ᠲᠡᠷᠢᠭᠦᠨ ᠨᠢᠭᠤᠷ>ᠴᠠᠭ ᠲᠦᠷᠦ>ᠳᠡᠯᠡᠬᠡᠢ ᠰᠣᠨᠣᠷ

2026-08-14 10:07:39

ᠵᠣᠬᠢᠶᠠᠭ᠍ᠴᠢ᠄ ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠮᠸᠩ ᠹᠠᠨ ᠢᠦᠢ ᠶᠣᠣ ᠢᠦᠢ ᠯᠢᠨ ᠣᠩᠱᠢᠭ᠍ᠰᠠᠨ ᠣᠳᠠᠭ᠎ᠠ᠄ 3

ᠸᠢᠶ᠍ᠸᠨᠠ ᠵᠢᠨ ᠤᠯᠠᠨ ᠤᠯᠤᠰ᠎ᠤᠨ ᠡᠨᠧᠷᠭᠢ ᠪᠣᠯᠤᠨ ᠠᠭᠤᠷ ᠠᠮᠢᠰᠭᠤᠯ᠎ᠤᠨ ᠶᠠᠷᠢᠶᠠᠨ᠎ᠤ ᠲᠠᠪᠴᠠᠩ 9 ᠤ᠋ ᠡᠳᠦᠷ ᠡᠬᠢᠯᠡᠪᠡ᠂ ᠳᠤᠮᠳᠠᠳᠤ ᠤᠯᠤᠰ᠎ᠤᠨ ᠠᠭᠤᠷ ᠠᠮᠢᠰᠭᠤᠯ᠎ᠤᠨ ᠬᠤᠪᠢᠷᠠᠯᠲᠠ᠎ᠶ᠋ᠢᠨ ᠬᠡᠷᠡᠭ ᠶᠠᠪᠤᠳᠠᠯ᠎ᠤᠨ ᠣᠨᠴᠠ ᠡᠯᠴᠢᠨ ᠯᠢᠦ ᠵᠧᠨ ᠮᠢᠨ ᠶᠠᠷᠢᠶᠠᠨ᠎ᠤ ᠲᠠᠪᠴᠠᠩ᠎ᠳᠤ ᠣᠷᠣᠯᠴᠠᠬᠤ ᠳ᠋ᠠᠭᠠᠨ᠂ ᠣᠳᠣᠬᠠᠨ᠎ᠳᠤ ᠪᠦᠬᠦ᠌ ᠪᠥᠮᠪᠥᠷᠴᠡᠭ᠎ᠲᠦ ᠲᠤᠯᠭᠠᠷᠠᠵᠤ ᠪᠠᠢᠭ᠎ᠠ ᠡᠨᠧᠷᠭᠢ᠎ᠶ᠋ᠢᠨ ᠬᠢᠮᠤᠷᠠᠯ ᠳᠠᠬᠢᠨᠳᠠ ᠬᠠᠷᠠᠭᠤᠯᠤᠭᠰᠠᠨ ᠨᠢ᠂ ᠤᠯᠠᠮᠵᠢᠯᠠᠯᠲᠤ ᠴᠢᠯᠠᠭᠤᠵᠢᠮᠠᠯ᠎ᠤᠨ ᠡᠨᠧᠷᠭᠢ᠎ᠶ᠋ᠢ ᠭᠠᠳᠠᠭᠠᠳᠤ ᠡᠴᠡ ᠣᠷᠣᠭᠤᠯᠬᠤ ᠳ᠋ᠤ ᠲᠦᠰᠢᠭᠯᠡᠬᠦ ᠠᠶᠤᠯ ᠲᠦᠭ᠌ᠰᠢᠭᠦᠷᠢ ᠯᠤᠲᠤ ᠶᠡᠬᠡ ᠪᠠᠢᠵᠤ᠂ ᠡᠯ᠎ᠡ ᠤᠯᠤᠰ᠎ᠤᠨ ᠬᠢᠨ ᠡᠨᠧᠷᠭᠢ᠎ᠶ᠋ᠢᠨ ᠠᠮᠤᠷ ᠲᠦᠪᠱᠢᠨ᠎ᠦ ᠪᠠᠢᠯᠳᠤᠬᠤ ᠪᠤᠳᠤᠯᠭ᠎ᠠ᠎ᠶ᠋ᠢ ᠲᠠᠬᠢᠨ ᠬᠢᠨᠠᠨ ᠦᠵᠡᠵᠦ᠍᠂ ᠡᠨᠧᠷᠭᠢ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠲᠦᠷᠭᠡᠳᠭᠡᠬᠦ᠌ ᠴᠢᠬᠤᠯᠠᠲᠠᠢ ᠪᠠᠢᠨ᠎ᠠ᠃ ᠳᠠᠬᠢᠠ ᠡᠬᠦᠰᠴᠤ ᠪᠤᠯᠬᠤ ᠡᠨᠧᠷᠭᠢ᠎ᠶ᠋ᠢ ᠶᠡᠬᠡ᠎ᠪᠡᠷ ᠬᠥᠭ᠌ᠵᠢᠭᠦᠯᠬᠦ᠌ ᠪᠣᠯ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ ᠪᠣᠯᠤᠨ ᠤᠶᠠᠨ ᠬᠠᠳᠠᠨ ᠴᠢᠨᠠᠷ᠎ᠢ ᠴᠢᠩᠭᠠᠳᠭᠠᠬᠤ ᠪᠦᠲᠦᠮᠵᠢᠲᠡᠢ ᠠᠷᠭ᠎ᠠ ᠵᠠᠮ ᠮᠥᠨ ᠭᠡᠳᠡᠭ᠎ᠢ ᠳᠤᠮᠳᠠᠳᠤ ᠤᠯᠤᠰ᠎ᠤᠨ ᠠᠮᠵᠢᠯᠲᠠ᠎ᠲᠠᠶ ᠲᠤᠷᠱᠢᠯᠭ᠎ᠠ ᠬᠠᠷᠠᠭᠤᠯᠵᠠᠢ ᠭᠡᠵᠤ ᠢᠯᠡᠳᠭᠡᠪᠡ᠃

ᠲᠤᠰ ᠤᠳᠠᠭ᠎ᠠ᠎ᠶ᠋ᠢᠨ ᠶᠠᠷᠢᠶᠠᠨ᠎ᠤ ᠲᠠᠪᠴᠠᠩ᠎ᠢ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠠᠵᠤ ᠦᠢᠯᠡᠳᠪᠦᠷᠢ᠎ᠶ᠋ᠢᠨ ᠬᠥᠭ᠌ᠵᠢᠯᠲᠡ᠎ᠶ᠋ᠢᠨ ᠵᠣᠬᠢᠶᠠᠨ ᠪᠠᠢᠭᠤᠯᠤᠯᠲᠠ᠂ ᠠᠦ᠋ᠰᠲ᠋ᠷᠢᠶ᠎ᠠ᠎ᠶ᠋ᠢᠨ ᠭᠠᠳᠠᠭᠠᠳᠤ ᠶᠠᠪᠤᠳᠠᠯ᠎ᠤᠨ ᠶᠠᠮᠤᠨ ᠬᠠᠮᠲᠤᠷᠠᠨ ᠡᠷᠬᠢᠯᠡᠵᠦ᠍᠂ 《ᠬᠥᠭ᠌ᠵᠢᠯ ᠴᠡᠴᠡᠭ᠌ᠯᠡᠯ᠂ ᠠᠮᠤᠷ ᠲᠦᠪᠱᠢᠨ ᠪᠣᠯᠤᠨ ᠲᠣᠭ᠍ᠲᠠᠭᠤᠨ᠎ᠳᠤ ᠬᠦᠴᠦᠨ ᠨᠡᠮᠡᠷᠢᠯᠡᠶ᠎ᠠ》 ᠬᠡᠬᠦ ᠭᠣᠣᠯ ᠰᠡᠳᠦᠪ᠎ᠢᠶᠡᠷ ᠶᠠᠪᠤᠬᠳᠠᠵᠠᠢ᠃ ᠯᠢᠦ ᠵᠧᠨ ᠮᠢᠨ᠂ ᠣᠬᠣᠷ ᠬᠤᠭᠤᠴᠠᠭᠠᠨ ᠡᠴᠡ ᠦᠵᠡᠪᠡᠯ᠂ ᠡᠨᠧᠷᠭᠢ᠎ᠶ᠋ᠢᠨ ᠬᠢᠮᠤᠷᠠᠯ ᠨᠢ ᠣᠯᠠᠩᠬᠢ ᠤᠯᠤᠰ᠎ᠤᠨ ᠠᠵᠤ ᠠᠬᠤᠶ᠎ᠶ᠋ᠢᠨ ᠨᠡᠮᠡᠭ᠌ᠳᠡᠯ᠎ᠢ ᠤᠳᠠᠭᠠᠱᠢᠷᠠᠭᠤᠯᠵᠤ ᠮᠡᠳᠡᠨ᠎ᠡ᠃ ᠭᠡᠪᠡᠴᠦ᠍ ᠣᠷᠳᠣ ᠬᠤᠭᠤᠴᠠᠭᠠᠨ᠎ᠡᠴᠡ ᠦᠵᠡᠪᠡᠯ᠂ ᠲᠠᠩ ᠭᠠᠭ᠍ᠴᠠ ᠢᠷᠡᠯᠲᠡ ᠪᠠ ᠲᠥᠷᠥᠯ ᠵᠦᠶ᠋ᠯ᠎ᠦᠨ ᠭᠠᠳᠠᠭᠠᠳᠤ ᠡᠴᠡ ᠣᠷᠣᠭᠤᠯᠤᠭ᠍ᠰᠠᠨ ᠡᠨᠧᠷᠭᠢ᠎ᠳᠤ ᠬᠡᠲᠦᠷᠬᠡᠶ ᠲᠦᠱᠢᠭ᠌ᠯᠡᠵᠦ᠍ ᠪᠣᠯᠬᠤ ᠥᠬᠡᠶ ᠭᠡᠳᠡᠭ ᠢ᠋ ᠡᠯ᠎ᠡ ᠤᠯᠤᠰ᠎ᠲᠤ ᠳᠠᠬᠢᠨᠲᠠ ᠰᠠᠨᠠᠭᠤᠯᠵᠤ ᠪᠠᠢᠨ᠎ᠠ ᠭᠡᠵᠤ ᠢᠯᠡᠳᠭᠡᠵᠠᠢ᠃

《ᠫᠠᠷᠢᠰ᠎ᠤᠨ ᠬᠡᠯᠡᠯᠴᠡᠭᠡᠷ》 ᠲᠤ᠌ ᠪᠦᠬᠦ᠌ ᠪᠥᠮᠪᠥᠷᠴᠡᠭ᠎ᠦᠨ ᠳᠤᠯᠠᠭᠠᠨ᠎ᠤ ᠬᠡᠮᠵᠢᠶ᠎ᠡ ᠵᠢᠨ ᠲᠡᠬᠡᠭᠰᠢᠯᠡᠯᠳᠡ᠎ᠶ᠋ᠢ ᠠᠵᠤ ᠦᠢᠯᠡᠳᠪᠦᠷᠢᠵᠢᠯᠲᠡ ᠡᠴᠡ ᠡᠮᠦᠨᠡᠬᠢ ᠴᠠᠭ ᠦᠶ᠎ᠠ᠎ᠡᠴᠡ 2 ᠼᠧᠯᠰ ᠭᠷᠠᠳᠦ᠋ᠰ᠎ᠡᠴᠡ ᠥᠨᠳᠥᠷ ᠪᠠᠢᠯᠭᠠᠬᠤ ᠦᠬᠡᠢ᠎ᠪᠠᠷ ᠴᠢᠷᠮᠠᠢᠬᠤ ᠪᠥᠭᠡᠳ 1.5 ᠼᠧᠯᠰ ᠭᠷᠠᠳᠦ᠋ᠰ᠎ᠦᠨ ᠳᠣᠲᠣᠷ᠎ᠠ ᠬᠢᠵᠠᠭᠠᠷᠯᠠᠬᠤ᠎ᠪᠠᠷ ᠴᠢᠷᠮᠠᠢᠬᠤ ᠬᠠᠷᠠᠯᠲᠠ᠎ᠶ᠋ᠢ ᠲᠣᠭ᠍ᠲᠠᠭᠠᠪᠠ᠃ ᠯᠢᠦ ᠵᠧᠨ ᠮᠢᠨ᠂ ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠡᠯ᠎ᠡ ᠤᠯᠤᠰ᠎ᠤᠨ ᠬᠢᠨ ᠡᠨᠧᠷᠭᠢ᠎ᠶ᠋ᠢᠨ ᠬᠡᠯᠪᠡᠷᠢ᠎ᠪᠠᠨ ᠬᠤᠪᠢᠷᠠᠭᠤᠯᠬᠤ᠎ᠶ᠋ᠢ ᠲᠦᠷᠭᠡᠳᠭᠡᠵᠦ᠍ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠳᠠ ᠵᠢ ᠪᠠᠭᠠᠰᠭᠠᠬᠤ ᠬᠡᠷᠡᠭ᠌ᠲᠡᠶ᠂ ᠭᠡᠬᠦ᠌᠎ᠳᠡᠭᠡᠨ ᠡᠨᠡ ᠬᠦ᠌ ᠶᠠᠪᠤᠴᠠ ᠪᠣᠯ ᠡᠨᠧᠷᠭᠢ᠎ᠶ᠋ᠢᠨ ᠪᠦᠲᠦᠴᠡ᠎ᠶ᠋ᠢᠨ ᠬᠡᠯᠪᠡᠷᠢ᠎ᠶ᠋ᠢᠨ ᠬᠤᠪᠢᠷᠠᠭᠤᠯᠤᠯᠲᠠ ᠪᠣᠯᠬᠤ᠎ᠪᠠᠷ ᠪᠠᠷᠠᠬᠤ ᠦᠭᠡᠶ ᠨᠡᠩ ᠴᠤ᠌ ᠠᠵᠤ ᠠᠬᠤᠶ᠎ᠶ᠋ᠢᠨ ᠪᠦᠲᠦᠴᠡ᠎ᠶ᠋ᠢᠨ ᠭᠦᠨᠵᠡᠭᠡᠶ ᠬᠤᠪᠢᠰᠤᠯᠲᠠ ᠮᠥᠨ᠃ ᠬᠥᠭ᠌ᠵᠢᠵᠦ᠍ ᠪᠠᠢᠭ᠎ᠠ ᠤᠯᠤᠰ᠎ᠲᠤ ᠠᠪᠴᠤ᠌ ᠬᠡᠯᠡᠪᠡᠯ᠂ ᠬᠡᠯᠪᠡᠷᠢ ᠪᠠᠨ ᠬᠤᠪᠢᠷᠠᠭᠤᠯᠬᠤ ᠬᠦᠴᠢᠷᠳᠡᠯ ᠨᠢ ᠬᠥᠭ᠌ᠵᠢᠭ᠌ᠰᠡᠨ ᠤᠯᠤᠰ᠎ᠤᠨ ᠬᠢ᠎ᠡᠴᠡ ᠨᠡᠩ ᠶᠡᠬᠡ ᠪᠠᠢᠨ᠎ᠠ᠂ ᠤᠴᠢᠷ ᠨᠢ ᠬᠥᠭ᠌ᠵᠢᠭ᠌ᠰᠡᠨ ᠤᠯᠤᠰ ᠨᠢᠭᠡᠨᠲᠡ ᠠᠵᠤ ᠦᠢᠯᠡᠳᠪᠦᠷᠢᠵᠢᠯᠲᠡ᠎ᠶ᠋ᠢ ᠪᠡᠶᠡᠯᠡᠭᠦᠯᠦᠭ᠌ᠰᠡᠨ ᠪᠠᠢᠨ᠎ᠠ᠃ ᠡᠢᠮᠦ᠍᠎ᠡᠴᠡ᠂ ᠬᠡᠷᠪᠡ ᠪᠦᠬᠦ᠌ ᠪᠥᠮᠪᠥᠷᠴᠡᠭ᠎ᠢᠶᠡᠷ᠎ᠢᠶᠡᠨ ᠲᠤᠰ ᠵᠠᠭᠤᠨ᠎ᠤ ᠳᠤᠮᠳᠠᠴᠢ ᠦᠶ᠎ᠡ᠎ᠪᠡᠷ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠪᠡᠶᠡᠯᠡᠭᠦᠯᠦᠶ᠎ᠠ ᠭᠡᠪᠡᠯ᠂ ᠬᠥᠭ᠌ᠵᠢᠭ᠌ᠰᠡᠨ ᠤᠯᠤᠰ᠎ᠤᠳ ᠡᠩ ᠲᠡᠷᠢᠭᠦᠨ᠎ᠳᠦ 2040 ᠣᠨ᠎ᠤ ᠣᠷᠴᠢᠮ᠎ᠢᠶᠠᠷ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠪᠡᠶᠡᠯᠡᠭᠦᠯᠵᠦ᠍᠂ ᠬᠥᠭ᠌ᠵᠢᠵᠦ᠍ ᠪᠠᠢᠭ᠎ᠠ ᠤᠯᠤᠰ᠎ᠤᠳ᠎ᠲᠤ ᠬᠥᠭ᠌ᠵᠢᠯᠲᠡ᠎ᠶ᠋ᠢᠨ ᠣᠷᠣᠨ ᠵᠠᠢ ᠭᠠᠷᠭᠠᠵᠤ ᠥᠭ᠌ᠬᠦ ᠬᠡᠷᠡᠭ᠌ᠲᠡᠢ ᠭᠡᠪᠡ᠃

ᠯᠢᠦ ᠵᠧᠨ ᠮᠢᠨ᠂ ᠢᠷᠡᠭᠡᠳᠦᠢ᠎ᠶ᠋ᠢᠨ ᠲᠠᠪᠤᠨ ᠵᠢᠯ ᠪᠣᠯ ᠪᠦᠬᠦ᠌ ᠪᠥᠮᠪᠥᠷᠴᠡᠭ᠎ᠦᠨ ᠡᠨᠧᠷᠭᠢ᠎ᠶ᠋ᠢᠨ ᠬᠦᠭᠵᠢᠯᠳᠠ ᠵᠢᠨ ᠬᠡᠯᠪᠡᠷᠢ᠎ᠪᠠᠨ ᠬᠤᠪᠢᠷᠠᠭᠤᠯᠬᠤ ᠵᠠᠩᠭᠢᠯᠠᠭ᠎ᠠ᠎ᠶ᠋ᠢᠨ ᠱᠠᠳᠤ ᠦᠶ᠎ᠡ ᠪᠣᠯᠤᠨ᠎ᠠ᠂ ᠡᠯ᠎ᠡ ᠤᠯᠤᠰ᠎ᠤᠨ ᠬᠢᠨ ᠬᠡᠯᠪᠡᠷᠢ᠎ᠪᠡᠨ ᠬᠤᠪᠢᠷᠠᠭᠤᠯᠬᠤ ᠬᠤᠷᠳᠤᠴᠠ᠎ᠪᠠᠨ ᠲᠦᠷᠭᠡᠳᠭᠡᠵᠦ᠍᠂ ᠪᠦᠬᠦ᠌ ᠪᠥᠮᠪᠥᠷᠴᠡᠭ᠎ᠦᠨ ᠳᠤᠯᠠᠭᠠᠷᠠᠬᠤ ᠬᠠᠨᠳᠤᠰᠢ᠎ᠶ᠋ᠢ ᠬᠣᠷᠢᠭ᠍ᠯᠠᠬᠤ᠎ᠪᠠᠷ ᠪᠠᠷᠠᠬᠤ ᠦᠬᠡᠢ᠂ ᠤᠯᠠᠨ ᠤᠯᠤᠰ ᠤ᠋ᠨ ᠵᠠᠬ᠎ᠠ ᠳᠡᠯᠭᠡᠭᠦᠷ᠎ᠦᠨ ᠲᠣᠭ᠍ᠲᠠᠭᠤᠨ᠎ᠢ ᠴᠤ᠌ ᠴᠢᠷᠮᠠᠢᠨ ᠬᠠᠮᠠᠭᠠᠯᠠᠬᠤ ᠬᠡᠷᠡᠭ᠌ᠲᠡᠢ᠃ ᠬᠥᠭ᠌ᠵᠢᠵᠦ᠍ ᠪᠠᠢᠭ᠎ᠠ ᠤᠯᠤᠰ ᠪᠣᠯᠤᠭ᠍ᠰᠠᠨ᠎ᠤ ᠬᠤᠪᠢ᠎ᠳᠤ᠂ ᠳᠤᠮᠳᠠᠳᠤ ᠤᠯᠤᠰ ᠳᠤᠷᠠᠲᠠᠶ᠎ᠠ ᠤᠯᠠᠨ ᠤᠯᠤᠰ᠎ᠤᠨ ᠪᠠᠢᠭᠤᠯᠤᠮᠵᠢ ᠵᠢᠴᠢ ᠬᠥᠭ᠌ᠵᠢᠭ᠌ᠰᠡᠨ ᠤᠯᠤᠰ᠎ᠯᠤᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠬᠣᠶᠠᠷ ᠲᠠᠯ᠎ᠠ᠂ ᠭᠤᠷᠪᠠᠨ ᠲᠠᠯ᠎ᠠ ᠵᠢᠴᠢ ᠤᠯᠠᠨ ᠲᠠᠯ᠎ᠠ᠎ᠶ᠋ᠢᠨ ᠬᠠᠮᠲᠤᠷᠠᠯᠴᠠᠭᠠᠨ᠎ᠤ ᠱᠢᠨ᠎ᠡ ᠵᠠᠭ᠍ᠪᠤᠷ᠎ᠢ ᠰᠦᠪᠡᠭ᠌ᠴᠢᠯᠡᠵᠦ᠍᠂ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ᠎ᠤᠳ᠎ᠤᠨ ᠡᠨᠧᠷᠭᠢ᠎ᠶ᠋ᠢᠨ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠦᠷᠭᠦᠯᠵᠢᠯᠡᠬᠦ᠌ ᠬᠥᠭ᠌ᠵᠢᠯᠲᠡ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠬᠦᠴᠦᠨ ᠨᠡᠮᠡᠷᠢᠯᠡᠨ᠎ᠡ ᠭᠡᠵᠠᠢ᠃

(ᠱᠢᠨᠬᠤᠸᠠ ᠬᠣᠷᠢᠶ᠎ᠠ ᠵᠢᠨ ᠸᠢᠶ᠍ᠸᠨᠠ ᠵᠢᠨ 4 ᠰᠠᠷ᠎ᠠ᠎ᠶ᠋ᠢᠨ 12 ᠤ᠋ᠨ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面