2026-08-14 10:07:45
《ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ ᠤ᠋ᠳ》᠎ᠤ᠋ᠨ ᠵᠠᠭᠤᠴᠢᠯᠠᠭᠤᠷ᠎ᠤᠨ ᠤᠶᠤᠨ᠎ᠤ ᠬᠥᠮᠥᠷᠭᠡ᠎ᠶ᠋ᠢᠨ ᠳᠡᠭᠡᠳᠦ ᠲᠡᠰ᠎ᠤᠨ ᠶᠠᠷᠢᠶᠠᠨ᠎ᠤ ᠲᠠᠪᠴᠠᠩ᠎ᠤᠨ ᠳᠤᠮᠳᠠᠳᠤ ᠠᠷᠠᠪ᠎ᠤᠨ ᠬᠠᠨᠢᠲᠠᠨ᠎ᠤ ᠶᠡᠬᠡ ᠬᠤᠷᠠᠯ ᠵᠢᠴᠢ 《ᠱᠢᠨ᠎ᠡ ᠴᠠᠭ ᠦᠶ᠎ᠡ᠎ᠶ᠋ᠢᠨ ᠲᠦᠷᠦ᠍᠎ᠶ᠋ᠢ ᠵᠠᠰᠠᠬᠤ ᠪᠣᠳᠠᠲᠤ ᠲᠡᠮᠳᠡᠭ᠌ᠯᠡᠯ》 ᠤ᠋ᠨ ᠨᠢᠭᠡᠳᠦᠭᠡᠷ ᠪᠤᠳᠢ᠎ᠶ᠋ᠢᠨ ᠠᠷᠠᠪ ᠬᠡᠯᠡᠨ᠎ᠦ ᠬᠡᠪᠯᠡᠯ᠎ᠦᠨ ᠰᠣᠨᠢᠨ ᠮᠡᠳᠡᠭᠡ ᠨᠡᠢᠲᠡᠯᠡᠬᠦ᠌ ᠬᠤᠷᠠᠯ 5ᠰᠠᠷ᠎ᠠ ᠵᠢᠨ 13 ᠤ᠋ ᠡᠳᠦᠷ ᠶᠧᠵᠢᠫᠲ᠎ᠦᠨ ᠺᠠᠢ᠌ᠷᠤ᠊ ᠳ᠋ᠦ᠍ ᠶᠠᠪᠤᠭ᠍ᠳᠠᠪᠠ᠃
ᠱᠢᠨᠬᠤᠸᠠ ᠬᠣᠷᠢᠶ᠎ᠠ ᠵᠢᠨ ᠳᠠᠷᠤᠭ᠎ᠠ ᠹᠦ᠋ ᠬᠤᠸᠠ᠂ ᠶᠧᠵᠢᠫᠲ᠎ᠦᠨ ᠤᠤᠯ᠎ᠤᠨ ᠶᠡᠷᠦᠩᠬᠡᠢ ᠰᠠᠢᠳ ᠠᠢ᠌ᠰᠠᠮᠦ᠋·ᠱᠢᠶ᠍ᠸᠯᠠᠹ᠂ ᠶᠧᠵᠢᠫᠲ᠎ᠲᠦ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ ᠯᠢᠶᠣᠤ ᠯᠢ ᠴᠢᠶᠠᠩ ᠪᠣᠯᠤᠨ ᠢᠰᠯᠠᠮ᠎ᠤᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠰᠣᠨᠢᠨ ᠮᠡᠳᠡᠭᠡ ᠴᠢᠮᠡᠭᠡᠯᠡᠯ᠎ᠦᠨ ᠬᠣᠷᠢᠶ᠎ᠠ ᠵᠢᠨ ᠬᠣᠯᠪᠣᠭ᠎ᠠ᠎ᠶ᠋ᠢᠨ ᠶᠡᠷᠦᠩᠬᠡᠢ ᠠᠵᠢᠯᠯᠠᠭ᠍ᠴᠢ ᠮᠦᠬᠠᠨᠮᠦ᠋ᠳ᠋·ᠪᠸᠨ·ᠠᠪᠦ᠋ᠳ᠋ᠦ᠋ᠯᠸ·ᠯᠠᠪᠦ᠋·ᠠᠯᠸᠶᠠᠮᠢ ᠬᠠᠮᠲᠤ᠎ᠪᠠᠷ ᠱᠢᠨ᠎ᠡ ᠨᠣᠮ᠎ᠤᠨ ᠬᠥᠱᠢᠭᠡ᠎ᠶ᠋ᠢ ᠰᠡᠬᠦᠪᠡ᠃ ᠳᠤᠮᠳᠠᠳᠤ ᠤᠯᠤᠰ ᠪᠣᠯᠤᠨ ᠠᠷᠠᠪ᠎ᠤᠨ ᠤᠯᠤᠰ᠎ᠤᠳ᠎ᠤᠨ ᠵᠠᠭᠤᠴᠢᠯᠠᠭᠤᠷ᠂ ᠤᠶᠤᠨ᠎ᠤ ᠬᠥᠮᠥᠷᠭᠡ᠂ ᠵᠠᠰᠠᠭ᠎ᠤᠨ ᠣᠷᠳᠣᠨ᠎ᠤ ᠪᠠᠢᠭᠤᠯᠤᠮᠵᠢ ᠵᠢᠴᠢ ᠭᠠᠵᠠᠷ ᠣᠷᠣᠨ ᠪᠣᠯᠤᠨ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ 250 ᠱᠢᠬᠠᠮ ᠲᠥᠯᠥᠭᠡᠯᠡᠭ᠌ᠴᠢ ᠬᠤᠷᠠᠯ᠎ᠳᠤ ᠣᠷᠣᠯᠴᠠᠵᠠᠢ᠃
ᠹᠦ᠋ ᠬᠤᠸᠠ ᠪᠠᠶᠠᠷ᠎ᠤᠨ ᠦᠭᠡ᠎ᠳᠡᠭᠡᠨ᠂ ᠱᠢᠨ᠎ᠡ ᠴᠠᠭ ᠦᠶ᠎ᠡ᠎ᠡᠴᠡ ᠨᠠᠭᠠᠰᠢ᠂ ᠱᠢᠨᠬᠤᠸᠠ ᠬᠣᠷᠢᠶ᠎ᠠ ᠲᠡᠷᠢᠭᠦᠯᠡᠭ᠌ᠴᠢ ᠰᠢ ᠵᠢᠨ ᠫᠢᠩ᠎ᠦᠨ ᠲᠦᠷᠦ᠍᠎ᠶ᠋ᠢ ᠵᠠᠰᠠᠬᠤ ᠲᠤᠬᠠᠢ ᠠᠭᠤᠤ ᠶᠡᠬᠡ ᠦᠢᠯᠡᠳᠦᠯᠭᠡ ᠪᠣᠯᠤᠨ ᠭᠠᠷᠮᠠᠭᠠᠢ ᠠᠮᠵᠢᠯᠲᠠ᠎ᠶ᠋ᠢ ᠭᠦᠨᠵᠡᠭᠡᠢ ᠤᠬᠠᠭᠤᠯᠤᠨ ᠮᠡᠳᠡᠭᠡᠯᠡᠵᠦ᠍᠂ ᠡᠭᠦᠨ᠎ᠦ ᠰᠠᠭᠤᠷᠢᠨ ᠳᠡᠭᠡᠷ᠎ᠡ 《ᠱᠢᠨ᠎ᠡ ᠴᠠᠭ ᠦᠶ᠎ᠡ᠎ᠶ᠋ᠢᠨ ᠲᠦᠷᠦ᠍᠎ᠶ᠋ᠢ ᠵᠠᠰᠠᠬᠤ ᠪᠣᠳᠠᠲᠤ ᠲᠡᠮᠳᠡᠭ᠌ᠯᠡᠯ》 ᠢ᠋ ᠨᠠᠢᠷᠠᠭᠤᠯᠤᠨ ᠬᠡᠪᠯᠡᠵᠦ᠍᠂ ᠳᠡᠯᠡᠬᠡᠢ ᠳ᠋ᠠᠬᠢᠨ᠎ᠳᠤ 《ᠳᠤᠮᠳᠠᠳᠤ ᠤᠯᠤᠰ᠎ᠤᠨ ᠵᠠᠰᠠᠯᠲᠠ》 ᠵᠢᠴᠢ ᠲᠡᠭᠦᠨ᠎ᠦ ᠠᠷᠤ᠎ᠳᠠᠬᠢ ᠵᠠᠰᠠᠯᠲᠠ᠎ᠶ᠋ᠢᠨ ᠵᠠᠮ᠎ᠢ ᠲᠠᠨᠢᠯᠴᠠᠭᠤᠯᠪᠠ᠂ ᠲᠤᠰ ᠨᠣᠮ᠎ᠤᠨ ᠠᠷᠠᠪ ᠬᠡᠯᠡᠨ᠎ᠦ ᠬᠡᠪᠯᠡᠯ᠎ᠦᠨ ᠨᠡᠢᠲᠡᠯᠡᠭ᠌ᠳᠡᠭ᠌ᠰᠡᠨ ᠨᠢ ᠠᠷᠠᠪ᠎ᠤᠨ ᠶᠢᠷᠲᠢᠨᠴᠦ᠍᠎ᠶ᠋ᠢᠨ ᠬᠢᠨ᠎ᠦ ᠳᠤᠮᠳᠠᠳᠤ ᠤᠯᠤᠰ᠎ᠢ ᠠᠵᠢᠭ᠍ᠯᠠᠬᠤ᠂ ᠳᠤᠮᠳᠠᠳᠤ ᠤᠯᠤᠰ᠎ᠢ ᠣᠢᠯᠠᠭᠠᠬᠤ᠎ᠳᠤ ᠨᠢᠭᠡᠨ ᠱᠢᠨ᠎ᠡ ᠴᠢᠬᠤᠯᠠ ᠴᠣᠩᠬᠣ᠎ᠶ᠋ᠢ ᠨᠡᠭᠡᠭᠡᠬᠦ᠌ ᠪᠣᠯᠤᠨ᠎ᠠ᠃ ᠱᠢᠨᠬᠤᠸᠠ ᠬᠣᠷᠢᠶ᠎ᠠ ᠵᠢᠨ ᠬᠢᠨ ᠠᠷᠠᠪ᠎ᠤᠨ ᠤᠯᠤᠰ᠎ᠤᠳ᠎ᠤᠨ ᠵᠠᠭᠤᠴᠢᠯᠠᠭᠤᠷ᠎ᠤᠨ ᠤᠶᠤᠨ᠎ᠤ ᠬᠥᠮᠥᠷᠭᠡᠯᠦᠭᠡ ᠤᠯᠤᠰ᠎ᠤᠨ ᠵᠠᠰᠠᠯᠲᠠ᠎ᠶ᠋ᠢᠨ ᠡᠯ᠎ᠡ ᠲᠠᠯ᠎ᠠ᠎ᠶ᠋ᠢᠨ ᠴᠢᠬᠤᠯᠠ ᠵᠥᠪᠯᠡᠬᠦ᠌ ᠰᠡᠳᠦᠪ᠎ᠦᠨ ᠲᠣᠭᠣᠷᠢᠨ᠎ᠳᠤ ᠰᠤᠳᠤᠯᠭᠠᠨ᠂ ᠲᠠᠢᠯᠪᠤᠷᠢᠯᠠᠯᠲᠠ ᠪᠠ ᠤᠬᠠᠭᠤᠯᠭ᠎ᠠ᠎ᠪᠠᠨ ᠴᠢᠩᠭᠠᠳᠭᠠᠵᠤ᠂ ᠲᠤᠰ ᠲᠤᠰ᠎ᠤᠨ ᠦᠨᠳᠦᠰᠦᠲᠡᠨ᠎ᠦ ᠬᠥᠭ᠌ᠵᠢᠯᠲᠡ ᠪᠠ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠲᠤᠷᠱᠢᠯᠭ᠎ᠠ᠎ᠶ᠋ᠢᠨ ᠰᠡᠩᠬᠡᠷᠡᠭᠦᠯᠦᠯ ᠬᠠᠩᠭᠠᠵᠤ᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠢᠭ᠎ᠠ ᠤᠯᠤᠰ᠎ᠤᠳ᠎ᠤᠨ ᠪᠦᠯᠬᠦᠮᠳᠡᠨ ᠬᠠᠮᠵᠢᠯᠴᠠᠬᠤ᠂ ᠬᠥᠭ᠌ᠵᠢᠯᠲᠡ᠎ᠶ᠋ᠢ ᠬᠠᠮᠲᠤ᠎ᠪᠠᠷ ᠡᠷᠢᠯᠬᠢᠯᠡᠬᠦ᠌᠎ᠳᠦ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍ ᠪᠠᠢᠨ᠎ᠠ ᠭᠡᠵᠦ ᠢᠯᠡᠳᠭᠡᠪᠡ᠃
ᠬᠤᠷᠠᠯ᠎ᠳᠤ ᠣᠷᠣᠯᠴᠠᠭ᠍ᠰᠠᠨ ᠳᠤᠮᠳᠠᠳᠤ ᠭᠠᠳᠠᠭᠠᠳᠤ᠎ᠶ᠋ᠢᠨ ᠵᠣᠴᠢᠳ᠂ 《ᠱᠢᠨ᠎ᠡ ᠴᠠᠭ ᠦᠶ᠎ᠡ᠎ᠶ᠋ᠢᠨ ᠲᠦᠷᠦ᠍᠎ᠶ᠋ᠢ ᠵᠠᠰᠠᠬᠤ ᠪᠣᠳᠠᠲᠤ ᠲᠡᠮᠳᠡᠭ᠌ᠯᠡᠯ 》᠎ᠤ᠋ᠨ ᠨᠢᠭᠡᠳᠦᠭᠡᠷ ᠪᠤᠳᠢ᠎ᠶ᠋ᠢᠨ ᠠᠷᠠᠪ ᠬᠡᠯᠡᠨ᠎ᠦ ᠬᠡᠪᠯᠡᠯ᠎ᠢ ᠨᠡᠢᠲᠡᠯᠡᠭ᠌ᠰᠡᠨ ᠨᠢ ᠠᠷᠠᠪ᠎ᠤᠨ ᠤᠯᠤᠰ᠎ᠤᠳ᠎ᠤᠨ ᠲᠡᠷᠢᠭᠦᠯᠡᠭ᠌ᠴᠢ ᠰᠢ ᠵᠢᠨ ᠫᠢᠩ᠎ᠦᠨ ᠲᠦᠷᠦ᠍᠎ᠶ᠋ᠢ ᠵᠠᠰᠠᠬᠤ ᠦᠵᠡᠯ ᠰᠠᠨᠠᠭ᠎ᠠ ᠪᠣᠯᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠭᠦᠨᠵᠡᠭᠡᠢ ᠣᠢᠯᠠᠭᠠᠬᠤ᠎ᠳᠤ ᠴᠢᠬᠤᠯᠠ ᠤᠩᠱᠢᠬᠤ ᠪᠢᠴᠢᠭ ᠬᠠᠩᠭᠠᠵᠤ᠂ ᠳᠤᠮᠳᠠᠳᠤ ᠠᠷᠠᠪ᠎ᠤᠨ ᠣᠢᠯᠠᠭᠠᠯᠴᠠᠭ᠎ᠠ ᠢᠲᠡᠭᠡᠯᠴᠡᠭᠡ᠎ᠶ᠋ᠢ ᠨᠡᠮᠡᠭ᠌ᠳᠡᠭᠦᠯᠵᠦ᠍᠂ ᠲᠦᠷᠦ᠍᠎ᠶ᠋ᠢ ᠵᠠᠰᠠᠬᠤ ᠲᠤᠷᠱᠢᠯᠭ᠎ᠠ᠎ᠶ᠋ᠢᠨ ᠰᠣᠯᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠨᠡᠩ ᠥᠨᠳᠥᠷ ᠲᠦᠪᠱᠢᠨ ᠪᠦᠬᠦᠢ ᠳᠤᠮᠳᠠᠳᠤ ᠠᠷᠠᠪ᠎ᠤᠨ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠳᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠬᠤ᠎ᠳᠤ ᠠᠱᠢᠭ᠍ᠲᠠᠢ ᠶᠤᠮ ᠭᠡᠵᠦ᠍ ᠢᠯᠡᠳᠭᠡᠵᠡᠭᠡᠪᠡ᠃
ᠬᠤᠷᠠᠯ ᠳᠡᠭᠡᠷ᠎ᠡ᠂ ᠱᠢᠨᠬᠤᠸᠠ ᠬᠣᠷᠢᠶ᠎ᠠ ᠪᠠᠰᠠ 《ᠱᠢᠨ᠎ᠡ ᠴᠠᠭ ᠦᠶ᠎ᠡ᠎ᠶ᠋ᠢᠨ ᠳᠤᠮᠳᠠᠳᠤ ᠠᠷᠠᠪ᠎ᠤᠨ ᠬᠠᠮᠲᠤᠷᠠᠯᠴᠠᠭᠠᠨ᠎ᠤ ᠠᠮᠵᠢᠯᠲᠠ᠂ ᠠᠵᠠ ᠲᠣᠬᠢᠶᠠᠯ ᠪᠣᠯᠤᠨ ᠪᠠᠷᠠᠯᠠᠯ》 ᠭᠡᠬᠦ᠌ ᠤᠶᠤᠨ᠎ᠤ ᠬᠥᠮᠥᠷᠭᠡ᠎ᠶ᠋ᠢᠨ ᠮᠡᠳᠡᠭᠦᠯᠦᠯᠲᠡ ᠪᠣᠯᠤᠨ 《ᠪᠦᠬᠦ᠌ ᠪᠥᠮᠪᠥᠷᠴᠡᠭ᠎ᠦᠨ ᠬᠦᠭᠵᠢᠵᠦ ᠪᠠᠢᠢᠭ᠎ᠠ ᠤᠯᠤᠰ ᠤ᠋ᠳ ᠤ᠋ᠨ ᠬᠠᠯᠠᠮᠱᠢᠯ ᠦᠭᠡ᠎ᠶ᠋ᠢᠨ ᠲᠠᠢᠯᠤᠮᠵᠢ》 ᠵᠢ ᠨᠡᠢᠲᠡᠯᠡᠪᠡ᠃
ᠢᠷᠡᠯᠳᠡ᠄ ᠰᠢᠨᠬᠤᠸᠠ ᠬᠤᠷᠢᠶ᠎ᠠ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃