2026-08-14 10:07:45
ᠶᠠᠫᠣᠨ᠎ᠤ ᠲᠣᠮᠣ ᠬᠡᠯᠪᠡᠷᠢ᠎ᠶ᠋ᠢᠨ ᠴᠠᠬᠢᠯᠭᠠᠨ ᠮᠠᠱᠢᠨ ᠦᠢᠯᠡᠳᠬᠦ᠌ ᠠᠵᠤ ᠠᠬᠤᠢᠯᠠᠯ ᠨᠢᠳ᠋ᠸᠺᠤ ᠺᠣᠮᠫᠠᠨᠢ 13 ᠤ᠋ ᠡᠳᠦᠷ᠂ ᠬᠡᠰᠡᠭ ᠦᠢᠯᠡᠳᠬᠦᠨ ᠶᠠᠰᠤ ᠴᠢᠨᠠᠷ᠎ᠤᠨ ᠠᠰᠠᠭᠤᠳᠠᠯ ᠣᠷᠣᠱᠢᠵᠤ ᠪᠠᠢᠬᠤ ᠲᠤᠬᠠᠢ ᠣᠯᠵᠤ ᠮᠡᠳᠡᠵᠡᠶ᠂ ᠡᠭᠦᠨ᠎ᠳᠦ ᠬᠤᠳᠠᠯᠳᠤᠨ ᠠᠪᠤᠭᠴᠢ᠎ᠶ᠋ᠢᠨ ᠵᠥᠪᠱᠢᠶᠡᠷᠡᠯ ᠦᠭᠡᠶ᠎ᠪᠡᠷ ᠮᠠᠲ᠋ᠧᠷᠢᠶᠠᠯ᠂ ᠤᠷᠠᠯᠠᠯ ᠪᠣᠯᠤᠨ ᠵᠢᠷᠤᠭ ᠲᠥᠯᠥᠪᠯᠡᠭᠡ᠎ᠶ᠋ᠢ ᠳᠤᠷ᠎ᠠ᠎ᠪᠠᠷ᠎ᠢᠶᠠᠨ ᠥᠭᠡᠷᠡᠴᠢᠯᠡᠭ᠌ᠰᠡᠨ ᠶᠠᠪᠤᠳᠠᠯ ᠪᠠᠭ᠍ᠲᠠᠨ᠎ᠠ ᠭᠡᠵᠡᠶ᠃
ᠨᠢᠭᠡᠳᠦᠭ᠌ᠰᠡᠨ ᠴᠢᠮᠡᠭᠡᠯᠡᠯ᠎ᠦᠨ ᠬᠤᠷᠢᠶ᠎ᠠ᠎ᠶᠢᠨ ᠮᠡᠳᠡᠭᠡᠯᠡᠯ᠎ᠢ ᠦᠨᠳᠦᠰᠦᠯᠡᠪᠡᠯ᠂ ᠶᠡᠷᠦᠩᠬᠡᠶ ᠵᠠᠬᠢᠷᠭ᠎ᠠ ᠨᠢ ᠺᠢᠤᠲ᠋ᠤ᠋ᠳᠦ ᠪᠠᠢᠭ᠎ᠠ ᠳᠤᠰ ᠠᠵᠤ ᠠᠬᠤᠢᠯᠠᠯ ᠦᠪᠡᠷ᠎ᠤᠨ ᠺᠤᠮᠫᠠᠨᠢ ᠡᠴᠡ ᠪᠤᠰᠤᠳ ᠳᠠᠯ᠎ᠠ᠎ᠶᠢᠨ ᠲᠤᠰᠭᠠᠶ ᠮᠡᠷᠭᠡᠵᠢᠯᠲᠡᠨ᠎ᠢᠶᠡᠷ ᠪᠦᠷᠢᠯᠳᠦᠭ᠌ᠰᠡᠨ ᠪᠠᠢᠴᠠᠭᠠᠬᠤ ᠺᠣᠮᠢᠰ ᠪᠠᠢᠭᠤᠯᠵᠤ ᠲᠣᠰ ᠬᠡᠷᠡᠭ᠎ᠢ ᠪᠠᠢᠴᠠᠭᠠᠨ ᠰᠣᠲᠣᠯᠠᠬᠤᠪᠠᠷ ᠪᠣᠳᠣᠯᠬᠢᠯᠠᠵᠤ ᠪᠠᠢᠨ᠎ᠠ ᠭᠡᠵᠡᠶ᠃
ᠶᠠᠫᠣᠨ᠎ᠤ ᠵᠠᠭᠤᠴᠢᠯᠠᠭᠤᠷ12 ᠤ᠋ᠨ ᠡᠳᠦᠷ᠂ ᠨᠢᠳ᠋ᠸᠺᠤ ᠺᠣᠮᠫᠠᠨᠢ᠎ᠳᠤ ᠴᠠᠬᠢᠯᠭᠠᠨ ᠮᠠᠱᠢᠨ᠎ᠤ ᠰᠡᠯᠪᠢᠭ ᠲᠤᠨᠤᠭ᠎ᠤᠨ ᠵᠢᠷᠤᠭ ᠲᠥᠯᠥᠪᠯᠡᠭᠡ᠎ᠶ᠋ᠢ ᠬᠤᠪᠢᠷᠠᠭᠤᠯᠬᠤ᠂ ᠱᠢᠯᠭᠠᠨ ᠪᠠᠢᠴᠠᠭᠠᠭ᠍ᠰᠠᠨ ᠲᠣᠭ᠎ᠠ ᠪᠠᠷᠢᠮᠲᠠ᠎ᠶ᠋ᠢ ᠥᠭᠡᠷᠡᠲᠦᠭᠦᠯᠬᠦ᠌ ᠵᠡᠷᠭᠡ ᠠᠰᠠᠭᠤᠳᠠᠯ ᠣᠷᠣᠱᠢᠵᠤ᠂ ᠬᠤᠯᠪᠤᠭᠳᠠᠯ ᠪᠦᠬᠦᠢ ᠠᠰᠠᠭᠤᠳᠠᠯ ᠪᠠᠷᠤᠭ 1000 ᠭᠠᠷᠤᠢ ᠣᠷᠣᠱᠢᠵᠤ ᠪᠠᠢᠨ᠎ᠠ ᠭᠡᠵᠦ ᠮᠡᠳᠡᠭᠡᠯᠡᠵᠡᠢ᠃
ᠨᠢᠳ᠋ᠸᠺᠤ ᠺᠣᠮᠫᠠᠨᠢ ᠡᠭᠦᠨ᠎ᠡᠴᠡ ᠡᠮᠦᠨ᠎ᠡ ᠡᠳ᠋᠎ᠦᠨ ᠶᠠᠪᠤᠳᠠᠯ᠎ᠢᠶᠡᠨ ᠬᠠᠭᠤᠷᠮᠠᠭ ᠵᠣᠬᠢᠶᠠᠭ᠍ᠰᠠᠨ ᠬᠡᠮᠡᠨ ᠮᠡᠳᠡᠭᠡᠯᠡᠭᠳᠡᠵᠦ ᠥᠩᠭᠡᠷᠡᠵᠡᠶ᠃ ᠡᠨᠡ ᠤᠳᠠᠭ᠎ᠠ᠎ᠶᠢᠨ ᠶᠠᠰᠤ ᠴᠢᠨᠠᠷ᠎ᠤᠨ ᠠᠰᠠᠭᠤᠳᠠᠯ ᠨᠢ ᠬᠦᠮᠦᠰ᠎ᠤᠨ ᠺᠣᠮᠫᠠᠨᠢ᠎ᠶ᠋ᠢᠨ ᠬᠠᠮᠢᠶᠠᠷᠤᠯᠲᠠ᠎ᠳᠠᠬᠢ ᠰᠡᠵᠢᠭ᠌ᠯᠡᠯᠢ ᠳᠠᠬᠢᠨᠲᠠ ᠡᠭᠦᠰᠭᠡᠵᠦ᠍ ᠮᠡᠳᠡᠨ᠎ᠡ᠃
ᠪᠠᠢᠳᠠᠯ᠎ᠢ ᠮᠡᠳᠡᠬᠦ᠌ ᠬᠥᠮᠦᠰ᠎ᠦᠨ ᠵᠠᠳᠠᠷᠠᠭᠤᠯᠤᠭ᠍ᠰᠠᠨᠢᠶᠠᠷ᠂ ᠡᠲᠡᠭᠡᠷ ᠶᠠᠰᠤ ᠴᠢᠨᠠᠷ᠎ᠤᠨ ᠠᠰᠠᠭᠤᠳᠠᠯ ᠪᠠᠢᠬᠤ ᠰᠡᠵᠢᠭᠯᠡᠯ᠎ᠢ ᠳᠤᠰ ᠺᠤᠮᠫᠠᠨᠢ᠎ᠶᠢᠨ ᠡᠳ᠋᠎ᠦᠨ ᠶᠠᠪᠤᠳᠠᠯ᠎ᠢᠶᠡᠨ ᠬᠠᠭᠤᠷᠮᠠᠭ ᠵᠣᠬᠢᠶᠠᠭ᠍ᠰᠠᠨ ᠠᠰᠠᠭᠤᠳᠠᠯ᠎ᠢ ᠪᠠᠢᠴᠠᠭᠠᠬᠤ ᠬᠤᠭᠤᠴᠠᠭᠠᠨ᠎ᠳᠤ ᠢᠯᠡᠷᠡᠭᠦᠯᠦᠭ᠌ᠰᠡᠨ ᠶᠤᠮ᠃ ᠨᠢᠳ᠋ᠸᠺᠤ 2025 ᠣᠨ᠎ᠤ 9 ᠰᠠᠷ᠎ᠠ᠎ᠳᠤ ᠭᠤᠷᠪᠠᠳᠠᠬᠢ ᠡᠲᠡᠭᠡᠳ᠎ᠦᠨ ᠵᠥᠪᠯᠡᠯ ᠪᠠᠢᠭᠤᠯᠤᠨ ᠡᠳ᠋᠎ᠦᠨ ᠶᠠᠪᠤᠳᠠᠯ᠎ᠢ ᠬᠠᠭᠤᠷᠮᠠᠭ᠍ᠯᠠᠨ ᠵᠣᠬᠢᠶᠠᠭ᠍ᠰᠠᠨ ᠠᠰᠠᠭᠤᠳᠠᠯ᠎ᠢ ᠪᠠᠢᠴᠠᠭᠠᠪᠠ᠂ ᠡᠨᠡ ᠬᠦ᠌ ᠮᠠᠭᠤᠬᠠᠶ ᠰᠣᠨᠣᠰᠭᠠᠯ ᠨᠢᠳ᠋ᠸᠺᠤ ᠵᠢᠨ ᠳᠡᠭᠡᠳᠦ ᠳᠠᠪᠬᠤᠷᠭ᠎ᠠ᠎ᠶ᠋ᠢᠨ ᠠᠵᠢᠯᠲᠠᠨ᠎ᠤ ᠶᠠᠪᠤᠳᠠᠯ᠎ᠤᠨ ᠬᠤᠪᠢᠷᠠᠯᠲᠠ᠎ᠶ᠋ᠢ ᠡᠭᠦᠰᠭᠡᠵᠡᠶ᠃
ᠢᠷᠡᠯᠳᠡ᠄ ᠰᠢᠨᠬᠤᠸᠠ ᠬᠤᠷᠢᠶ᠎ᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃