ᠲᠡᠷᠢᠭᠦᠨ ᠨᠢᠭᠤᠷ>ᠴᠠᠭ ᠲᠦᠷᠦ> ᠬᠠᠤᠯᠢ ᠳᠦᠷᠢᠮ

2026-11-18 11:57:14

ᠵᠣᠬᠢᠶᠠᠭ᠍ᠴᠢ᠄ ᠰᠦᠨ ᠯᠢ ᠶᠢᠩ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 17 ᠤ᠋ ᠦᠳᠡ᠎ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ ᠡᠴᠨ 《ᠤᠮᠠᠷᠠᠲᠤ ᠬᠢᠯᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠵᠤ᠂ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠬᠦ》 ᠰᠤᠨᠢᠨ ᠮᠡᠳᠡᠭᠡ ᠨᠡᠢᠳᠡᠯᠡᠬᠦ ᠬᠤᠷᠠᠯ ᠬᠢᠵᠤ᠂ ᠦᠪᠦᠷ ᠮᠤᠡᠭᠭᠤᠯ ᠤ᠋ᠨ ᠬᠢᠯᠢ ᠪᠡᠷ ᠤᠷᠤᠵᠤ ᠭᠠᠷᠬᠤ ᠬᠢᠯᠢ ᠵᠢᠨ ᠬᠠᠮᠠᠭᠠᠯᠠᠯᠳᠠ ᠵᠢᠨ ᠪᠠᠢᠴᠠᠭᠠᠬᠤ ᠶᠡᠷᠦᠡᠭᠭᠡᠢ ᠦᠷᠳᠡᠭᠡ ᠵᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠡᠴᠨ ᠪᠠᠢᠳᠠᠯ᠎ᠢ ᠲᠠᠨᠢᠯᠴᠠᠭᠤᠯᠪᠠ᠃

ᠡᠨᠡ ᠵᠢᠯ᠎ᠡᠴᠡ ᠨᠠᠭᠠᠰᠢ᠂ ᠦᠪᠦᠷ ᠮᠤᠡᠭᠭᠤᠯ ᠤ᠋ᠨ ᠬᠢᠯᠢ ᠪᠡᠷ ᠤᠷᠤᠵᠤ ᠭᠠᠷᠬᠤ ᠬᠢᠯᠢ ᠵᠢᠨ ᠬᠠᠮᠠᠭᠠᠯᠠᠯᠳᠠ ᠵᠢᠨ ᠪᠠᠢᠴᠠᠭᠠᠬᠤ ᠶᠡᠷᠦᠡᠭᠭᠡᠢ ᠦᠷᠳᠡᠭᠡ ᠵᠢᠨ ᠬᠢᠨ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠬᠦᠷᠢᠶᠡᠨ᠎ᠳᠡᠬᠢ 《ᠳᠠᠯᠪᠢᠬᠤ ᠬᠠᠮᠢᠶᠠᠷᠬᠤ ᠦᠢᠯᠡᠴᠢᠯᠡᠬᠦ》ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠤᠳᠤᠬᠠᠨ ᠪᠤᠯᠳᠠᠯ᠎ᠠ ᠬᠢᠯᠢ᠎ᠪᠡᠷ ᠣᠷᠣᠵᠤ ᠭᠠᠷᠬᠤ ᠬᠥᠮᠥᠰ᠎ᠢ ᠨᠡᠶ᠋ᠢᠲᠡ 590.5 ᠲᠦᠮᠡᠨ ᠬᠥᠮᠥᠨ ᠤᠳᠠᠭ᠎ᠠ᠂ ᠵᠠᠮ ᠲᠡᠭᠡᠭᠡᠪᠦᠷᠢ᠎ᠶᠢᠨ ᠪᠠᠭᠠᠵᠢ᠎ᠶᠢ 255.9 ᠲᠦᠮᠡᠨ (ᠴᠤᠪᠤᠭ᠎ᠠ᠂ ᠵᠢᠶᠠᠰᠠ) ᠤᠳᠠᠭ᠎ᠠ ᠪᠠᠢᠴᠠᠭᠠᠵᠤ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ ᠪᠥᠬᠥ ᠤᠯᠤᠰ᠎ᠤᠨ ᠬᠠᠭᠤᠷᠠᠢ ᠵᠠᠮ᠎ᠤᠨ ᠪᠣᠭᠣᠮᠲᠠ᠎ᠵᠢᠨ ᠨᠢᠭᠡᠳᠦᠭᠡᠷ᠎ᠲᠦ ᠣᠷᠣᠪᠠ᠃

ᠪᠣᠭᠣᠮᠲᠠ᠎ᠪᠠᠷ ᠥᠩᠭᠡᠷᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢᠨ ᠲᠥᠯᠥᠭᠡ ᠥᠪᠥᠷ ᠮᠣᠩᠭᠣᠯ᠎ᠤᠨ ᠬᠢᠯᠢ ᠪᠡᠷ ᠤᠷᠤᠵᠤ ᠭᠠᠷᠬᠤ ᠬᠢᠯᠢ ᠵᠢᠨ ᠬᠠᠮᠠᠭᠠᠯᠠᠯᠳᠠ ᠵᠢᠨ ᠪᠠᠢᠴᠠᠭᠠᠬᠤ ᠶᠡᠷᠦᠩᠬᠡᠢ ᠥᠷᠲᠡᠭᠡ ᠵᠢᠨ ᠬᠢᠨ ᠳᠤᠮᠳᠠᠳᠤ ᠤᠯᠤᠰ(ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ ᠳ᠋ᠤ ᠦᠢᠯᠡᠴᠢᠯᠡᠵᠦ᠂ ᠳᠤᠮᠳᠠᠳᠤ ᠮᠣᠩᠭᠣᠯ᠎ᠤᠨ ᠠᠵᠤ ᠠᠬᠤᠢ᠎ᠶᠢᠨ ᠬᠠᠮᠲᠤᠷᠠᠯᠴᠠᠭᠠᠨ᠎ᠤ ᠣᠷᠣᠨ᠎ᠤ ᠪᠠᠢᠴᠠᠭᠠᠨ ᠰᠢᠯᠭᠠᠬᠤ ᠬᠢᠨᠠᠯᠲᠠ ᠬᠠᠮᠢᠶᠠᠷᠤᠯᠲᠠ᠎ᠶᠢᠨ ᠵᠠᠭᠪᠤᠷ᠎ᠤᠨ ᠰᠢᠨ᠎ᠡ᠎ᠶᠢ ᠡᠭᠦᠳᠴᠦ᠂ ᠣᠶᠤᠨᠴᠢᠯᠠᠭᠰᠠᠨ ᠪᠠᠢᠴᠠᠭᠠᠨ ᠰᠢᠯᠭᠠᠬᠤ ᠥᠭᠡᠷᠡᠴᠢᠯᠡᠯᠲᠡ᠎ᠶᠢ ᠠᠬᠢᠭᠤᠯᠵᠤ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠨᠡᠪᠲᠡᠷᠡᠬᠦ ᠬᠡᠮᠵᠢᠶ᠎ᠡ᠎ᠶᠢᠨ ᠪᠥᠬᠥ ᠤᠯᠤᠰ᠎ᠤᠨ ᠬᠠᠭᠠᠰ ᠰᠢᠬᠠᠮ᠎ᠢ ᠡᠵᠡᠯᠡᠬᠦ᠎ᠶᠢ ᠪᠠᠲᠤᠯᠠᠪᠠ; ᠣᠷᠣᠰ᠎ᠤᠨ ᠠᠷᠠᠳ ᠢᠷᠭᠡᠨ᠎ᠳᠦ ᠸᠢᠰᠠ ᠲᠠᠮᠠᠭᠠᠯᠠᠬᠤ᠎ᠡᠴᠨ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠭᠠᠳᠠᠭᠠᠳᠤ᠎ᠶᠢᠨ ᠬᠥᠮᠥᠨ᠎ᠦ ᠬᠢᠯᠢ᠎ᠳᠦ ᠣᠷᠣᠬᠤ ᠺᠠᠷᠲ᠎ᠢ ᠰᠦᠯᠵᠢᠶᠡᠨ ᠳᠡᠭᠡᠷ᠎ᠡ ᠲᠠᠭᠯᠠᠬᠤ᠎ᠶᠢ ᠬᠡᠷᠡᠭᠵᠢᠭᠦᠯᠪᠡ; ᠪᠣᠭᠣᠮᠲᠠ᠎ᠪᠠᠷ ᠥᠩᠭᠡᠷᠡᠬᠦ ᠠᠵᠢᠯ᠎ᠤᠨ ᠲᠠᠷᠠᠭᠠᠯᠠᠯ᠎ᠢ ᠦᠷᠭᠦᠯᠵᠢᠯᠡᠨ ᠰᠢᠯᠢᠳᠡᠭᠵᠢᠭᠦᠯᠵᠦ᠂ ᠪᠦᠬᠦᠯᠢ ᠲᠡᠷᠭᠡ᠎ᠪᠡᠷ ᠭᠠᠳᠠᠭ᠍ᠰᠢ ᠭᠠᠷᠭᠠᠬᠤ《ᠰᠠᠭᠠᠳ ᠦᠭᠡᠢ ᠨᠡᠪᠲᠡᠷᠡᠬᠦ ᠵᠠᠮ》 ᠢ᠋ ᠨᠡᠭᠡᠭᠡᠵᠦ᠂ ᠭᠠᠭᠴᠠᠮᠣᠳᠤ᠂ ᠴᠡᠭᠡ᠂ ᠮᠠᠨᠳᠤᠯ ᠵᠡᠷᠭᠡ ᠭᠣᠣᠯᠳᠠᠯᠭ᠎ᠠ᠎ᠲᠠᠢ ᠡᠨᠧᠷᠭᠢ᠎ᠶᠢᠨ ᠪᠣᠭᠣᠮᠲᠠ᠎ᠳᠤ ᠪᠦᠷᠢᠳᠬᠡᠨ ᠳᠡᠩᠰᠡᠯᠡᠵᠦ ᠰᠢᠯᠭᠠᠨ ᠥᠩᠭᠡᠷᠡᠭᠦᠯᠬᠦ᠂ ᠣᠶᠤᠨᠴᠢ᠎ᠪᠠᠷ ᠪᠠᠢᠴᠠᠭᠠᠬᠤ ᠵᠡᠷᠭᠡ ᠠᠷᠭ᠎ᠠ ᠬᠡᠮᠵᠢᠶ᠎ᠡ᠎ᠶᠢ ᠠᠪᠴᠤ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠪᠠᠷᠠᠭ᠎ᠠ᠎ᠶᠢᠨ ᠲᠡᠭᠡᠭᠡᠪᠦᠷᠢ᠎ᠶᠢᠨ ᠬᠡᠮᠵᠢᠶ᠎ᠡ  4 ᠵᠢᠯ ᠳᠠᠷᠠᠭᠠᠯᠠᠨ ᠳ᠋ᠦᠩᠰᠢᠭᠤᠷ ᠲᠣᠨ ᠡᠴᠡ ᠢᠯᠡᠬᠦᠦ ᠪᠠᠢᠬᠤ ᠵᠢ ᠪᠠᠳᠤᠯᠠᠪᠠ; ᠳᠤᠮᠳᠠᠳᠤ ᠭᠠᠳᠠᠭᠠᠳᠤ᠎ᠶᠢᠨ ᠬᠢᠯᠢ᠎ᠪᠡᠷ ᠣᠷᠣᠵᠤ ᠭᠠᠷᠬᠤ ᠬᠥᠮᠥᠰ᠎ᠦᠨ ᠬᠦᠰᠡᠯ ᠱᠠᠭᠠᠷᠳᠠᠯᠭ᠎ᠠ᠎ᠳᠦ ᠬᠠᠷᠢᠭᠤᠯᠲᠠ ᠥᠭᠴᠦ᠂ ᠬᠢᠯᠢ ᠠᠯᠤᠰᠯᠠᠭᠰᠠᠨ ᠪᠠᠴᠢᠮ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠬᠤ᠂ 12367 ᠦᠢᠯᠡᠴᠢᠯᠡᠭᠡᠨ᠎ᠦ ᠲᠠᠪᠴᠠᠩ᠎ᠢ ᠴᠢᠨᠠᠷ ᠰᠠᠢᠲᠠᠢ ᠠᠵᠢᠯᠯᠠᠭᠤᠯᠬᠤ ᠵᠡᠷᠭᠡ ᠠᠷᠭ᠎ᠠ ᠬᠡᠯᠪᠡᠷᠢ᠎ᠪᠡᠷ ᠠᠶᠠᠨᠴᠢᠳ᠎ᠲᠦ ᠦᠢᠯᠡᠴᠢᠯᠡᠪᠡ᠃

ᠪᠣᠭᠣᠮᠲᠠ᠎ᠶᠢᠨ ᠶᠡᠬᠡ᠎ᠪᠡᠷ ᠣᠷᠣᠭᠤᠯᠵᠤ ᠭᠠᠷᠭᠠᠬᠤ᠂ ᠲᠦᠷᠭᠡᠨ ᠣᠷᠣᠭᠤᠯᠵᠤ ᠭᠠᠷᠭᠠᠬᠤ ᠪᠣᠳᠠᠲᠤ ᠬᠡᠷᠡᠭᠴᠡᠭᠡ᠎ᠳᠦ ᠴᠢᠭᠯᠡᠭᠦᠯᠦᠨ᠂ ᠥᠪᠥᠷ ᠮᠣᠩᠭᠣᠯ᠎ᠤᠨ ᠬᠢᠯᠢ ᠪᠡᠷ ᠤᠷᠤᠵᠤ ᠭᠠᠷᠬᠤ ᠬᠢᠯᠢ ᠵᠢᠨ ᠬᠠᠮᠠᠭᠠᠯᠠᠯᠳᠠ ᠵᠢᠨ ᠪᠠᠢᠴᠠᠭᠠᠬᠤ  ᠶᠡᠷᠦᠡᠭᠭᠡᠢ ᠥᠷᠲᠡᠭᠡ ᠵᠢᠨ ᠬᠢᠨ ᠬᠢᠯᠢ᠎ᠪᠡᠷ ᠣᠷᠣᠵᠤ ᠭᠠᠷᠬᠤ ᠲᠡᠷᠭᠡ ᠬᠥᠰᠬᠡ ᠵᠢᠴᠢ ᠵᠢᠯᠣᠭᠣᠴᠢ᠎ᠶᠢᠨ ᠢᠯᠭᠠᠨ ᠲᠠᠨᠢᠵᠤ ᠬᠠᠷᠭᠤᠭᠤᠯᠬᠤ ᠰᠢᠰᠲᠧᠮ᠂ ᠲᠡᠷᠭᠡ ᠬᠦᠰᠭᠡ ᠪᠠᠢᠴᠠᠭᠠᠬᠤ AI ᠲᠤᠰᠠᠯᠠᠬᠤ ᠰᠢᠰᠲᠧᠮ᠎ᠢ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠵᠦ᠂《ᠲᠣᠭᠠᠴᠢᠯᠠᠭᠰᠠᠨ ᠣᠶᠤᠨᠴᠢᠯᠠᠭᠰᠠᠨ ᠨᠢᠭᠡ ᠥᠷᠲᠡᠭᠡᠴᠢᠯᠡᠭᠰᠡᠨ ᠬᠡᠯᠪᠡᠷᠢ ᠵᠢᠨ ᠲᠦᠷᠭᠡᠨ ᠨᠡᠪᠲᠡᠷᠡᠬᠦ ᠵᠠᠮ》 ᠢ᠋ ᠪᠠᠢᠭᠤᠯᠵᠤ᠂ ᠬᠢᠯᠢ ᠠᠯᠤᠰᠯᠠᠭᠰᠠᠨ ᠠᠷᠠᠯᠵᠢᠶᠠᠨ᠎ᠤ 《ᠬᠤᠷᠳᠤᠴᠠ᠎ᠪᠠᠨ ᠲᠦᠷᠭᠡᠳᠬᠡᠬᠦ》 ᠳ᠋ᠤ ᠬᠦᠴᠦᠨ ᠨᠡᠮᠡᠷᠢᠯᠡᠪᠡ; AGV ᠬᠢᠯᠢ ᠠᠯᠤᠰᠯᠠᠨ ᠲᠡᠭᠡᠭᠡᠪᠦᠷᠢᠯᠡᠬᠦ ᠵᠠᠭᠪᠤᠷ᠎ᠢ ᠳᠡᠯᠭᠡᠷᠡᠭᠦᠯᠵᠦ᠂ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠲᠦᠭᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ ᠪᠠ ᠦᠢᠯᠡᠴᠢᠯᠡᠭᠡᠨ᠎ᠦ ᠠᠵᠢᠯᠯᠠᠭᠠᠨ᠎ᠤ ᠵᠢᠷᠤᠮᠵᠢᠯ᠎ᠢ ᠨᠡᠢᠲᠡᠯᠡᠵᠡᠢ᠃

ᠥᠪᠥᠷ ᠮᠣᠩᠭᠣᠯ᠎ᠤᠨ ᠬᠢᠯᠢ ᠪᠡᠷ ᠤᠷᠤᠵᠤ ᠭᠠᠷᠬᠤ ᠬᠢᠯᠢ ᠵᠢᠨ ᠬᠠᠮᠠᠭᠠᠯᠠᠯᠳᠠ ᠵᠢᠨ ᠪᠠᠢᠴᠠᠭᠠᠬᠤ ᠶᠡᠷᠦᠡᠭᠭᠡᠢ ᠥᠷᠲᠡᠭᠡ ᠵᠢᠨ ᠬᠢᠨ ᠪᠠᠰᠠ ᠠᠮᠤᠭᠤᠯᠠᠩᠳᠤ ᠬᠢᠯᠢ ᠵᠢ ᠡᠭᠦᠳᠦᠨ ᠪᠠᠶ᠋ᠢᠭᠤᠯᠬᠤ᠎ᠶᠢ ᠭᠦᠨᠵᠡᠭᠡᠢᠷᠡᠬᠦᠯᠦᠨ ᠠᠬᠢᠭᠤᠯᠵᠤ᠂ 《ᠳᠥᠷᠪᠡᠨ ᠰᠠᠯᠪᠤᠷᠢ ᠬᠣᠯᠪᠤᠭᠠᠯᠠᠨ ᠡᠶᠡᠳᠡᠬᠦᠯᠬᠦ》 ᠵᠡᠷᠭᠡ ᠣᠯᠠᠨ ᠡᠰᠢᠵᠢᠭᠰᠡᠨ ᠵᠥᠷᠢᠴᠡᠯ ᠵᠠᠭᠤᠷᠠᠯᠳᠤᠭᠠᠨ᠎ᠢ ᠰᠢᠢᠳᠪᠦᠷᠢᠯᠡᠬᠦ ᠲᠣᠭᠲᠠᠴᠠ᠎ᠶᠢ ᠰᠦᠪᠡᠭᠴᠢᠯᠡᠨ ᠳᠡᠯᠭᠡᠷᠡᠭᠦᠯᠵᠦ᠂ ᠬᠢᠯᠢ ᠬᠢᠵᠠᠭᠠᠷ᠎ᠤᠨ ᠣᠯᠠᠨ᠎ᠢᠶᠠᠷ᠎ᠢᠶᠠᠨ ᠰᠡᠷᠭᠡᠢᠯᠡᠵᠦ ᠣᠯᠠᠨ᠎ᠢᠶᠠᠷ᠎ᠢᠶᠠᠨ ᠵᠠᠰᠠᠬᠤ ᠬᠦᠴᠦᠨ ᠪᠠ ᠬᠢᠯᠢ ᠬᠠᠮᠠᠭᠠᠯᠠᠭ᠍ᠴᠢ᠎ᠶᠢᠨ ᠡᠩᠨᠡᠭᠡ᠎ᠶᠢ ᠪᠤᠵᠠᠭᠠᠢᠷᠠᠭᠤᠯᠤᠨ ᠵᠠᠰᠠᠯᠲᠠ᠎ᠶᠢᠨ ᠵᠠᠭᠪᠤᠷ᠎ᠢ ᠰᠢᠨᠡᠴᠢᠯᠡᠵᠦ᠂ ᠬᠢᠯᠢ ᠬᠢᠵᠠᠭᠠᠷ ᠣᠷᠣᠨ᠎ᠤ ᠠᠮᠤᠷ ᠲᠦᠪᠰᠢᠨ ᠲᠣᠭᠲᠠᠭᠤᠨ᠎ᠢ ᠬᠠᠮᠠᠭᠠᠯᠠᠪᠠ; ᠰᠢᠨ᠎ᠡ ᠮᠡᠷᠭᠡᠵᠢᠯ᠎ᠤᠨ ᠬᠠᠮᠢᠶᠠᠷᠤᠨ ᠡᠵᠡᠮᠳᠡᠬᠦ ᠠᠷᠭ᠎ᠠ ᠪᠠᠷᠢᠯ᠎ᠢ ᠬᠡᠷᠡᠭᠯᠡᠵᠦ᠂ 《ᠣᠶᠤᠨᠳᠤ ᠬᠢᠯᠢ᠎ᠶᠢᠨ ᠬᠠᠮᠠᠭᠠᠯᠠᠯᠲᠠ》ᠵᠢᠨ ᠪᠠᠢᠭᠤᠯᠤᠯᠲᠠ᠎ᠶᠢ ᠠᠬᠢᠭᠤᠯᠤᠨ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ᠎ᠪᠡᠨ ᠬᠠᠮᠲᠤᠳᠬᠠᠨ ᠬᠢᠯᠢ᠎ᠶᠢ ᠬᠦᠴᠦᠷᠬᠡᠭᠵᠢᠭᠦᠯᠵᠦ ᠰᠡᠷᠭᠡᠢᠯᠡᠯᠲᠡ᠎ᠶᠢ ᠪᠡᠬᠢᠵᠢᠭᠦᠯᠬᠦ᠎ᠶᠢ ᠭᠦᠨᠵᠡᠭᠡᠢᠷᠡᠭᠦᠯᠵᠦ᠂ ᠡᠷᠡᠭᠦᠦ᠎ᠶᠢᠨ ᠬᠡᠷᠡᠭ᠂ ᠠᠮᠤᠷ᠎ᠢ ᠬᠠᠮᠠᠭᠠᠯᠠᠬᠤ ᠬᠡᠷᠡᠭ᠎ᠦᠨ 《ᠬᠣᠣᠰ ᠪᠠᠭᠤᠷᠠᠯᠲᠠ》 ᠵᠢ ᠪᠡᠶᠡᠯᠡᠭᠦᠯᠪᠡ; 《ᠡᠮᠴᠢᠯᠡᠭᠡᠨ᠎ᠦ ᠤᠯᠠᠭᠠᠨᠮᠥ᠋ᠴᠢᠷ》 ᠵᠡᠷᠭᠡ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠠᠵᠢᠯᠯᠠᠭ᠎ᠠ᠎ᠶᠢ ᠥᠷᠨᠢᠭᠦᠯᠵᠦ᠂ ᠣᠨᠴᠠᠯᠢᠭ᠍ᠲᠤ ᠳᠠᠪᠠᠭᠤᠯᠢᠭ᠋ ᠠᠵᠤ ᠦᠢᠯᠡᠰ ᠪᠠ ᠬᠢᠯᠢ᠎ᠶᠢᠨ ᠵᠢᠭᠤᠯᠴᠢᠯᠠᠯ᠎ᠢ ᠢᠳᠡᠪᠬᠢᠲᠡᠢ ᠳᠡᠮᠵᠢᠨ ᠬᠥᠭᠵᠢᠭᠦᠯᠵᠦ ᠂ ᠬᠢᠯᠢ ᠬᠢᠵᠠᠭᠠᠷ᠎ᠤ᠋ᠨ ᠣᠯᠠᠨ ᠲᠦᠮᠡᠨ ᠤ᠋ ᠣᠷᠣᠯᠭ᠎ᠠ᠎ᠶᠢ ᠨᠢ ᠨᠡᠮᠡᠭᠳᠡᠭᠦᠯᠬᠦ ᠵᠢ ᠲᠠᠢᠴᠢᠯᠠᠪᠠ; 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ᠎ᠶᠢᠨ ᠬᠠᠮᠢᠶᠠᠷᠤᠯᠲᠠ᠎ᠶᠢᠨ ᠳᠦᠷᠢᠮ》 ᠳ᠋ᠤ ᠵᠠᠰᠠᠪᠤᠷᠢ ᠣᠷᠣᠭᠤᠯᠬᠤ᠎ᠶᠢ ᠠᠬᠢᠭᠤᠯᠵᠤ᠂ ᠬᠢᠯᠢ ᠬᠢᠵᠠᠭᠠᠷ ᠣᠷᠣᠨ᠎ᠤ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠵᠤ᠂ ᠬᠠᠮᠲᠤ᠎ᠪᠡᠷ ᠴᠡᠴᠡᠭᠯᠡᠨ ᠬᠥᠭᠵᠢᠬᠦ᠎ᠳᠦ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面