2026-08-14 10:07:09
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠪᠣᠯᠤᠨ ᠹᠷᠠᠨᠼᠢᠳ᠋ᠡᠬᠢ ᠳᠤᠮᠳᠠᠳᠤ᠎ᠶ᠋ᠢᠨ ᠬᠠᠷᠢᠶᠠᠲᠤ ᠵᠢᠴᠢ ᠲᠤᠮᠳᠠᠳᠤ ᠵᠢᠨ ᠬᠦᠮᠦᠰ᠎ᠤᠨ ᠡᠮᠡᠭ᠌ᠲᠡᠢᠴᠦᠳ᠎ᠦᠨ ᠬᠣᠯᠪᠣᠭ᠎ᠠ ᠵᠢᠨ ᠠᠢᠯᠴᠢᠯᠠᠯᠲᠠ᠎ᠶ᠋ᠢᠨ ᠪᠦᠯᠬᠦᠮ ᠤᠢᠷ᠎ᠠ᠎ᠳᠤ ᠬᠦᠬᠡᠬᠤᠳᠠ ᠳ᠋ᠤ ᠶᠠᠷᠢᠯᠴᠠᠨ ᠰᠣᠯᠢᠯᠴᠠᠬᠤ ᠬᠤᠷᠠᠯ ᠬᠢᠪᠡ᠃
ᠬᠤᠷᠠᠯ ᠳᠡᠭᠡᠷ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠵᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ ᠣᠢᠷ᠎ᠠ᠎ᠶ᠋ᠢᠨ ᠵᠢᠯ᠎ᠤᠨ ᠦᠪᠦᠷ ᠮᠤᠩᠭᠤᠯ᠎ᠤᠨ ᠡᠮᠡᠭᠳᠡᠢᠴᠤᠳ᠎ᠤᠨ ᠬᠤᠯᠪᠤᠭ᠎ᠠ ᠵᠢᠨ ᠪᠦᠬᠦ ᠲᠠᠯ᠎ᠠ ᠵᠢᠨ ᠠᠵᠢᠯ᠎ᠢ ᠲᠠᠨᠢᠯᠴᠠᠭᠤᠯᠬᠤ ᠵᠢᠨ ᠬᠠᠮᠲᠤ᠂ ᠳᠤᠮᠳᠠᠳᠤ ᠹᠷᠠᠨᠼᠢ᠎ᠶ᠋ᠢᠨ ᠰᠣᠶᠣᠯ᠎ᠤᠨ ᠰᠣᠯᠢᠯᠴᠠᠭᠠᠨ᠎ᠤ ᠲᠠᠪᠴᠠᠩ ᠪᠠᠢᠭᠤᠯᠬᠤ᠂ ᠨᠡᠢᠲᠡ᠎ᠶ᠋ᠢᠨ ᠠᠰᠠᠷᠠᠮᠵᠢ᠎ᠶ᠋ᠢᠨ ᠨᠢᠬᠦᠯᠡᠰᠦᠩᠬᠦᠢ ᠵᠢᠨ ᠠᠵᠢᠯᠯᠠᠭ᠎ᠠ ᠵᠢᠨ ᠬᠠᠮᠵᠢᠯᠴᠠᠭᠠᠨ᠎ᠤ ᠠᠷᠭ᠎ᠠ ᠵᠠᠮ᠎ᠢ ᠨᠡᠭᠡᠭᠡᠬᠦ᠌᠂ ᠱᠢᠨ᠎ᠡ᠎ᠶ᠋ᠢ ᠡᠭᠦᠳᠬᠦ᠌ ᠦᠶ᠋ᠯᠡᠰ ᠪᠣᠰᠭᠠᠬᠤ ᠵᠠᠭ᠍ᠪᠤᠷ᠎ᠢ ᠰᠦᠪᠡᠭ᠌ᠴᠢᠯᠡᠬᠦ᠌ ᠵᠡᠷᠭᠡ ᠲᠠᠯ᠎ᠠ᠎ᠪᠡᠷ ᠬᠠᠮᠵᠢᠯᠴᠠᠭ᠎ᠠ᠎ᠪᠠᠨ ᠭᠦᠨᠵᠡᠭᠡᠢᠷᠡᠭᠦᠯᠬᠦ ᠵᠢ ᠬᠦᠰᠡᠵᠡᠢ᠃
ᠹᠷᠠᠨᠼᠢ᠎ᠶ᠋ᠢᠨ ᠳᠤᠮᠳᠠᠳᠤ᠎ᠶ᠋ᠢᠨ ᠬᠠᠷᠢᠶᠠᠲᠤ ᠵᠢᠴᠢ ᠲᠤᠮᠳᠠᠳᠤ ᠵᠢᠨ ᠬᠦᠮᠦᠰ᠎ᠤᠨ ᠡᠮᠡᠭ᠌ᠲᠡᠢᠴᠦᠳ᠎ᠦᠨ ᠬᠣᠯᠪᠣᠭ᠎ᠠ ᠵᠢᠨ ᠬᠠᠷᠢᠭᠤᠴᠠᠯᠭᠠᠲᠠᠨ ᠡᠴᠡ᠂ ᠡᠮᠡᠭᠳᠡᠢᠴᠤᠳ᠎ᠤᠨ ᠬᠣᠯᠪᠣᠭ᠎ᠠ ᠵᠢᠨ ᠬᠥᠭ᠌ᠵᠢᠯᠲᠡ᠎ᠶ᠋ᠢᠨ ᠲᠣᠢᠮᠣ ᠪᠠᠢᠳᠠᠯ᠎ᠢ ᠲᠠᠨᠢᠯᠴᠠᠭᠤᠯᠵᠤ᠂ ᠹᠷᠠᠨᠼᠢ᠎ᠳᠠᠬᠢ ᠲᠤᠮᠳᠠᠳᠤ ᠵᠢᠨ ᠬᠠᠷᠢᠶᠠᠲᠤᠵᠢᠴᠢ ᠲᠤᠮᠳᠠᠳᠤ ᠵᠢᠨ ᠡᠮᠡᠭ᠌ᠲᠡᠢᠴᠦᠳ᠎ᠲᠡᠶ ᠪᠦᠯᠬᠦᠮᠳᠡᠵᠦ᠍᠂ ᠳᠤᠮᠳᠠᠳᠤ᠎ᠶ᠋ᠢᠨ ᠰᠣᠶᠣᠯ᠎ᠢ ᠤᠯᠠᠮᠵᠢᠯᠠᠵᠤ᠂ ᠳᠤᠮᠳᠠᠳᠤ ᠹᠷᠠᠨᠼᠢ᠎ᠶ᠋ᠢᠨ ᠠᠷᠠᠳ᠎ᠤᠨ ᠰᠣᠯᠢᠯᠴᠠᠭ᠎ᠠ᠎ᠶ᠋ᠢ ᠠᠬᠢᠭᠤᠯᠵᠤ᠂ ᠨᠡᠢᠲᠡ᠎ᠶ᠋ᠢᠨ ᠠᠰᠠᠷᠠᠮᠵᠢ᠎ᠶ᠋ᠢᠨ ᠨᠢᠬᠦᠯᠡᠰᠦᠩᠬᠦᠢ ᠵᠢᠨ ᠦᠢᠯᠡᠰ᠎ᠢ ᠬᠦᠨᠵᠡᠭᠡᠢᠷᠡᠭᠦᠯᠬᠦ ᠵᠡᠷᠭᠡ ᠲᠠᠯ᠎ᠠ᠎ᠶ᠋ᠢᠨ ᠲᠤᠷᠱᠢᠯᠭ᠎ᠠ ᠪᠣᠯᠤᠨ ᠦᠷ᠎ᠡ ᠪᠦᠲᠦᠭᠡᠯ ᠵᠢᠡᠨ ᠬᠤᠪᠢᠶᠠᠯᠴᠠᠵᠤ᠂ ᠭᠠᠳᠠᠭᠠᠳᠤ᠎ᠳᠤ ᠪᠠᠢᠭ᠎ᠠ ᠳᠤᠮᠳᠠᠳᠤ᠎ᠶ᠋ᠢᠨ ᠬᠠᠷᠢᠶᠠᠲᠤ ᠵᠢᠴᠢ ᠲᠤᠮᠳᠠᠳᠤ ᠵᠢᠨ ᠬᠦᠮᠦᠰ᠎ᠤᠨ ᠡᠬᠡ ᠤᠯᠤᠰ᠎ᠢᠶᠠᠨ ᠬᠠᠢᠷᠠᠯᠠᠵᠤ ᠨᠤᠲᠤᠭ ᠤᠰᠤ᠎ᠪᠠᠨ ᠬᠠᠢᠷᠠᠯᠠᠬᠤ᠂ ᠡᠷᠡᠯᠬᠡᠭ᠌ᠯᠡᠨ ᠲᠡᠮᠡᠴᠡᠬᠦ᠌ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ᠃
ᠰᠣᠯᠢᠯᠴᠠᠭᠠᠨ᠎ᠤ ᠬᠤᠭᠤᠴᠠᠭᠠᠨ᠎ᠳᠤ᠂ ᠬᠣᠶᠠᠷ ᠲᠠᠯ᠎ᠠ᠎ᠪᠠᠷ᠎ᠢᠶᠠᠨ ᠡᠮᠡᠭ᠌ᠲᠡᠢᠴᠦᠳ᠎ᠦᠨ ᠠᠵᠢᠯ ᠦᠢᠯᠡᠰ᠎ᠦᠨ ᠬᠥᠭ᠌ᠵᠢᠯᠲᠡ᠂ ᠭᠡᠷ ᠪᠦᠯᠢ᠎ᠶ᠋ᠢᠨ ᠪᠠᠢᠭᠤᠯᠤᠯᠲᠠ᠂ ᠡᠮᠡᠭ᠌ᠲᠡᠢᠴᠦᠳ᠎ᠦᠨ ᠡᠷᠬᠡ ᠠᠱᠢᠭ᠎ᠤᠨ ᠪᠠᠲᠤᠯᠠᠭ᠎ᠠ᠂ ᠭᠠᠳᠠᠭᠠᠳᠤ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ ᠵᠡᠷᠭᠡ ᠲᠠᠯ᠎ᠠ᠎ᠶ᠋ᠢᠨ ᠲᠣᠭᠣᠷᠢᠨ᠎ᠳᠤ ᠭᠦᠨᠵᠡᠭᠡᠢ ᠶᠠᠷᠢᠯᠴᠠᠨ ᠰᠣᠯᠢᠯᠴᠠᠵᠤ᠂ ᠲᠤᠬᠠᠢ᠎ᠶ᠋ᠢᠨ ᠲᠠᠯᠠᠪᠠᠢ᠎ᠶ᠋ᠢᠨ ᠠᠭᠤᠷ ᠠᠮᠢᠰᠭᠤᠯ ᠡᠶ᠎ᠡ ᠨᠠᠢᠷᠲᠠᠢ ᠪᠠᠢᠵᠤ᠂ ᠣᠢᠯᠠᠭᠠᠯᠴᠠᠭ᠎ᠠ᠎ᠪᠠᠨ ᠨᠡᠮᠡᠭ᠌ᠳᠡᠭᠦᠯᠵᠦ᠂ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠵᠤ᠂ ᠨᠥᠬᠥᠷᠯᠡᠯ᠎ᠢᠶᠡᠨ ᠭᠦᠨᠵᠡᠭᠡᠢᠷᠡᠭᠦᠯᠪᠡ᠃
ᠬᠣᠶᠠᠷ ᠲᠠᠯ᠎ᠠ᠎ᠪᠠᠷ᠎ᠢᠶᠠᠨ᠂ ᠲᠤᠰ ᠤᠳᠠᠭ᠎ᠠ᠎ᠶ᠋ᠢᠨ ᠠᠢᠯᠴᠢᠯᠠᠯᠲᠠᠪᠠ ᠰᠤᠯᠢᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠪᠠᠢ᠌ᠩᠭᠤᠵᠢᠭ᠍ᠰᠠᠨ ᠰᠣᠯᠢᠯᠴᠠᠭᠠᠨ᠎ᠤ ᠲᠠᠪᠴᠠᠩ᠎ᠢ ᠪᠠᠢᠭᠤᠯᠵᠤ᠂ ᠡᠮᠡᠭ᠌ᠲᠡᠢᠴᠦᠳ᠎ᠦᠨ ᠬᠥᠭ᠌ᠵᠢᠯᠲᠡ᠂ ᠰᠣᠶᠣᠯ᠎ᠤᠨ ᠰᠣᠯᠢᠯᠴᠠᠭ᠎ᠠ᠂ ᠨᠡᠢᠲᠡ᠎ᠶ᠋ᠢᠨ ᠠᠰᠠᠷᠠᠮᠵᠢ᠎ᠶ᠋ᠢᠨ ᠦᠢᠯᠡᠰ᠂ ᠡᠮᠡᠭ᠌ᠲᠡᠢᠴᠦᠳ᠎ᠦᠨ ᠦᠢᠯᠡᠰ ᠪᠤᠰᠭᠠᠬᠤ ᠵᠡᠷᠭᠡ ᠲᠠᠯ᠎ᠠ᠎ᠪᠠᠷ ᠬᠢ ᠲᠤᠷᠱᠢᠯᠭ᠎ᠠ᠎ᠪᠠᠨ ᠬᠠᠷᠢᠯᠴᠠᠨ ᠲᠤᠯᠢᠯᠠᠵᠤ᠂ ᠬᠠᠮᠲᠤᠷᠠᠯᠴᠠᠭ᠎ᠠ ᠰᠣᠯᠢᠯᠴᠠᠭ᠎ᠠ᠎ᠪᠠᠨ ᠤᠯᠠᠮ ᠴᠢᠨᠠᠭ᠍ᠰᠢᠳᠠ ᠴᠢᠩᠭᠠᠳᠭᠠᠵᠤ᠂ ᠳᠤᠮᠳᠠᠳᠤ ᠹᠷᠠᠨᠼᠢ᠎ᠶ᠋ᠢᠨ ᠠᠷᠠᠳ᠎ᠤᠨ ᠰᠡᠳᠭᠢᠯ᠎ᠦᠨ ᠨᠡᠪᠲᠡᠷᠡᠯᠴᠡᠭᠡ᠎ᠶ᠋ᠢ ᠠᠬᠢᠭᠤᠯᠬᠤ᠂ ᠬᠣᠶᠠᠷ ᠤᠯᠤᠰ᠎ᠤᠨ ᠠᠷᠠᠳ ᠲᠦᠮᠡᠨ᠎ᠦ ᠨᠥᠬᠥᠷᠯᠡᠯ᠎ᠢ ᠵᠤᠵᠠᠭᠠᠳᠭᠠᠬᠤ᠎ᠳᠤ ᠡᠮᠡᠭ᠌ᠲᠡᠢᠴᠤᠳ᠎ᠤᠨ ᠬᠦᠴᠦᠨ ᠴᠢᠳᠠᠯ᠎ᠢ ᠡᠷᠭᠦᠨ᠎ᠡ ᠭᠡᠵᠦ᠍ ᠰᠠᠨᠠᠯ ᠨᠢᠭᠡᠳᠡᠢ ᠢᠯᠡᠷᠭᠡᠢᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃