2026-08-14 10:04:17
5 ᠰᠠᠷ᠎ᠠ᠎ᠶ᠋ᠢᠨ 6 ᠤ᠋ ᠡᠳᠦᠷ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠸᠠᠩ ᠢ ᠪᠡᠭᠡᠵᠢᠩ᠎ᠳᠦ ᠢᠷᠠᠨ᠎ᠤ ᠭᠠᠳᠠᠭᠠᠳᠤ ᠶᠠᠪᠤᠳᠠᠯ᠎ᠤᠨ ᠶᠠᠮᠤᠨ᠎ᠤ ᠰᠠᠢᠳ ᠠᠯᠠᠭᠧᠴᠢ ᠲᠠᠢ ᠬᠡᠯᠡᠯᠴᠡᠭᠡ ᠬᠢᠪᠡ᠃
ᠠᠯᠠᠭᠧᠴᠢ ᠡᠴᠡ ᠢᠷᠠᠨ ᠠᠮᠧᠷᠢᠺᠠ᠎ᠶ᠋ᠢᠨ ᠬᠡᠯᠡᠯᠴᠡᠭᠡ᠎ᠶ᠋ᠢᠨ ᠬᠠᠮᠤᠭ᠎ᠤᠨ ᠱᠢᠨ᠎ᠡ ᠪᠠᠢᠳᠠᠯ ᠵᠢᠴᠢ ᠢᠷᠠᠨ᠎ᠤ ᠲᠠᠯ᠎ᠠ᠎ᠶ᠋ᠢᠨ ᠲᠠᠷᠠᠭᠠᠴᠢ᠎ᠶ᠋ᠢᠨ ᠠᠯᠬᠤᠮ᠎ᠤᠨ ᠪᠣᠳᠣᠯᠬᠢᠯᠠᠯ ᠢ ᠮᠡᠳᠡᠭ᠌ᠳᠡᠵᠦ᠍᠂ ᠢᠷᠠᠨ᠎ᠤ ᠬᠢᠨ ᠤᠯᠤᠰ᠎ᠤᠨ ᠡᠷᠬᠡ ᠮᠡᠳᠡᠯ ᠪᠣᠯᠤᠨ ᠦᠨᠳᠦᠰᠦᠲᠡᠨ ᠦ ᠨᠡᠷ᠎ᠡ ᠬᠦᠨᠳᠦ᠍᠎ᠪᠡᠨ ᠡᠷᠡᠰ ᠬᠠᠮᠠᠭᠠᠯᠠᠬᠤ᠎ᠶ᠋ᠢᠨ ᠬᠠᠮᠲᠤ ᠨᠠᠢᠷᠠᠮᠳᠠᠯ ᠢᠶᠡᠷ ᠬᠡᠯᠡᠯᠴᠡᠭᠡ ᠬᠢᠬᠦ᠌ ᠠᠷᠭ᠎ᠠ ᠬᠡᠯᠪᠡᠷᠢ᠎ᠪᠡᠷ ᠳᠠᠮᠵᠢᠵᠤ᠂ ᠬᠠᠮᠲᠤ᠎ᠶ᠋ᠢᠨ ᠲᠠᠨᠢᠯᠲᠠ᠎ᠪᠠᠨ ᠲᠠᠰᠤᠷᠠᠯᠳᠠ ᠦᠭᠡᠢ ᠬᠤᠷᠠᠮᠳᠤᠭᠤᠯᠵᠤ᠂ ᠪᠦᠬᠦ᠌ ᠲᠠᠯ᠎ᠠ᠎ᠶ᠋ᠢᠨ᠂ ᠥᠨᠢᠳᠡ᠎ᠶ᠋ᠢᠨ ᠱᠢᠢᠳᠪᠦᠷᠢᠯᠡᠬᠦ᠌ ᠲᠥᠰᠦᠯ ᠢ ᠡᠷᠢᠯᠬᠢᠯᠡᠨ᠎ᠡ᠃ ᠣᠳᠣᠬᠠᠨ᠎ᠳᠤ ᠬᠤᠷᠮᠤᠽ ᠬᠣᠭᠣᠯᠠᠶ᠎ᠶ᠋ᠢ ᠨᠡᠭᠡᠭᠡᠬᠦ᠌ ᠠᠰᠠᠭᠤᠳᠠᠯ ᠢ ᠲᠦᠷᠭᠡᠬᠡᠨ ᠰᠠᠢᠲᠤᠷ ᠱᠢᠶ᠋ᠳᠪᠦᠷᠢᠯᠡᠬᠦ ᠴᠢᠬᠤᠯᠠᠳᠠᠢ᠃ ᠢᠷᠠᠨ᠎ᠤ ᠬᠢᠨ ᠲᠡᠷᠢᠭᠦᠯᠡᠭ᠌ᠴᠢ ᠰᠢ ᠵᠢᠨ ᠫᠢᠩ ᠦᠨ ᠳᠤᠷᠠᠳᠤᠭ᠍ᠰᠠᠨ ᠭᠠᠵᠠᠷ ᠣᠷᠣᠨ ᠤ ᠡᠩᠭᠡ ᠲᠠᠢᠪᠤᠩ ᠲᠣᠭ᠍ᠲᠠᠭᠤᠨ᠎ᠢ ᠬᠠᠮᠠᠭᠠᠯᠠᠨ ᠠᠬᠢᠭᠤᠯᠬᠤ ᠲᠤᠬᠠᠢ ᠲᠦᠷᠪᠡᠨ ᠲᠠᠯ᠎ᠠ ᠵᠢᠨ ᠵᠣᠷᠢᠯᠲᠠ᠎ᠶ᠋ᠢ ᠳᠡᠭᠡᠳᠦ ᠬᠡᠮᠵᠢᠢ᠎ᠡ᠎ᠪᠡᠷ ᠮᠠᠭ᠍ᠲᠠᠨ ᠰᠠᠢᠱᠢᠶᠠᠵᠤ ᠪᠠᠢᠬᠤ ᠪᠥᠭᠡᠳ ᠮᠡᠳᠡᠷᠡᠵᠦ᠍ ᠪᠠᠢᠨ᠎ᠠ᠂ ᠳᠤᠮᠳᠠᠳᠤ ᠶ᠋ᠢᠨ ᠲᠠᠯ᠎ᠠ᠎ᠶ᠋ᠢᠨ ᠪᠦᠲᠦᠭᠡᠯᠴᠢ ᠴᠢᠨᠠᠷᠲᠠᠢ ᠣᠪᠣᠷ᠎ᠢᠶᠠᠷ ᠪᠠᠢᠳᠠᠯ᠎ᠤᠨ ᠬᠡᠴᠡᠭᠦᠳᠡᠬᠦ ᠵᠢᠴᠢ ᠭᠠᠳᠠᠭᠰᠢ ᠲᠡᠯᠡᠷᠡᠬᠦ ᠵᠢ ᠬᠣᠷᠢᠭ᠍ᠯᠠᠬᠤ᠎ᠶ᠋ᠢᠨ ᠲᠥᠯᠥᠭᠡ ᠴᠥᠬᠥᠷᠡᠰᠢ ᠦᠭᠡᠢ ᠴᠢᠷᠮᠠᠢᠯᠭ᠎ᠠ ᠭᠠᠷᠭᠠᠭ᠍ᠰᠠᠨ᠎ᠢ ᠮᠠᠭ᠍ᠲᠠᠨ ᠰᠠᠢᠱᠢᠶᠠᠵᠤ ᠪᠠᠢᠨ᠎ᠠ᠃ ᠢᠷᠠᠨ᠎ᠤ ᠬᠢᠨ ᠳᠤᠮᠳᠠᠳᠤ ᠤᠯᠤᠰ᠎ᠢ ᠢᠲᠡᠭᠡᠵᠦ᠍ ᠪᠠᠢᠨ᠎ᠠ᠂ ᠳᠤᠮᠳᠠᠳᠤ ᠤᠯᠤᠰ᠎ᠤᠨ ᠡᠩᠭᠡ ᠲᠠᠢᠪᠤᠩ᠎ᠢ ᠠᠬᠢᠭᠤᠯᠵᠤ ᠲᠠᠢ᠌ᠨ ᠵᠣᠭ᠍ᠰᠣᠬᠤ᠎ᠳᠤ ᠦᠷᠭᠦᠯᠵᠢᠯᠡᠨ ᠢᠳᠡᠪᠬᠢᠲᠡᠢ ᠦᠢᠯᠡᠳᠦᠯ ᠦᠵᠡᠭᠦᠯᠵᠤ᠂ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠦ ᠲᠡᠢᠯᠬᠦ ᠲᠠᠢ᠌ᠨ᠎ᠦ ᠳᠠᠷᠠᠭᠠᠬᠢ ᠭᠠᠵᠠᠷ ᠣᠷᠣᠨ᠎ᠤ ᠱᠢᠨ᠎ᠡ ᠪᠤᠷᠤ ᠲᠦᠯᠦᠪᠢ ᠪᠠᠢᠭᠤᠯᠬᠤ᠎ᠶ᠋ᠢ ᠲᠡᠮᠵᠢᠬᠦ ᠵᠢ ᠬᠦᠰᠡᠵᠤ ᠪᠠᠢᠨ᠎ᠠ ᠭᠡᠵᠦ ᠢᠯᠡᠳᠭᠡᠪᠡ᠃
ᠸᠠᠩ ᠢ᠂ ᠲᠡᠷᠢᠭᠦᠯᠡᠭ᠌ᠴᠢ ᠰᠢ ᠵᠢᠨ ᠫᠢᠩ ᠳᠤᠮᠳᠠᠳᠤ ᠳᠣᠷᠣᠨᠠᠲᠤ᠎ᠶ᠋ᠢᠨ ᠡᠩᠬᠡ ᠲᠠᠢᠪᠤᠩ ᠲᠣᠭ᠍ᠲᠠᠭᠤᠨ᠎ᠢ ᠬᠠᠮᠠᠭᠠᠯᠠᠬᠤ ᠪᠠ ᠠᠬᠢᠭᠤᠯᠬᠤ ᠲᠦᠷᠪᠡᠨ ᠲᠠᠯ᠎ᠠ ᠵᠢᠨ ᠵᠣᠷᠢᠯᠲᠠ᠎ᠶ᠋ᠢ ᠲᠥᠪ ᠴᠢᠩᠭ᠎ᠠ᠎ᠪᠠᠷ ᠳᠤᠷᠠᠳᠴᠤ᠌᠂ ᠳᠡᠯᠡᠬᠡᠢ ᠨᠡᠢᠭᠡᠮ᠎ᠢᠶᠡᠷ᠎ᠢᠶᠡᠨ ᠢᠳᠡᠪᠬᠢᠲᠡᠢ ᠴᠤᠤᠷᠢᠶᠠᠲᠤᠨ ᠬᠦᠯᠢᠶᠡᠨ ᠠᠪᠤᠪᠠ᠃ ᠣᠳᠣᠬᠠᠨ᠎ᠳᠤ ᠭᠠᠵᠠᠷ ᠣᠷᠣᠨ᠎ᠤ ᠪᠠᠢᠳᠠᠯ ᠶᠠᠭ ᠲᠠᠢᠨ ᠲᠠᠵᠢᠨ ᠪᠠ ᠡᠩᠬᠡ ᠲᠠᠢᠪᠤᠩ᠎ᠤᠨ ᠬᠠᠷᠢᠯᠴᠠᠨ ᠰᠣᠯᠢᠭ᠍ᠳᠠᠬᠤ ᠵᠠᠩᠭᠢᠯᠠᠭ᠎ᠠ᠎ᠶ᠋ᠢᠨ ᠦᠶ᠎ᠡ᠎ᠳᠦ ᠣᠷᠣᠱᠢᠵᠤ ᠪᠠᠢᠨ᠎ᠠ᠃ ᠳᠤᠮᠳᠠᠳᠤ᠎ᠶ᠋ᠢᠨ ᠲᠠᠯ᠎ᠠ᠎ᠶ᠋ᠢᠨ ᠬᠢᠨ᠂ ᠪᠦᠬᠦ᠌ ᠲᠠᠯ᠎ᠠ᠎ᠪᠠᠷ ᠲᠠᠢ᠌ᠨ ᠵᠣᠭ᠍ᠰᠣᠬᠤ᠎ᠶ᠋ᠢ ᠥᠴᠦᠬᠡᠨ ᠴᠦ᠍ ᠬᠣᠢᠱᠢᠯᠠᠭᠤᠯᠵᠤ ᠪᠣᠯᠬᠤ ᠦᠭᠡᠢ᠂ ᠨᠡᠩ ᠲᠠᠢ᠌ᠨ᠎ᠢ ᠲᠠᠬᠢᠨ ᠡᠬᠢᠯᠡᠬᠦᠯᠵᠤ᠌ ᠪᠣᠯᠬᠤ ᠦᠭᠡᠢ᠂ ᠬᠡᠯᠡᠯᠴᠡᠭᠡ ᠬᠢᠬᠦ᠌᠎ᠶ᠋ᠢ ᠪᠠᠷᠢᠮᠲᠠᠯᠠᠬᠤ ᠨᠢ ᠨᠡᠩ ᠴᠢᠬᠤᠯᠠ ᠶᠤᠮ ᠭᠡᠵᠦ ᠦᠵᠡᠵᠦ ᠪᠠᠢᠨ᠎ᠠ᠃ ᠳᠤᠮᠳᠠᠳᠤ ᠤᠯᠤᠰ ᠢᠷᠠᠨ᠎ᠤ ᠬᠢᠨ᠎ᠦ ᠤᠯᠤᠰ᠎ᠤᠨ ᠡᠷᠬᠡ ᠮᠡᠳᠡᠯ ᠪᠣᠯᠤᠨ ᠠᠮᠤᠷ ᠲᠦᠪᠱᠢᠨ᠎ᠢᠶᠡᠨ ᠬᠠᠮᠠᠭᠠᠯᠠᠬᠤ᠎ᠶ᠋ᠢ ᠲᠡᠮᠵᠢᠵᠤ᠂ ᠢᠷᠠᠨ᠎ᠤ ᠬᠢᠨ᠎ᠦ ᠳᠤᠷᠠᠲᠠᠶ᠎ᠠ ᠭᠠᠳᠠᠭᠠᠳᠤ ᠬᠠᠷᠢᠯᠴᠠᠭᠠᠨ᠎ᠤ ᠠᠷᠭ᠎ᠠ ᠵᠠᠮ᠎ᠢᠶᠠᠷ ᠳᠠᠮᠵᠢᠨ ᠤᠯᠤᠰ ᠲᠦᠷᠦ᠍ ᠪᠡᠷ ᠱᠢᠢᠳᠪᠦᠷᠢᠯᠡᠬᠦ ᠵᠠᠮ᠎ᠢ ᠡᠷᠢᠯᠬᠢᠯᠡᠵᠤ ᠪᠠᠢᠬᠤ᠎ᠵᠢ ᠮᠠᠭ᠍ᠲᠠᠨ ᠰᠠᠢᠱᠢᠶᠠᠵᠤ ᠪᠠᠢᠨ᠎ᠠ᠃ ᠳᠡᠯᠡᠬᠡᠢ ᠨᠡᠢᠭᠡᠮ᠎ᠢᠶᠡᠷ᠎ᠢᠶᠡᠨ ᠬᠤᠷᠮᠤᠽ ᠬᠣᠭᠣᠯᠠᠢ᠎ᠶ᠋ᠢᠨ ᠬᠡᠪ᠎ᠦᠨ ᠠᠮᠤᠷ ᠲᠦᠪᠱᠢᠨ᠎ᠢᠶᠡᠷ ᠨᠡᠪᠲᠡᠷᠡᠬᠦ᠌᠎ᠶ᠋ᠢ ᠰᠡᠷᠭᠦᠭᠡᠬᠦ᠌᠎ᠳᠦ ᠬᠠᠮᠲᠤ᠎ᠶ᠋ᠢᠨ ᠠᠩᠬᠠᠷᠤᠯ ᠲᠠᠯᠪᠢᠵᠤ ᠪᠠᠢᠨ᠎ᠠ᠂ ᠲᠤᠬᠠᠢ᠎ᠶ᠋ᠢᠨ ᠲᠠᠯ᠎ᠠ᠎ᠶ᠋ᠢᠨ ᠬᠢᠨ ᠳᠡᠯᠡᠬᠡᠢ ᠨᠡᠢᠭᠡᠮ᠎ᠦᠨ ᠴᠢᠩᠭ᠎ᠠ ᠬᠦᠰᠡᠯ ᠱᠠᠭᠠᠷᠳᠠᠯᠭ᠎ᠠ᠎ᠳᠤ ᠳᠠᠷᠤᠢᠬᠠᠨ ᠬᠠᠷᠢᠭᠤᠯᠲᠠ ᠥᠭ᠌ᠬᠦ᠎ᠶ᠋ᠢ ᠳᠤᠮᠳᠠᠳᠤ ᠤᠯᠤᠰ ᠬᠦᠰᠡᠵᠦ᠍ ᠪᠠᠢᠨ᠎ᠠ᠃ ᠢᠷᠠᠨ᠎ᠤ ᠴᠥᠮ᠎ᠡ᠎ᠶ᠋ᠢᠨ ᠵᠡᠪᠰᠡᠭ ᠢ᠋ ᠬᠥᠭ᠌ᠵᠢᠭᠦᠯᠬᠦ᠌ ᠦᠭᠡᠢ ᠭᠡᠰᠡᠨ ᠠᠮᠠᠯᠠᠯᠲᠠ᠎ᠶ᠋ᠢ ᠳᠤᠮᠳᠠᠳᠤ ᠤᠯᠤᠰ ᠮᠠᠭ᠍ᠲᠠᠨ ᠰᠠᠢᠱᠢᠶᠠᠬᠤ᠎ᠶ᠋ᠢᠨ ᠬᠠᠮᠲᠤ ᠢᠷᠠᠨ᠎ᠤ ᠬᠢᠨ ᠡᠩᠬᠡ ᠲᠠᠢᠪᠤᠩ᠎ᠢᠶᠠᠷ ᠴᠥᠮ᠎ᠡ᠎ᠶ᠋ᠢᠨ ᠡᠨᠧᠷᠭᠢ᠎ᠶ᠋ᠢ ᠠᠱᠢᠭ᠍ᠯᠠᠬᠤ ᠵᠦᠢ ᠶᠣᠰᠣᠨ᠎ᠤ ᠡᠷᠬᠡ᠎ᠲᠡᠶ ᠭᠡᠵᠦ᠍ ᠦᠵᠡᠵᠦ᠍ ᠪᠠᠢᠨ᠎ᠠ᠃ ᠳᠤᠮᠳᠠᠳᠤ ᠤᠯᠤᠰ ᠲᠠᠯᠠᠢ᠎ᠶ᠋ᠢᠨ ᠪᠤᠯᠤᠩ ᠪᠣᠯᠤᠨ ᠳᠤᠮᠳᠠᠳᠤ ᠳᠣᠷᠣᠨᠠᠲᠤ᠎ᠶ᠋ᠢᠨ ᠤᠯᠤᠰ᠎ᠤᠳ ᠬᠤᠪᠢ ᠵᠠᠶᠠᠭ᠎ᠠ᠎ᠪᠠᠨ ᠥᠪᠡᠷ᠎ᠤᠨ ᠭᠠᠷ ᠲᠠᠭᠠᠨ ᠡᠵᠡᠮᠳᠡᠬᠦ᠌᠎ᠶ᠋ᠢ ᠰᠠᠨᠠᠭᠠᠴᠢᠯᠠᠵᠤ᠂ ᠢᠷᠠᠨ ᠪᠣᠯᠤᠨ ᠨᠡᠩ ᠤᠯᠠᠨ ᠲᠠᠯᠠᠢ᠎ᠶ᠋ᠢᠨ ᠪᠤᠯᠤᠩ᠎ᠤᠨ ᠤᠯᠤᠰ᠎ᠤᠳ᠎ᠤᠨ ᠶᠠᠷᠢᠯᠴᠠᠭ᠎ᠠ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠡᠶᠡᠯᠳᠡᠭ ᠬᠥᠷᠰᠢ᠎ᠶ᠋ᠢᠨ ᠨᠥᠬᠥᠷᠰᠡᠭ ᠬᠠᠷᠢᠯᠴᠠᠭ᠎ᠠ᠎ᠶ᠋ᠢ ᠪᠡᠶᠡᠯᠡᠭᠦᠯᠵᠦ᠍᠂ ᠭᠠᠵᠠᠷ ᠣᠷᠣᠨ᠎ᠤ ᠤᠯᠤᠰ᠎ᠤᠳ ᠬᠠᠮᠲᠤ᠎ᠪᠠᠷ ᠣᠷᠣᠯᠴᠠᠬᠤ᠂ ᠬᠠᠮᠲᠤ᠎ᠶ᠋ᠢᠨ ᠠᠱᠢᠭ ᠲᠤᠰᠠ᠎ᠪᠠᠨ ᠬᠠᠮᠠᠭᠠᠯᠠᠬᠤ᠂ ᠬᠠᠮᠲᠤ᠎ᠪᠠᠷ ᠬᠥᠭ᠌ᠵᠢᠬᠦ᠌ ᠭᠠᠵᠠᠷ ᠣᠷᠣᠨ᠎ᠤ ᠡᠩᠬᠡ ᠲᠠᠢᠪᠤᠩ ᠪᠣᠯᠤᠨ ᠠᠮᠤᠷ ᠲᠦᠪᠱᠢᠨ᠎ᠦ ᠪᠤᠷᠤ ᠲᠦᠯᠦᠪᠢ ᠪᠠᠢᠭᠤᠯᠬᠤ᠎ᠶ᠋ᠢ ᠲᠡᠮᠵᠢᠨ᠎ᠡ ᠭᠡᠵᠦ ᠴᠢᠬᠤᠯᠠᠴᠢᠯᠠᠪᠠ᠃
ᠸᠠᠩ ᠢ᠂ ᠳᠤᠮᠳᠠᠳᠤ ᠤᠯᠤᠰ ᠳᠤᠷᠠᠲᠠᠶ᠎ᠠ ᠲᠡᠷᠢᠭᠦᠯᠡᠭ᠌ᠴᠢ ᠰᠢ ᠵᠢᠨ ᠫᠢᠩ᠎ᠦᠨ ᠲᠤᠷᠠᠳᠤᠬᠰᠠᠨ ᠲᠦᠷᠪᠡᠨ ᠲᠠᠯ᠎ᠠ ᠵᠢᠨ ᠵᠣᠷᠢᠯᠲᠠ᠎ᠶ᠋ᠢᠨ ᠵᠣᠷᠢᠭ ᠰᠠᠨᠠᠭ᠎ᠠ᠎ᠶ᠋ᠢ ᠪᠠᠷᠢᠮᠲᠠᠯᠠᠵᠤ᠂ ᠳᠤᠮᠳᠠᠳᠤ ᠳᠣᠷᠣᠨᠠᠲᠤ ᠣᠷᠣᠨ᠎ᠤ ᠤᠯᠤᠰ᠎ᠤᠳ᠎ᠤᠨ 《ᠲᠦᠷᠪᠡᠨ ᠬᠠᠮᠲᠤ᠎ᠶ᠋ᠢᠨ ᠭᠡᠷ ᠣᠷᠣᠨ》 ᠢ᠋ ᠪᠦᠳᠤᠬᠡᠨ ᠪᠠᠢᠭᠤᠯᠬᠤ᠎ᠶ᠋ᠢ ᠳᠡᠮᠵᠢᠬᠦ᠌᠎ᠪᠡᠷ ᠬᠠᠷᠠᠯᠲᠠ ᠪᠣᠯᠭᠠᠵᠤ᠂ ᠪᠠᠢᠳᠠᠯ᠎ᠢ ᠨᠠᠮᠳᠠᠭᠤᠯᠵᠤ᠂ ᠲᠠᠢ᠌ᠨ ᠳᠠᠵᠢ᠎ᠨᠢ ᠵᠣᠭ᠍ᠰᠣᠭᠠᠬᠤ᠎ᠪᠠᠷ ᠴᠢᠨᠠᠭ᠍ᠰᠢᠳᠠ ᠴᠢᠷᠮᠠᠢᠵᠤ᠂ ᠨᠠᠢᠷᠠᠮᠳᠠᠯ᠎ᠢᠶᠡᠷ ᠬᠡᠯᠡᠯᠴᠡᠭᠡ ᠬᠢᠬᠦ᠎ᠶ᠋ᠢ ᠡᠬᠢᠯᠡᠭᠦᠯᠬᠦ᠌᠎ᠳᠦ ᠦᠷᠭᠦᠯᠵᠢᠯᠡᠨ ᠬᠦᠴᠦᠨ ᠨᠡᠮᠡᠷᠢᠯᠡᠵᠦ᠍᠂ ᠳᠤᠮᠳᠠᠳᠤ ᠳᠣᠷᠣᠨᠠᠲᠤ ᠣᠷᠣᠨ᠎ᠤ ᠡᠩᠬᠡ ᠲᠠᠢᠪᠤᠩ ᠠᠮᠤᠷ ᠲᠣᠭ᠍ᠲᠠᠭᠤᠨ᠎ᠢ ᠰᠡᠷᠭᠦᠭᠡᠬᠦ᠌᠎ᠳᠦ ᠨᠡᠩ ᠶᠡᠬᠡ ᠦᠢᠯᠡᠳᠦᠯ ᠦᠵᠡᠭᠦᠯᠦᠨ᠎ᠡ ᠭᠡᠵᠦ᠍ ᠢᠯᠡᠳᠭᠡᠪᠡ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 5 ᠰᠠᠷ᠎ᠠ᠎ᠶ᠋ᠢᠨ 6 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃