ᠲᠡᠷᠢᠭᠦᠨ ᠨᠢᠭᠤᠷ>ᠴᠠᠭ ᠲᠦᠷᠦ>ᠳᠡᠯᠡᠬᠡᠢ ᠰᠣᠨᠣᠷ

2026-08-14 10:04:16

ᠵᠣᠬᠢᠶᠠᠭ᠍ᠴᠢ᠄ ᠠᠭᠤᠯᠠ ᠣᠩᠱᠢᠭ᠍ᠰᠠᠨ ᠣᠳᠠᠭ᠎ᠠ᠄ 3

13 ᠤ᠋ ᠡᠳᠦᠷ ᠶᠠᠫᠣᠨ᠎ᠤ ᠤᠯᠤᠰ ᠲᠠᠭᠠᠨ ᠦᠢᠯᠡᠳᠪᠦᠷᠢᠯᠡᠬᠦ ᠮᠠᠱᠢᠨ ᠲᠡᠷᠭᠡᠨ᠎ᠦ ᠺᠣᠮᠫᠠᠨᠢ ᠡᠳ᠋᠎ᠦᠨ ᠵᠠᠰᠠᠭ᠎ᠤᠨ ᠮᠡᠳᠡᠭᠦᠯᠦᠯᠲᠡ ᠨᠡᠢᠲᠡᠯᠡᠵᠦ᠍᠂ ᠪᠦᠬᠦ᠌ ᠳᠡᠯᠡᠬᠡᠢ᠎ᠶ᠋ᠢᠨ ᠪᠣᠷᠣᠯᠠᠭᠤᠯᠭ᠎ᠠ ᠮᠠᠭᠤᠳᠠᠭ᠍ᠰᠠᠨ᠂ ᠠᠮᠧᠷᠢᠺᠠ᠎ᠶ᠋ᠢᠨ ᠪᠣᠭᠣᠮᠲᠠ᠎ᠶ᠋ᠢᠨ ᠭᠠᠢᠯᠢ᠎ᠶ᠋ᠢᠨ ᠲᠦᠷᠦ᠍᠎ᠶ᠋ᠢᠨ ᠪᠤᠲᠤᠯᠭ᠎ᠠ᠎ᠶ᠋ᠢᠨ ᠲᠠᠭᠠᠷᠢᠯᠲᠠ ᠵᠢᠴᠢ ᠵᠣᠭᠣᠰ ᠮᠠᠭᠤᠳᠠᠬᠤ ᠳᠠᠷᠤᠯᠲᠠ ᠨᠡᠮᠡᠭ᠌ᠳᠡᠭ᠌ᠰᠡᠨ ᠵᠡᠷᠭᠡ᠎ᠡᠴᠡ ᠪᠤᠯᠵᠤ ᠲᠤᠰ ᠺᠣᠮᠫᠠᠨᠢ ᠳᠠᠷᠠᠭᠠᠯᠠᠨ ᠬᠣᠶᠠᠷ ᠡᠳ᠋᠎ᠦᠨ ᠵᠠᠰᠠᠭ᠎ᠤᠨ ᠣᠨ᠎ᠳᠤ ᠯᠤᠲᠤ ᠶᠡᠬᠡ ᠬᠤᠬᠢᠷᠠᠯ᠎ᠳᠦ ᠤᠴᠠᠷᠠᠪᠠ ᠭᠡᠵᠡᠢ᠃

ᠡᠳ᠋᠎ᠦᠨ ᠵᠠᠰᠠᠭ᠎ᠤᠨ ᠮᠡᠳᠡᠭᠦᠯᠦᠯᠲᠡ᠎ᠳᠦ ᠬᠠᠷᠠᠭᠤᠯᠤᠭᠰᠠᠨ᠎ᠢᠶᠡᠷ᠂ 2025 ᠡᠳ᠋᠎ᠦᠨ ᠵᠠᠰᠠᠭ᠎ᠤᠨ ᠣᠨ (2025 ᠣᠨ᠎ᠤ 4 ᠰᠠᠷ᠎ᠠ᠎ᠡᠴᠡ 2026 ᠣᠨ᠎ᠤ 3 ᠰᠠᠷ᠎ᠠ ᠪᠣᠯᠲᠠᠯ᠎ᠠ) ᠳ᠋ᠤ᠂ ᠶᠠᠫᠣᠨ᠎ᠤ ᠤᠯᠤᠰ ᠲᠠᠭᠠᠨ ᠦᠶ᠋ᠯᠡᠳᠪᠦᠷᠢᠯᠡᠭ᠌ᠰᠡᠨ ᠮᠠᠱᠢᠨ ᠲᠡᠷᠭᠡᠨ᠎ᠦ ᠴᠡᠪᠡᠷ ᠬᠤᠬᠢᠷᠠᠯ᠎ᠨᠢ 5331 ᠳ᠋ᠦᠩᠱᠢᠭᠤᠷ ᠶᠠᠫᠤᠨ ᠵᠤᠭᠤᠰ (2025 ᠣᠨ᠎ᠤ ᠡᠳ᠋᠎ᠦᠨ ᠵᠠᠰᠠᠭ᠎ᠤᠨ ᠤᠨ᠎ᠤ ᠳᠤᠮᠳᠠᠴᠢ ᠭᠤᠪᠢᠭᠤᠯᠭ᠎ᠠ᠎ᠶ᠋ᠢᠨ ᠨᠣᠷᠮ᠎ᠠ᠎ᠪᠠᠷ ᠪᠤᠳᠤᠪᠠᠯ᠂ 1 ᠳ᠋ᠣᠯᠯᠠᠷ᠎ᠨᠢ ᠪᠠᠷᠤᠭ 151 ᠶᠠᠫᠤᠨ ᠵᠤᠭᠤᠰ) ᠪᠠᠢᠵᠤ᠂ ᠪᠥᠬᠥ᠌ ᠳᠡᠯᠡᠬᠡᠶ᠎ᠶ᠋ᠢᠨ ᠪᠣᠷᠣᠯᠠᠭᠤᠯᠭ᠎ᠠ ᠎ᠶ᠋ᠢᠨ ᠬᠡᠮᠵᠢᠶ᠎ᠡ᠂ ᠪᠣᠷᠣᠯᠠᠭᠤᠯᠭ᠎ᠠ ᠎ᠶ᠋ᠢᠨ ᠵᠤᠭᠤᠰ᠎ᠤᠨ ᠲᠤᠭ᠎ᠠ᠂ ᠡᠵᠡᠩᠨᠡᠯᠲᠡ᠎ᠶ᠋ᠢᠨ ᠠᠱᠢᠭ ᠬᠣᠨᠵᠢᠪᠣᠷᠢ᠎ᠨᠢ ᠠᠳᠠᠯᠢ ᠬᠤᠭᠤᠴᠠᠭᠠᠨ᠎ᠤ᠎ᠬᠢ᠎ᠡᠴᠡ ᠴᠥᠮ ᠪᠠᠭᠤᠷᠠᠪᠠ᠃ 2024 ᠡᠳ᠋᠎ᠦᠨ ᠵᠠᠰᠠᠭ ᠎ᠤᠨ ᠣᠨ᠎ᠳᠤ ᠲᠤᠰ ᠺᠣᠮᠫᠠᠨᠢ᠎ᠶ᠋ᠢᠨ ᠴᠡᠪᠡᠷ ᠬᠤᠬᠢᠷᠠᠯ ᠨᠢ 6709 ᠳ᠋ᠦᠩᠱᠢᠭᠤᠷ ᠶᠠᠫᠣᠨ ᠵᠣᠭᠣᠰ ᠪᠤᠯᠤᠨ᠎ᠠ᠃

ᠢᠷᠡᠯᠲᠡ᠄ ᠰᠢᠨᠬᠤᠸᠠ ᠬᠤᠷᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面