ᠲᠡᠷᠢᠭᠦᠨ ᠨᠢᠭᠤᠷ>ᠴᠠᠭ ᠲᠦᠷᠦ>ᠳᠡᠯᠡᠬᠡᠢ ᠰᠣᠨᠣᠷ

2026-08-14 10:07:45

ᠵᠣᠬᠢᠶᠠᠭ᠍ᠴᠢ᠄ ᠬᠤᠷᠴᠠ ᠣᠩᠱᠢᠭ᠍ᠰᠠᠨ ᠣᠳᠠᠭ᠎ᠠ᠄ 3

ᠦᠭᠠᠨᠳᠠ᠎ᠶ᠋ᠢᠨ ᠶᠡᠷᠦᠩᠬᠡᠢᠯᠡᠭ᠌ᠴᠢ᠎ᠪᠡᠷ ᠰᠣᠩᠭᠣᠭ᠍ᠳᠠᠭ᠍ᠰᠠᠨ ᠶᠤᠸᠢᠯᠢ·ᠮᠦᠰᠠᠢᠸᠢᠨᠢ 12 ᠎ᠤ᠋ᠨ ᠡᠳᠦᠷ ᠨᠡᠢᠰᠯᠡᠯ ᠺᠠᠮᠫᠠᠯᠠ ᠳ᠋ᠥ᠍ ᠲᠠᠩᠭᠠᠷᠢᠭ᠍ᠯᠠᠨ ᠲᠤᠱᠢᠶᠠᠯ᠎ᠳᠤ ᠭᠠᠷᠴᠤ᠂ ᠶᠡᠷᠦᠩᠬᠡᠢᠯᠡᠭ᠌ᠴᠢ᠎ᠶ᠋ᠢᠨ ᠳᠣᠯᠣᠳᠤᠭᠠᠷ ᠲᠤᠱᠢᠶᠠᠯ᠎ᠤᠨ ᠬᠤᠭᠤᠴᠠᠭ᠎ᠠ᠎ᠪᠠᠨ ᠵᠢᠩᠬᠢᠨᠢ᠎ᠪᠡᠷ ᠡᠬᠢᠯᠡᠭᠦᠯᠪᠡ᠃

ᠲᠤᠰ ᠡᠳᠦᠷ᠂ ᠺᠠᠮᠫᠠᠯᠠ᠎ᠶ᠋ᠢᠨ ᠲᠤᠰᠠᠭᠠᠷ ᠠᠭᠤᠳᠠᠮ ᠲᠠᠯᠠᠪᠠᠶ᠎ᠳᠤ ᠶᠠᠪᠤᠭ᠍ᠳᠠᠭ᠍ᠰᠠᠨ ᠲᠤᠱᠢᠶᠠᠯ᠎ᠳᠤ ᠭᠠᠷᠬᠤ ᠶᠣᠰᠣᠯᠠᠯ ᠳᠡᠭᠡᠷ᠎ᠡ᠂ ᠮᠦᠰᠠᠢ᠌ᠸᠢᠨᠢ ᠦᠭᠠᠨᠳᠠ᠎ᠶ᠋ᠢᠨ ᠦᠨᠳᠦᠰᠦᠨ ᠬᠠᠤᠯᠢ᠂ ᠤᠯᠤᠰ᠎ᠤᠨ ᠲᠤᠭ᠂ ᠤᠯᠤᠰ᠎ᠤᠨ ᠰᠦᠯᠳᠡ ᠪᠣᠯᠤᠨ ᠤᠯᠤᠰ᠎ᠤᠨ ᠲᠠᠮᠠᠭ᠎ᠠ ᠵᠡᠷᠭᠡ ᠪᠥᠬᠥᠳᠡ ᠨᠠᠢᠷᠠᠮᠳᠠᠬᠤ ᠤᠯᠤᠰ᠎ᠤᠨ ᠡᠷᠬᠡ᠎ᠶ᠋ᠢᠨ ᠪᠡᠯᠭᠡ ᠲᠡᠮᠳᠡᠭ᠎ᠢ ᠳᠡᠰ ᠳᠠᠷᠠᠭᠠᠯᠠᠨ ᠲᠤᠰᠴᠤ᠌᠂ ᠤᠯᠤᠰ᠎ᠤᠨ ᠦᠨᠳᠦᠰᠦᠨ ᠬᠠᠤᠯᠢ ᠪᠣᠯᠤᠨ ᠬᠠᠤᠯᠢ ᠴᠠᠭᠠᠵᠠ᠎ᠳᠤ ᠦᠨᠡᠨᠴᠢ ᠱᠢᠳᠤᠷᠭᠤ ᠪᠡᠷ ᠬᠠᠨᠳᠤᠵᠤ᠂ ᠶᠡᠷᠦᠩᠬᠡᠢᠯᠡᠭ᠌ᠴᠢ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠶ᠋ᠴᠡᠳᠭᠡᠨ᠎ᠡ ᠭᠡᠵᠦ ᠲᠠᠩᠭᠠᠷᠢᠭ᠍ᠯᠠᠪᠠ᠃ ᠲᠤᠬᠠᠶ᠎ᠶ᠋ᠢᠨ ᠲᠠᠯᠠᠪᠠᠶ᠎ᠳᠤ ᠦᠭᠠᠨᠳᠠ᠎ᠶ᠋ᠢᠨ ᠴᠡᠷᠢᠭ᠎ᠦᠨ ᠶᠣᠰᠣᠯᠠᠯ᠎ᠤᠨ ᠠᠩᠭᠢ᠎ᠶ᠋ᠢᠨ ᠵᠢᠭ᠍ᠰᠠᠭᠠᠯ ᠪᠣᠯᠤᠨ ᠨᠢᠰᠦᠯᠲᠡ᠎ᠶ᠋ᠢᠨ ᠦᠵᠡᠭᠦᠯᠭᠡ ᠶᠠᠪᠤᠭᠳᠠᠭᠤᠯᠵᠠᠢ᠃

ᠮᠦᠰᠠᠢ᠌ᠸᠢᠨᠢ ᠲᠤᠱᠢᠶᠠᠯ᠎ᠳᠤ ᠭᠠᠷᠬᠤ ᠶᠠᠷᠢᠶ᠎ᠠ ᠢᠯᠡᠳᠭᠡᠯ᠎ᠳᠡᠭᠡᠨ᠂ ᠤᠯᠠᠨ ᠲᠦᠮᠡᠨ᠎ᠦ ᠵᠠᠰᠠᠭ᠎ᠤᠨ ᠣᠷᠳᠣᠨ᠎ᠤ ᠬᠡᠷᠡᠭ᠌ᠵᠢᠭᠦᠯᠵᠦ᠍ ᠪᠠᠢᠭ᠎ᠠ ᠡᠳ᠋ ᠪᠠᠶᠠᠯᠢᠭ᠎ᠢ ᠡᠭᠦᠳᠦᠨ ᠪᠦᠲᠦᠭᠡᠬᠦ᠌ ᠪᠠ ᠠᠵᠢᠯ ᠣᠯᠭᠣᠯᠲᠠ᠎ᠶ᠋ᠢ ᠳᠡᠮᠵᠢᠬᠦ᠌ ᠲᠥᠯᠥᠪᠯᠡᠭᠡ᠎ᠳᠦ ᠢᠳᠡᠪᠬᠢᠲᠡᠢ ᠣᠷᠣᠯᠴᠠᠵᠤ᠂ ᠤᠯᠤᠰ᠎ᠤᠨ ᠬᠥᠭ᠌ᠵᠢᠯᠲᠡ᠎ᠶ᠋ᠢᠨ ᠠᠱᠢᠭ᠎ᠡᠴᠡ ᠡᠳ᠋ᠯᠡᠵᠦ᠍᠂ ᠠᠮᠢᠳᠤᠷᠠᠯ᠎ᠤᠨ ᠲᠦᠪᠱᠢᠨ᠎ᠢᠶᠡᠨ ᠳᠡᠭᠡᠭ᠌ᠰᠢᠯᠡᠭᠦᠯᠦᠭᠡᠷᠡᠢ ᠭᠡᠵᠦ ᠵᠤᠷᠢᠭᠵᠢᠭᠤᠯᠪᠠ᠃ ᠲᠡᠷᠡ ᠠᠹᠷᠢᠺᠠ ᠲᠢᠪ᠎ᠦᠨ ᠤᠯᠤᠰ᠎ᠤᠳ᠎ᠢ ᠭᠠᠳᠠᠭᠠᠳᠤ ᠭᠠᠷᠭᠠᠯᠲᠠ᠎ᠶ᠋ᠢᠨ ᠦᠢᠯᠡᠳᠬᠦᠨ᠎ᠦ ᠨᠡᠮᠡᠯᠲᠡ ᠦᠷᠳᠡᠭ᠎ᠢᠶᠡᠨ ᠳᠡᠭᠡᠭ᠌ᠰᠢᠯᠡᠭᠦᠯᠬᠦ᠌᠎ᠶ᠋ᠢᠨ ᠬᠠᠮᠲᠤ ᠠᠹᠷᠢᠺᠠ ᠲᠢᠪ᠎ᠦᠨ ᠣᠷᠣᠨ ᠪᠦᠰᠡ᠎ᠶ᠋ᠢᠨ ᠵᠠᠬ᠎ᠠ ᠳᠡᠯᠭᠡᠭᠦᠷ᠎ᠢ ᠨᠢᠭᠡ ᠴᠤᠬ᠍ᠴᠠᠵᠢᠭᠤᠯᠬᠤ ᠪᠦᠳᠦᠭᠡᠨ ᠪᠠᠢᠭᠤᠯᠤᠯᠲᠠ᠎ᠶ᠋ᠢ ᠢᠳᠡᠪᠬᠢᠲᠡᠢ ᠠᠬᠢᠭᠤᠯᠤᠭᠠᠷᠠᠢ ᠭᠡᠵᠦ᠍ ᠤᠷᠢᠶᠠᠯᠠᠪᠠ᠃

ᠮᠦᠰᠠᠢ᠌ᠸᠢᠨᠢ 1944 ᠣᠨ᠎ᠳᠤ ᠳᠦᠷᠦᠵᠦ᠍᠂ 1996 ᠣᠨ᠎ᠳᠤ ᠦᠭᠠᠨᠳᠠ ᠰᠣᠩᠭᠣᠭᠤᠯᠢ ᠪᠡᠨ ᠰᠡᠷᠭᠦᠭᠡᠭ᠌ᠰᠡᠨ᠎ᠡᠴᠡ ᠨᠠᠭᠠᠱᠢᠬᠢ ᠤᠳᠠᠭ᠎ᠠ ᠪᠦᠷᠢ᠎ᠶ᠋ᠢᠨ ᠶᠡᠷᠦᠩᠬᠡᠢᠯᠡᠭ᠌ᠴᠢ᠎ᠶ᠋ᠢᠨ ᠰᠣᠩᠭᠣᠭᠤᠯᠢ᠎ᠳᠤ ᠵᠠᠯᠭᠠᠭ᠎ᠠ᠎ᠪᠠᠷ ᠢᠯᠠᠯᠲᠠ ᠤᠯᠪᠠ᠃ ᠡᠨᠡ ᠵᠢᠯ᠎ᠦᠨ 1 ᠰᠠᠷ᠎ᠠ᠎ᠳᠤ ᠶᠠᠪᠤᠭ᠍ᠳᠠᠭ᠍ᠰᠠᠨ ᠶᠡᠷᠦᠩᠬᠡᠢᠯᠡᠭ᠌ᠴᠢ᠎ᠶ᠋ᠢᠨ ᠰᠣᠩᠭᠣᠭᠤᠯᠢ᠎ᠳᠤ ᠮᠦᠰᠠᠢ᠌ᠸᠢᠨᠢ 70%᠎ᠶᠢ ᠲᠠᠪᠠᠭᠰᠠᠨ ᠪᠢᠯᠧᠲ᠎ᠢᠶᠡᠷ ᠦᠷᠭᠦᠯᠵᠢᠯᠡᠨ ᠲᠤᠱᠢᠶᠠᠯ ᠡᠭᠦᠷᠭᠡᠯᠡᠵᠡᠶ᠃

ᠢᠷᠡᠯᠲᠡ᠄ ᠰᠢᠨᠬᠤᠸᠠ ᠬᠤᠷᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面