2026-08-14 10:03:45
4 ᠰᠠᠷ᠎ᠠ᠎ᠶ᠋ᠢᠨ 15 ᠤ᠋ ᠡᠳᠦᠷ ᠪᠠ 16 ᠤ᠋ ᠡᠳᠦᠷ᠂ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠢᠲ᠋ᠠᠯᠢ᠎ᠶ᠋ᠢᠨ ᠨᠥᠬᠥᠷᠰᠡᠭ ᠬᠣᠲᠠ᠎ᠶ᠋ᠢᠨ ᠬᠠᠮᠲᠤᠷᠠᠯᠴᠠᠭᠠᠨ᠎ᠤ ᠶᠠᠷᠢᠯᠴᠠᠭᠠᠨ᠎ᠤ ᠬᠤᠷᠠᠯ ᠪᠠ 2026 ᠣᠨ᠎ᠤ ᠳᠤᠮᠳᠠᠳᠤ ᠢᠲ᠋ᠠᠯᠢ᠎ᠶ᠋ᠢᠨ ᠲᠡᠦᠬᠡ ᠰᠣᠶᠣᠯ᠎ᠤᠨ ᠨᠠᠷᠠᠲᠤ ᠬᠣᠲᠠ᠎ᠶ᠋ᠢᠨ ᠶᠠᠷᠢᠯᠴᠠᠭᠠᠨ᠎ᠤ ᠬᠤᠷᠠᠯ ᠲᠣᠰ ᠲᠣᠰ ᠷᠣᠮᠠ ᠪᠠ ᠫᠸᠷᠦ᠋ᠵᠠ ᠳ᠋ᠥ᠍ ᠶᠠᠪᠤᠭ᠍ᠳᠠᠪᠠ᠃ ᠠᠵᠢᠯᠯᠠᠭ᠎ᠠ᠎ᠶ᠋ᠢ ᠳᠤᠮᠳᠠᠳᠤ ᠤᠯᠤᠰ᠎ᠤᠨ ᠠᠷᠠᠳ ᠲᠦᠮᠡᠨ᠎ᠦ ᠭᠠᠳᠠᠭᠠᠳᠤ᠎ᠲᠠᠶ ᠨᠥᠬᠥᠷᠰᠡᠭ᠎ᠢᠶᠡᠷ ᠬᠠᠷᠢᠯᠴᠠᠬᠤ ᠨᠡᠢᠭᠡᠮᠯᠢᠭ᠂ ᠢᠲ᠋ᠠᠯᠢ᠎ᠳᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ᠎ᠤᠨ ᠶᠠᠮᠤᠨ᠂ ᠢᠲ᠋ᠠᠯᠢ ᠵᠢᠨ ᠬᠤᠲᠠ᠎ᠶ᠋ᠢᠨ ᠨᠡᠢᠭᠡᠮᠯᠢᠭ᠂ ᠢᠲ᠋ᠠᠯᠢ᠎ᠶ᠋ᠢᠨ ᠵᠥᠪᠯᠡᠯᠭᠡᠨ᠎ᠦ ᠬᠤᠷᠠᠯ᠎ᠤᠨ 《ᠳᠤᠮᠳᠠᠳᠤ ᠤᠯᠤᠰ᠎ᠤᠨ ᠨᠠᠢᠵᠠ》 ᠶ᠋ᠢᠨ ᠨᠡᠢᠭᠡᠮᠯᠢᠭ᠂ ᠢᠲ᠋ᠠᠯᠢ ᠳᠤᠮᠳᠠᠳᠤ᠎ᠶ᠋ᠢᠨ ᠰᠣᠶᠣᠯ᠎ᠤᠨ ᠰᠣᠯᠢᠯᠴᠠᠭᠠᠨ᠎ᠤ ᠨᠡᠢᠭᠡᠮᠯᠢᠭ ᠪᠣᠯᠤᠨ ᠫᠸᠷᠦ᠋ᠵᠠ ᠮᠤᠵᠢ᠎ᠶ᠋ᠢᠨ ᠵᠠᠰᠠᠭ᠎ᠤᠨ ᠣᠷᠳᠣᠨ ᠡᠴᠡ ᠬᠠᠮᠲᠤᠷᠠᠨ ᠡᠷᠬᠢᠯᠡᠵᠠᠢ᠃
ᠲᠡᠦᠬᠡ ᠰᠣᠶᠣᠯ᠎ᠤᠨ ᠨᠡᠷᠡᠳᠤ ᠬᠤᠳᠠ᠎ᠶ᠋ᠢᠨ ᠶᠠᠷᠢᠯᠴᠠᠭᠠᠨ᠎ᠤ ᠬᠤᠷᠠᠯ ᠳᠡᠭᠡᠷ᠎ᠡ᠂ ᠬᠣᠶᠠᠷ ᠲᠠᠯ᠎ᠠ᠎ᠶ᠋ᠢᠨ ᠲᠥᠯᠥᠭᠡᠯᠡᠭ᠌ᠴᠢ ᠸᠠᠭᠠᠷ ᠱᠠᠭᠠᠵᠠᠩ᠎ᠤᠨ ᠰᠣᠶᠣᠯ᠎ᠳ᠋ᠤ ᠠᠨᠭᠬᠠᠷᠤᠯ᠎ᠢᠶᠡᠨ ᠲᠦᠪᠯᠡᠷᠡᠬᠦᠯᠵᠤ᠂ ᠬᠤᠳᠠ᠎ᠶ᠋ᠢᠨ ᠬᠣᠭᠣᠷᠣᠨᠳᠣᠬᠢ ᠪᠣᠯᠪᠠᠰᠤᠨ᠎ᠤ ᠰᠣᠯᠢᠯᠴᠠᠭ᠎ᠠ ᠲᠤᠯᠢᠳᠠᠯ᠎ᠢ ᠴᠢᠩᠭᠠᠳᠭᠠᠵᠤ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠎ᠶ᠋ᠢ ᠬᠠᠮᠲᠤ᠎ᠪᠠᠷ ᠦᠢᠯᠡᠳᠦᠯᠭᠡᠵᠢᠭᠦᠯᠦᠨ᠎ᠡ ᠭᠡᠵᠦ᠍ ᠢᠯᠡᠳᠭᠡᠪᠡ᠃
ᠬᠤᠷᠠᠯ᠎ᠤᠨ ᠬᠤᠭᠤᠴᠠᠭᠠᠨ᠎ᠳᠤ᠂ ᠳᠤᠮᠳᠠᠳᠤ ᠢᠲ᠋ᠠᠯᠢ᠎ᠶ᠋ᠢᠨ ᠣᠷᠣᠨ ᠨᠤᠲᠤᠭ᠎ᠤᠨ ᠵᠠᠰᠠᠭ᠎ᠤᠨ ᠣᠷᠳᠣᠨ ᠤᠯᠠᠨ ᠵᠦᠢᠯ᠎ᠦᠨ ᠬᠠᠮᠲᠤᠷᠠᠯᠴᠠᠭᠠᠨ᠎ᠤ ᠵᠥᠪᠯᠡᠯᠴᠡᠭᠡᠷ᠎ᠲᠦ ᠭᠠᠷᠤᠨ ᠦᠰᠦᠭ ᠵᠢᠷᠤᠪᠠ᠃
ᠢᠷᠠᠯᠳᠠ᠄ ᠰᠢᠨᠬᠤᠸᠠ ᠬᠤᠷᠢᠶ᠎ᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃