2026-08-14 10:07:14
ᠳᠤᠮᠳᠠᠳᠤ ᠤᠯᠤᠰ ᠪᠣᠯᠤᠨ ᠲᠦᠷᠺᠮᠸᠨ᠋ᠰᠲ᠋ᠠᠨ᠎ᠤ ᠪᠠᠢᠭᠠᠯᠢ᠎ᠶ᠋ᠢᠨ ᠱᠢᠲᠠᠮᠠᠬᠠᠢ ᠬᠡᠢ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭᠠᠨ᠎ᠤ 20 ᠵᠢᠯ᠎ᠦᠨ ᠤᠢ᠎ᠶ᠋ᠢ ᠳᠤᠷᠠᠰᠭᠠᠬᠤ ᠰᠤᠳᠤᠯᠤᠨ ᠶᠠᠷᠢᠯᠴᠠᠬᠤ ᠬᠤᠷᠠᠯ᠎ᠤᠨ ᠢᠵᠢ ᠪᠦᠷᠢᠳᠦᠭ᠌ᠰᠡᠨ ᠭᠣᠣᠯ ᠰᠡᠳᠦᠪᠲᠦ ᠦᠵᠡᠰᠭᠦᠯᠡᠩ ᠤᠢᠷ᠎ᠠ ᠵᠢᠨ ᠡᠳᠦᠷ ᠲᠦᠷᠺᠮᠸᠨ᠋ᠰᠲ᠋ᠠᠨ᠎ᠤ ᠨᠡᠢᠰᠯᠡᠯ ᠠᠱᠾᠠᠪᠠᠳ᠋ ᠲᠦ᠍ ᠶᠠᠪᠤᠭ᠍ᠳᠠᠵᠤ᠂ ᠬᠣᠶᠠᠷ ᠤᠯᠤᠰ᠎ᠤᠨ ᠵᠠᠰᠠᠭ᠎ᠤᠨ ᠤᠷᠳᠤᠨ ᠪᠠ ᠬᠤᠳᠠᠯᠳᠤᠭᠠᠨ᠎ᠤ ᠡᠲᠡᠭᠡᠳ᠎ᠦᠨ 500 ᠭᠠᠷᠤᠢ ᠲᠥᠯᠥᠭᠡᠯᠡᠭ᠌ᠴᠢ ᠲᠣᠭᠣᠷᠢᠨ ᠦᠵᠡᠪᠡ᠃
ᠲᠤᠰ ᠤᠳᠠᠭ᠎ᠠ᠎ᠶ᠋ᠢᠨ ᠦᠵᠡᠰᠭᠦᠯᠡᠩ᠎ᠢ ᠳᠤᠮᠳᠠᠳᠤ ᠤᠯᠤᠰ᠎ᠤᠨ ᠤᠯᠠᠨ ᠤᠯᠤᠰ᠎ᠤᠨ ᠠᠷᠠᠯᠵᠢᠶ᠎ᠠ᠎ᠶ᠋ᠢ ᠠᠬᠢᠭᠤᠯᠬᠤ ᠵᠥᠪᠯᠡᠯ ᠪᠣᠯᠤᠨ ᠲᠦᠷᠺᠮᠸᠨ᠋ᠰᠲ᠋ᠠᠨ᠎ᠤ ᠦᠢᠯᠡᠳᠪᠦᠷᠢ ᠬᠤᠳᠠᠯᠳᠤᠭᠠᠨ᠎ᠤ ᠡᠪᠯᠡᠯ ᠬᠠᠮᠲᠤᠷᠠᠨ ᠡᠷᠬᠢᠯᠡᠵᠦ᠍᠂ ᠴᠢᠯᠠᠭᠤᠨ ᠲᠤᠰᠤ ᠱᠢᠲᠠᠮᠠᠬᠠᠢ ᠬᠡᠢ᠂ ᠵᠠᠮ ᠬᠠᠷᠢᠯᠴᠠᠭ᠎ᠠ᠂ ᠴᠢᠮᠡᠭᠡ ᠬᠣᠯᠪᠣᠭ᠎ᠠ᠂ ᠵᠣᠬᠢᠶᠠᠮᠠᠯ ᠤᠶᠤᠨ ᠴᠢᠳᠠᠪᠤᠷᠢ᠂ ᠰᠤᠷᠭᠠᠨ ᠬᠥᠮᠦᠵᠢᠯ᠂ ᠬᠢᠲᠠᠳ ᠡᠮ ᠡᠮᠨᠡᠯᠭᠡ ᠵᠡᠷᠭᠡ ᠭᠣᠣᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠤᠢ᠍ᠢᠷ᠎ᠠ᠎ᠶ᠋ᠢᠨ ᠵᠢᠯ᠎ᠡᠴᠡ ᠨᠠᠭᠠᠱᠢᠬᠢ ᠳᠤᠮᠳᠠᠳᠤ ᠲᠦᠷᠺᠮᠸᠨ᠋ᠰᠲ᠋ᠠᠨ᠎ᠤ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠣᠯᠤᠭ᠍ᠰᠠᠨ ᠡᠯᠪᠡᠭ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠪᠡ᠃
ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠬᠣᠶᠠᠷ ᠤᠯᠤᠰ᠎ᠤᠨ ᠵᠠᠰᠠᠭ᠎ᠤᠨ ᠣᠷᠳᠣᠨ ᠪᠠ ᠬᠤᠳᠠᠯᠳᠤᠭᠠᠨ᠎ᠤ ᠡᠲᠡᠭᠡᠳ᠎ᠦᠨ ᠲᠥᠯᠥᠭᠡᠯᠡᠭ᠌ᠴᠢ ᠡᠨᠧᠷᠭᠢ᠂ ᠬᠣᠯᠪᠣᠯᠳᠤᠨ ᠨᠡᠪᠲᠡᠷᠡᠯᠴᠡᠬᠦ᠌᠂ ᠳᠡᠭᠡᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠡᠷᠭᠡ ᠬᠦᠷᠢᠶᠡᠨ᠎ᠦ ᠬᠠᠮᠲᠤᠷᠠᠯᠴᠠᠭ᠎ᠠ᠎ᠶ᠋ᠢᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄ ᠠᠭᠤᠯᠠ




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃