᠲᠠᠢ ᠬᠠᠷᠢᠯᠴᠠᠵᠤ᠂ ᠣᠳᠣᠬᠠᠨ᠎ᠤ ᠴᠠᠬᠢᠯᠭᠠᠨ ᠬᠣᠯᠪᠣᠭᠠᠨ᠎ᠤ ᠮᠡᠬᠡᠯᠡᠯ᠎ᠦᠨ ᠬᠡᠷᠡᠭ ᠬᠢᠬᠦ ᠠᠷᠭ᠎ᠠ ᠵᠠᠮ᠎ᠢ ᠨᠠᠷᠢᠨ ᠲᠠᠢᠯᠪᠤᠷᠢᠯᠠᠵᠤ᠂ ᠲᠡᠬᠦᠨ ᠤ᠋ ᠡᠵᠢ ᠨᠢ ᠮᠡᠬᠡᠯᠡᠭᠳᠡᠬᠦ ᠠᠶᠤᠯ ᠲᠦᠭᠰᠢᠭᠦᠷᠢ᠎ᠳᠦ ᠲᠤᠯᠭᠠᠷᠠᠵᠤ ᠪᠠᠢᠬᠤ᠎ᠶᠢ ᠮᠡᠳᠡᠭᠳᠡᠵᠦ᠂ ᠭᠡᠷ ᠪᠦᠯᠢ᠎ᠶᠢᠨ ᠬᠢᠨ᠎ᠢ ᠳᠠᠶ᠋ᠢᠴᠢᠯᠠᠨ ᠢᠳᠬᠠᠨ ᠬᠤᠷᠢᠬᠯᠠᠪᠠ᠃  ᠴᠠᠭᠳᠠᠭ᠎ᠠ ᠬᠢᠬᠡᠳ ᠬᠦᠤ ᠵᠢᠨ ᠬᠢᠨ ᠦᠷᠭᠦᠯᠵᠢᠯᠡᠨ ᠬᠦᠯᠢᠴᠡᠩᠭᠦᠢ ᠬᠠᠷᠢᠯᠴᠠᠭᠰᠠᠨ᠎ᠢᠶᠠᠷ᠂ ᠮᠠ ᠣᠪᠣᠭᠲᠤ ᠡᠴᠦᠰ᠎ᠲᠡᠬᠡᠨ ᠤᠬᠠᠭᠠᠷᠠᠵᠤ᠂ ᠴᠠᠬᠢᠯᠭᠠᠨ ᠬᠤᠯᠪᠤᠭ᠎ᠠ ᠰᠦᠯᠵᠢᠶᠡᠨ ᠤ᠋ ᠮᠡᠬᠡᠯᠡᠯ᠎ᠦᠨ ᠮᠡᠬᠡᠨ᠎ᠳᠦ ᠤᠨᠠᠭᠰᠠᠨ᠎ᠢᠶᠠᠨ ᠮᠡᠳᠡᠷᠡᠪᠡ᠃

ᠮᠠ ᠣᠪᠣᠭᠲᠤ ᠵᠢᠨ ᠪᠡᠯᠡᠨ ᠵᠣᠭᠣᠰ᠎ᠢᠶᠠᠨ ᠮᠡᠬᠡᠯᠡᠭᠴᠢ᠎ᠳᠦ ᠥᠭᠬᠦ᠎ᠡᠴᠡ ᠦᠨᠡᠨ᠎ᠬᠦ ᠵᠠᠢᠯᠠᠰᠬᠢᠬᠦ᠎ᠶᠢᠨ ᠲᠥᠯᠥᠭᠡ᠂ ᠴᠠᠭᠳᠠᠭ᠎ᠠ ᠨᠠᠷ ᠮᠠ ᠣᠪᠣᠭᠲᠤ ᠳᠠᠢ ᠵᠦᠪᠳᠡᠯᠴᠡᠬᠦ ᠪᠡᠷ ᠳᠠᠮᠵᠢᠨ᠂ 10 ᠲᠦᠮᠡᠨ ᠲᠥᠭᠥᠷᠢᠭ᠎ᠦᠨ ᠪᠡᠯᠡᠨ ᠵᠣᠭᠣᠰ᠎ᠢ ᠴᠢᠶᠣᠤ ᠣᠪᠣᠭᠲᠤ ᠲᠦᠷ ᠣᠷᠣᠯᠠᠨ ᠬᠠᠮᠢᠶᠠᠷᠬᠤ ᠪᠡᠷ ᠳᠤᠬᠳᠠᠵᠦ᠂ ᠡᠨᠡ ᠬᠦ᠌ ᠶᠡᠬᠡ ᠲᠣᠭᠠᠨ᠎ᠤ ᠴᠠᠬᠢᠯᠭᠠᠨ ᠬᠤᠯᠪᠤᠭ᠎ᠠ ᠰᠦᠯᠵᠢᠶᠡᠨ ᠤ᠋  ᠮᠡᠬᠡᠯᠡᠯ᠎ᠦᠨ ᠬᠡᠷᠡᠭ ᠡᠭᠦᠰᠬᠦ ᠡᠴᠡ ᠵᠠᠢᠯᠠᠰᠬᠢᠪᠡ᠃

ᠢᠦᠢᠴᠢᠤᠸᠠᠨ᠎ᠲᠤᠭᠤᠷᠢᠬ ᠤ᠋ᠨ ᠴᠠᠭᠳᠠᠭᠠᠨ᠎ᠤ ᠲᠠᠯ᠎ᠠ᠎ᠶᠢᠨ ᠬᠢᠨ ᠥᠷᠭᠡᠨ ᠣᠯᠠᠨ ᠬᠣᠲᠠ᠎ᠶᠢᠨ ᠠᠷᠠᠳ᠎ᠲᠤ᠂ ᠲᠠᠨᠢᠯ ᠪᠤᠰᠤ ᠬᠦᠮᠦᠨ ᠤᠳᠠᠰᠤ ᠢᠷᠡᠬᠦᠯᠵᠦ ᠵᠤᠭᠤᠰ ᠭᠤᠪᠢᠭᠤᠯᠬᠤ᠂ ᠪᠡᠯᠡᠨ ᠵᠣᠭᠣᠰ ᠲᠤᠰᠢᠶᠠᠯᠭᠠᠬᠤ᠎ᠪᠠᠷ ᠱᠠᠭᠠᠷᠳᠠᠵᠤ ᠪᠠᠢᠭ᠎ᠠ ᠤᠴᠢᠷ ᠶᠠᠪᠤᠳᠠᠯ᠎ᠳᠦ ᠡᠷᠬᠡᠪᠰᠢ ᠰᠣᠨᠣᠷ ᠰᠡᠷᠡᠮᠵᠢ᠎ᠪᠡᠨ ᠳᠡᠭᠡᠭᠰᠢᠯᠡᠭᠦᠯᠵᠦ᠂ ᠮᠡᠳᠡᠭᠡ ᠵᠠᠩᠭᠢ᠎ᠶᠢ ᠣᠯᠠᠨ ᠲᠠᠯ᠎ᠠ᠎ᠪᠠᠷ ᠬᠢᠨᠠᠨ ᠬᠠᠷᠭᠤᠭᠤᠯᠵᠤ᠂ ᠰᠡᠵᠢᠭᠯᠡᠯᠲᠡᠢ ᠪᠠᠢᠳᠠᠯ ᠲᠤᠯᠭᠠᠷᠠᠪᠠᠯ ᠴᠠᠭ ᠲᠤᠬᠠᠢ ᠳ᠋ᠤᠨᠢ ᠬᠡᠷᠡᠭ ᠮᠡᠳᠡᠭᠦᠯᠬᠦ ᠤᠲᠠᠰᠤ ᠠᠪᠴᠤ᠂ ᠲᠣᠰ ᠪᠡᠶ᠎ᠡ᠎ᠶᠢᠨ ᠡᠳ᠋ ᠬᠥᠷᠥᠩᠭᠡ᠎ᠶᠢᠨ ᠠᠮᠤᠷ ᠲᠦᠪᠰᠢᠨ᠎ᠢᠶᠡᠨ ᠰᠠᠢᠲᠤᠷ ᠬᠠᠮᠠᠭᠠᠯᠠᠬᠤ ᠬᠡᠷᠡᠭᠲᠡᠢ ᠬᠡᠵᠦ ᠰᠠᠨᠠᠭᠤᠯᠵᠤ᠎ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面