ᠲᠡᠷᠢᠭᠦᠨ ᠨᠢᠭᠤᠷ>ᠴᠠᠭ ᠲᠦᠷᠦ>ᠳᠡᠯᠡᠬᠡᠢ ᠰᠣᠨᠣᠷ

2026-08-14 10:07:45

ᠵᠣᠬᠢᠶᠠᠭ᠍ᠴᠢ᠄ ᠨᠠᠨᠳᠢᠨ ᠣᠩᠱᠢᠭ᠍ᠰᠠᠨ ᠣᠳᠠᠭ᠎ᠠ᠄ 3

ᠢᠨᠳᠣᠨᠧᠱᠢᠢ᠎ᠠ᠎ᠶ᠋ᠢᠨ ᠡᠳ᠋᠎ᠦᠨ ᠵᠠᠰᠠᠭ᠎ᠤᠨ ᠶᠠᠮᠤᠨ᠎ᠤ ᠰᠠᠢᠳ ᠫᠦᠷᠪᠠᠶᠠ 12 ᠎ᠤ᠋ᠨ ᠡᠳᠦᠷ ᠵᠠᠺᠠᠷᠲ᠋ᠠ᠎ᠳᠤ᠂ ᠳᠤᠮᠳᠠᠳᠤ ᠳᠣᠷᠣᠨᠠᠲᠤ᠎ᠶ᠋ᠢᠨ ᠪᠠᠴᠢᠮ ᠪᠠᠢᠲᠠᠯ ᠤᠯᠠᠨ ᠤᠯᠤᠰ᠎ᠤᠨ ᠲᠤᠰᠤᠨ᠎ᠤ ᠦᠨ᠎ᠡ᠎ᠶ᠋ᠢ ᠥᠰᠭᠡᠬᠦ᠌᠎ᠶ᠋ᠢᠨ ᠬᠠᠮᠲᠤ ᠡᠨᠧᠷᠬᠢ᠎ᠶ᠋ᠢᠨ ᠣᠷᠣᠭᠤᠯᠤᠯᠲᠠ᠎ᠶ᠋ᠢᠨ ᠳᠠᠷᠤᠭᠠᠰᠤ᠎ᠶ᠋ᠢ ᠬᠦᠨᠳᠦᠷᠡᠭᠦᠯᠵᠦ᠂ ᠢᠨᠳᠣᠨᠧᠱᠢᠢ᠎ᠠ ᠶᠠᠭ ᠡᠨᠧᠷᠬᠢ᠎ᠶ᠋ᠢᠨ ᠬᠡᠷᠡᠭ᠌ᠯᠡᠭᠡᠨ᠎ᠦ ᠪᠦᠲᠦᠴᠡ᠎ᠶ᠋ᠢᠨ ᠬᠡᠯᠪᠡᠷᠢ᠎ᠶ᠋ᠢ ᠬᠤᠪᠢᠷᠠᠭᠤᠯᠬᠤ ᠪᠠᠨ ᠲᠦᠷᠭᠡᠳᠭᠡᠵᠦ᠍ ᠪᠤᠢ᠂ 2026 ᠣᠨ᠎ᠤ 6 ᠰᠠᠷ᠎ᠠ ᠡᠴᠡ ᠡᠬᠢᠯᠡᠨ ᠱᠢᠨ᠎ᠡ ᠡᠭᠡᠯᠵᠢ᠎ᠶ᠋ᠢᠨ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡᠨ᠎ᠦ ᠨᠥᠬᠥᠪᠥᠷᠢ᠎ᠶ᠋ᠢᠨ ᠲᠦᠷᠦ᠍᠎ᠶ᠋ᠢᠨ ᠪᠤᠲᠤᠯᠭ᠎ᠠ᠎ᠶ᠋ᠢ ᠬᠡᠷᠡᠭ᠌ᠵᠢᠭᠦᠯᠬᠦ᠌᠎ᠪᠡᠷ ᠲᠥᠯᠥᠪᠯᠡᠵᠦ᠍ ᠪᠠᠢᠨ᠎ᠠ ᠭᠡᠵᠡᠢ᠃

ᠫᠦᠷᠪᠠᠶᠠ᠂ ᠳᠤᠮᠳᠠᠳᠤ ᠳᠣᠷᠣᠨᠠᠲᠤ᠎ᠶ᠋ᠢᠨ ᠪᠠᠴᠢᠮ ᠪᠠᠢᠳᠠᠯ᠎ᠤᠨ ᠦᠷᠭᠦᠯᠵᠢᠯᠡᠬᠦ᠌ ᠴᠠᠭ ᠨᠢ ᠵᠢᠱ᠌ᠢᠯᠲᠡ᠎ᠡᠴᠡ ᠣᠷᠳᠣ ᠪᠠᠢᠵᠤ᠂ ᠪᠥᠬᠥ᠌ ᠪᠥᠮᠪᠥᠷᠴᠡᠭ᠎ᠦᠨ ᠲᠣᠰᠣᠨ᠎ᠤ ᠦᠨ᠎ᠡ ᠣᠬᠣᠷ ᠬᠤᠭᠤᠴᠠᠭᠠᠨ᠎ᠳᠤ ᠥᠨᠳᠥᠷ ᠪᠠᠢᠷᠢ᠎ᠪᠠᠨ ᠪᠠᠲᠤᠯᠠᠵᠤ᠂ ᠢᠨᠳᠣᠨᠧᠱᠢᠶ᠎ᠠ᠎ᠶ᠋ᠢᠨ ᠲᠦᠯᠡᠰᠢ ᠱᠢᠲᠠᠭᠠᠯᠭ᠎ᠠ ᠪᠠ ᠲᠦᠭᠦᠬᠡᠶ ᠴᠢᠯᠠᠭᠤᠨ ᠲᠣᠰᠣᠨ᠎ᠤ ᠭᠠᠳᠠᠭᠠᠳᠤ ᠣᠷᠣᠭᠤᠯᠤᠯᠲᠠ᠎ᠶ᠋ᠢᠨ ᠥᠪᠡᠷ᠎ᠦᠨ ᠥᠷᠲᠡᠭ᠎ᠢ ᠥᠰᠭᠡᠵᠦ᠍ ᠮᠡᠳᠡᠨ᠎ᠡ᠃ ᠭᠠᠳᠠᠨᠠᠬᠢ ᠠᠶᠤᠯ ᠲᠦᠭ᠌ᠰᠢᠭᠦᠷᠢ᠎ᠶ᠋ᠢ ᠪᠠᠭᠠᠰᠭᠠᠬᠤ᠎ᠶ᠋ᠢᠨ ᠲᠥᠯᠥᠭᠡ᠂ ᠵᠠᠰᠠᠭ᠎ᠤᠨ ᠣᠷᠳᠣᠨ ᠶᠠᠭ ᠤᠷᠮᠠᠱᠢᠭᠤᠯᠬᠤ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠠᠷᠠᠳ ᠣᠯᠠᠨ᠎ᠤ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡ ᠪᠠ ᠴᠠᠬᠢᠯᠭᠠᠨ ᠬᠥᠳᠡᠯᠭᠡᠭᠦᠷᠲᠦ ᠮᠣᠲ᠋ᠣᠷ ᠲᠡᠷᠭᠡ᠎ᠶ᠋ᠢ ᠨᠠᠩ ᠣᠯᠠᠨ ᠬᠡᠷᠡᠭ᠌ᠯᠡᠬᠦ᠌᠎ᠶ᠋ᠢ ᠠᠬᠢᠭᠤᠯᠵᠤ᠂ ᠴᠢᠯᠠᠭᠤᠵᠢᠮᠠᠯ ᠲᠦᠯᠡᠱᠢᠨ᠎ᠳᠦ ᠲᠦᠱᠢᠭ᠌ᠯᠡᠬᠦ᠌᠎ᠶ᠋ᠢ ᠪᠠᠭᠠᠰᠭᠠᠬᠤ᠎ᠪᠠᠷ ᠰᠤᠳᠤᠯᠵᠤ ᠪᠠᠢᠨ᠎ᠠ ᠭᠡᠵᠦ ᠢᠯᠡᠳᠬᠡᠪᠡ᠃

ᠫᠦᠷᠪᠠᠶᠠ᠂ ᠣᠳᠣᠬᠠᠨ᠎ᠳᠤ ᠢᠨᠳᠣᠨᠧᠱᠢᠶ᠎ᠠ ᠎ᠶ᠋ᠢᠨ ᠴᠠᠬᠢᠯᠭᠠᠨ ᠬᠦᠴᠦᠨ᠎ᠦ ᠬᠠᠩᠭᠠᠯᠭ᠎ᠠ ᠎ᠳᠤ ᠵᠣᠬᠢᠬᠤ ᠬᠡᠮᠵᠢᠶᠡᠨ᠎ᠦ ᠦᠯᠡᠭᠦᠳᠡᠯ ᠦᠶ᠋ᠯᠡᠳᠪᠦᠷᠢᠯᠡᠬᠦ᠌ ᠴᠢᠳᠠᠪᠤᠷᠢ ᠣᠷᠣᠱᠢᠵᠤ ᠪᠠᠢᠨ᠎ᠠ᠂ ᠵᠠᠮ ᠬᠠᠷᠢᠯᠴᠠᠭᠠᠨ᠎ᠤ ᠬᠦᠷᠢᠶᠡᠨ᠎ᠳᠡᠬᠢ ᠴᠠᠬᠢᠯᠭᠠᠨᠵᠢᠯᠲᠠ᠎ᠶ᠋ᠢ ᠠᠬᠢᠭᠤᠯᠬᠤ ᠨᠢ ᠱᠢᠲᠠᠭᠠᠯᠭ᠎ᠠ᠎ᠶ᠋ᠢᠨ ᠲᠣᠰᠣ᠎ᠶ᠋ᠢ ᠭᠠᠳᠠᠭᠠᠳᠤ ᠡᠴᠡ ᠣᠷᠣᠭᠤᠯᠬᠤ᠎ᠶ᠋ᠢ ᠪᠠᠭᠠᠰᠭᠠᠬᠤ᠎ᠳᠤ ᠠᠱᠢᠭ᠍ᠲᠠᠶ᠎ᠪᠠᠷ ᠪᠠᠷᠠᠬᠤ ᠥᠬᠡᠶ ᠪᠠᠰᠠ ᠣᠲᠣ᠎ᠶ᠋ᠢᠨ ᠪᠠᠢᠭ᠎ᠠ ᠴᠠᠬᠢᠯᠭᠠᠨ ᠬᠦᠴᠦᠨ᠎ᠦ ᠲᠥᠬᠥᠭᠡᠷᠦᠮᠵᠢ᠎ᠶ᠋ᠢᠨ ᠬᠡᠷᠡᠭ᠌ᠯᠡᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠬᠠᠮᠲᠤ ᠤᠯᠤᠰ᠎ᠤᠨ ᠲᠦᠯᠡᠰᠢ ᠱᠢᠲᠠᠭᠠᠯᠭ᠎ᠠ ᠪᠠ ᠴᠠᠬᠢᠯᠭᠠᠨ ᠬᠦᠴᠦᠨ᠎ᠦ ᠨᠥᠬᠥᠪᠥᠷᠢ᠎ᠶ᠋ᠢᠨ ᠲᠠᠯ᠎ᠠ᠎ᠪᠠᠷ ᠬᠢ ᠡᠳ᠋᠎ᠦᠨ ᠵᠠᠰᠠᠭ᠎ᠤᠨ ᠳᠠᠷᠤᠯᠲᠠ᠎ᠶ᠋ᠢ ᠬᠥᠩᠭᠡᠷᠡᠭᠦᠯᠵᠦ᠍ ᠴᠢᠳᠠᠨ᠎ᠠ ᠭᠡᠵᠡᠶ᠃

ᠵᠠᠰᠠᠭ᠎ᠤᠨ ᠣᠷᠳᠣᠨ᠎ᠤ ᠠᠩᠬ᠎ᠠ ᠠᠯᠬᠤᠮ᠎ᠤᠨ ᠲᠥᠯᠥᠪᠯᠡᠭᠡ᠎ᠶ᠋ᠢ ᠦᠨᠳᠦᠰᠦᠯᠡᠪᠡᠯ᠂ ᠢᠨᠳᠣᠨᠧᠱᠢᠶ᠎ᠠ ᠶ᠋ᠢᠨ᠎ᠬᠢᠨ 2026 ᠣᠨ᠎ᠤ 6 ᠰᠠᠷ᠎ᠠ ᠡᠴᠡ ᠡᠬᠢᠯᠡᠨ 10 ᠲᠦᠮᠡᠨ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡ ᠪᠣᠯᠤᠨ 10 ᠲᠦᠮᠡᠨ ᠴᠠᠬᠢᠯᠭᠠᠨ ᠬᠥᠳᠡᠯᠭᠡᠭᠦᠷᠲᠦ ᠮᠣᠲ᠋ᠣᠷ ᠲᠡᠷᠭᠡᠨ᠎ᠳᠦ ᠨᠥᠬᠥᠪᠥᠷᠢ ᠣᠯᠭᠣᠨ᠎ᠠ᠂ ᠡᠭᠦᠨ᠎ᠳᠦ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡ᠎ᠨᠢ ᠳ᠋ᠢᠶᠠᠨ ᡂᠢ᠎ᠶ᠋ᠢᠨ ᠲᠥᠷᠥᠯ ᠬᠡᠯᠪᠡᠷᠢ᠎ᠶ᠋ᠢ ᠦᠨᠳᠦᠰᠦᠯᠡᠨ 40 % ᠡᠴᠡ 100 % ᠎ᠶ᠋ᠢᠨ ᠨᠡᠮᠡᠭ᠌ᠳᠡᠯ ᠥᠷᠲᠡᠭ᠎ᠦᠨ ᠭᠠᠢᠯᠢ᠎ᠶ᠋ᠢᠨ ᠬᠠᠷᠠᠭᠠᠯᠵᠠᠯ ᠭᠥᠷᠳᠡᠨ᠎ᠡ᠃ ᠲᠥᠷᠥ᠎ᠶ᠋ᠢᠨ ᠪᠣᠳᠣᠯᠭ᠎ᠠ᠎ᠶ᠋ᠢ ᠵᠥᠪᠬᠡᠨ ᠴᠠᠬᠢᠯᠭᠠᠨ ᠬᠥᠳᠡᠯᠭᠡᠭᠦᠷᠲᠦ ᠲᠡᠷᠭᠡᠨ᠎ᠳᠦ ᠬᠡᠷᠡᠭ᠌ᠯᠡᠨ᠎ᠡ᠂ ᠬᠣᠯᠢᠮᠠᠭ ᠬᠥᠳᠡᠯᠭᠡᠭᠦᠷᠲᠦ ᠲᠡᠷᠭᠡᠨ᠎ᠳᠦ ᠬᠡᠷᠡᠭ᠌ᠯᠡᠬᠦ᠌ ᠦᠭᠡᠢ᠃

ᠢᠷᠡᠯᠳᠡ᠄ ᠰᠢᠨᠬᠤᠸᠠ ᠬᠤᠷᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面