2026-08-21 16:15:14
ᠳᠡᠯᠡᠬᠡᠶ ᠳᠡᠭᠡᠷᠡᠬᠢ ᠠᠩᠬᠠᠳᠠᠭᠴᠢ ᠢᠵᠢ 《ᠠᠮᠢ ᠠᠬᠤᠶ ᠣᠷᠴᠢᠨ ᠲᠤᠭᠤᠷᠢᠨ》 ᠵᠢᠡᠷ ᠨᠡᠷᠡᠶ᠋ᠢᠳᠦᠭᠰᠡᠨ ᠬᠠᠤᠯᠢ᠎ᠶᠢᠨ ᠪᠢᠴᠢᠭ ᠪᠣᠯᠤᠭᠰᠠᠨ᠎ᠤ ᠬᠤᠪᠢ᠎ᠳᠤ᠂ ᠠᠮᠢ ᠠᠬᠤᠶ ᠣᠷᠴᠢᠨ ᠲᠤᠭᠤᠷᠢᠨ ᠤ᠋ ᠬᠠᠤᠯᠢ᠎ᠶᠢᠨ ᠪᠢᠴᠢᠭ᠎ᠢ 15᠎ᠤ᠋ ᠡᠳᠦᠷ᠎ᠡᠴᠡ ᠡᠬᠢᠯᠡᠵᠦ᠍ ᠬᠡᠷᠡᠭᠵᠢᠭᠦᠯᠪᠠ᠃ ᠰᠢᠨᠬᠤᠸᠠ ᠬᠣᠷᠢᠶ᠎ᠠ ᠵᠢᠨ ᠤᠯᠤᠰ᠎ᠤᠨ ᠳᠡᠭᠡᠳᠦ ᠲᠡᠰ᠎ᠤᠨ ᠤᠶᠤᠨ᠎ᠤ ᠬᠥᠮᠥᠷᠭᠡ 15 ᠤ᠋ ᠡᠳᠦᠷ 《ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ᠎ᠦᠨ ᠳᠤᠮᠳᠠᠳᠤ ᠤᠯᠤᠰ᠎ᠤᠨ ᠰᠢᠨ᠎ᠡ ᠡᠭᠦᠳᠦᠯᠲᠡ ᠬᠢᠭᠡᠳ ᠳᠡᠯᠡᠬᠡᠢ᠎ᠳ᠋ᠠᠬᠢᠨ ᠳ᠋ᠤ ᠦᠵᠡᠬᠦᠯᠦᠭᠰᠡᠨ ᠬᠤᠪᠢ ᠨᠡᠮᠡᠷᠢ》 ᠭᠡᠬᠦ᠌ ᠤᠶᠤᠨ᠎ᠤ ᠬᠥᠮᠥᠷᠭᠡ᠎ᠶᠢᠨ ᠮᠡᠳᠡᠭᠦᠯᠦᠯᠲᠡ᠎ᠶᠢ ᠨᠡᠶ᠋ᠢᠲᠡᠯᠡᠪᠡ᠃ ᠮᠡᠳᠡᠭᠦᠯᠦᠯᠲᠡ ᠨᠢ ᠤᠯᠠᠨ ᠤᠯᠤᠰ᠎ᠤᠨ ᠲᠤᠰᠬᠠᠢ ᠮᠡᠷᠭᠡᠵᠢᠯᠳᠡᠳ ᠤ᠋ᠨ ᠬᠠᠯᠠᠭᠤᠨ ᠶᠠᠷᠢᠯᠴᠠᠭ᠎ᠠ᠎ᠶᠢ ᠡᠭᠦᠰᠭᠡᠵᠦ᠍᠂ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ ᠨᠢ ᠳᠤᠮᠳᠠᠳᠤ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢ ᠠᠬᠢᠭᠤᠯᠤᠭᠰᠠᠨ ᠴᠢᠬᠤᠯᠠ ᠬᠠᠤᠯᠢ ᠪᠡᠷ ᠵᠠᠰᠠᠬᠰᠡᠨ ᠦᠷ᠎ᠡ ᠪᠦᠲᠦᠭᠡᠯ ᠪᠣᠯᠬᠤ ᠪᠦᠭᠡᠳ ᠪᠠᠰᠠ ᠠᠷᠢᠭᠤᠨ ᠴᠡᠪᠡᠷ ᠦᠵᠡᠰᠬᠦᠯᠡᠩᠲᠦ᠍ ᠰᠠᠶ᠋ᠢᠬᠠᠨ ᠳᠡᠯᠡᠬᠡᠢ ᠶᠢᠷᠲᠢᠨᠴᠦ᠎ᠶᠢ ᠬᠠᠮᠲᠤ᠎ᠪᠠᠷ ᠪᠦᠳᠦᠭᠡᠨ ᠪᠠᠶ᠋ᠢᠭᠤᠯᠬᠤ᠎ᠳᠤ ᠪᠠᠲᠤ᠌ ᠴᠢᠩᠭ᠎ᠠ ᠬᠠᠤᠯᠢ ᠪᠡᠷ ᠵᠠᠰᠠᠬᠤ ᠵᠢᠱ᠌ᠢᠢ᠎ᠡ ᠦᠵᠡᠭᠦᠯᠬᠦ᠌ ᠪᠣᠯᠤᠨ᠎ᠠ ᠭᠡᠵᠦ᠍ ᠦᠵᠡᠵᠡᠭᠡᠪᠡ᠃
ᠮᠡᠳᠡᠭᠦᠯᠦᠯᠲᠡ᠎ᠶᠢ ᠰᠢ ᠵᠢᠨ ᠫᠢᠩ᠎ᠦᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭᠠᠨ᠎ᠤ ᠰᠤᠳᠤᠯᠭᠠᠨ᠎ᠤ ᠲᠥᠪ᠂ ᠰᠢᠨᠬᠤᠸᠠ ᠬᠣᠷᠢᠶ᠎ᠠ ᠵᠢᠨ ᠰᠤᠳᠤᠯᠭᠠᠨ᠎ᠤ ᠬᠦᠷᠢᠶᠡᠯᠡᠩ᠂ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭᠠᠨ᠎ᠤ ᠰᠤᠳᠤᠯᠭᠠᠨ᠎ᠤ ᠲᠥᠪ ᠤ᠋ᠨ ᠬᠠᠮᠲᠤᠷᠠᠭᠰᠠᠨ ᠰᠡᠳᠦᠪ᠎ᠦᠨ ᠳᠤᠭᠤᠶ᠋ᠢᠯᠠᠩ ᠡᠴᠡ ᠲᠤᠭᠤᠷᠪᠢᠨ ᠪᠢᠴᠢᠵᠦ᠍᠂ ᠬᠠᠤᠯᠢ᠎ᠶᠢᠨ ᠪᠢᠴᠢᠭ᠎ᠦᠨ ᠴᠠᠭ ᠦᠶ᠎ᠡ᠎ᠶᠢᠨ ᠠᠬᠤᠢ ᠪᠠᠶ᠋ᠢᠳᠠᠯ ᠪᠣᠯᠤᠨ ᠴᠢᠬᠤᠯᠠ ᠶᠡᠬᠡ ᠠᠴᠢ ᠬᠣᠯᠪᠣᠭᠳᠠᠯ᠎ᠢ ᠡᠮᠬᠢᠯᠡᠵᠦ᠍᠂ ᠬᠠᠤᠯᠢ᠎ᠶᠢᠨ ᠪᠢᠴᠢᠭ᠎ᠦᠨ ᠬᠠᠤᠯᠢ ᠲᠣᠭᠲᠠᠭᠠᠬᠤ᠎ᠶᠢᠨ ᠰᠢᠨ᠎ᠡ ᠵᠢ ᠡᠭᠦᠳᠦᠭᠰᠡᠨ ᠬᠢᠭᠡᠳ ᠳᠤᠮᠳᠠᠳᠤ ᠤᠯᠤᠰ᠎ᠤᠨ ᠣᠨᠴᠠᠯᠢᠭ᠎ᠢ ᠲᠠᠶ᠋ᠢᠯᠪᠤᠷᠢᠯᠠᠵᠤ᠂ ᠬᠠᠤᠯᠢ᠎ᠶᠢᠨ ᠪᠢᠴᠢᠭ᠎ᠦᠨ ᠪᠦᠬᠦ᠌ ᠪᠥᠮᠪᠥᠷᠴᠡᠭ᠎ᠦᠨ ᠦᠷᠳᠡᠭ ᠪᠣᠯᠤᠨ ᠳᠡᠯᠡᠬᠡᠢ ᠳ᠋ᠠᠬᠢᠨ ᠳ᠋ᠤ ᠦᠵᠡᠬᠦᠯᠦᠭᠰᠡᠨ ᠬᠤᠪᠢ ᠨᠡᠮᠡᠷᠢ᠎ᠶᠢ ᠳᠡᠯᠭᠡᠨ ᠦᠵᠡᠭᠦᠯᠪᠠ᠃
ᠬᠠᠤᠯᠢ ᠴᠠᠭᠠᠵᠠ ᠪᠣᠯ ᠤᠯᠤᠰ᠎ᠢ ᠵᠠᠰᠠᠬᠤ ᠴᠢᠬᠤᠯᠠ ᠵᠡᠪᠰᠡᠭ ᠮᠥᠨ᠂ ᠰᠠᠢ᠌ᠨ ᠬᠠᠤᠯᠢ ᠪᠣᠯ ᠴᠢᠳᠠᠮᠠᠭᠠᠢ ᠵᠠᠰᠠᠬᠤ᠎ᠶᠢᠨ ᠤᠷᠢᠲᠠᠯ ᠮᠥᠨ᠃ ᠮᠡᠳᠡᠭᠦᠯᠦᠯᠲᠡ᠎ᠳᠦ᠂ ᠡᠨᠡ ᠬᠦ᠌ ᠢᠵᠢ ᠬᠠᠤᠯᠢ᠎ᠶᠢᠨ ᠪᠢᠴᠢᠭ᠎ᠨᠢ ᠬᠥᠮᠦᠨ ᠬᠢᠭᠡᠳ ᠪᠠᠶ᠋ᠢᠭᠠᠯᠢ᠂ ᠬᠥᠭᠵᠢᠯᠲᠡ ᠬᠢᠭᠡᠳ ᠬᠠᠮᠠᠭᠠᠯᠠᠯᠲᠠ᠂ ᠣᠷᠴᠢᠨ ᠲᠣᠭᠣᠷᠢᠨ ᠬᠢᠭᠡᠳ ᠠᠷᠠᠳ᠎ᠤᠨ ᠠᠮᠢᠳᠤᠷᠠᠯ᠂ ᠤᠯᠤᠰ᠎ᠤᠨ ᠳᠣᠲᠣᠭᠠᠳᠤ ᠬᠢᠭᠡᠳ ᠣᠯᠠᠨ ᠤᠯᠤᠰ ᠵᠡᠷᠭᠡ ᠴᠢᠬᠤᠯᠠ ᠶᠡᠬᠡ ᠬᠠᠷᠢᠴᠠᠭ᠎ᠠ᠎ᠶᠢ ᠵᠥᠪ ᠰᠢᠢᠳᠪᠦᠷᠢᠯᠡᠬᠦ᠌᠎ᠪᠡᠷ ᠭᠤᠤᠯ ᠪᠤᠯᠭᠠᠵᠤ᠂ ᠳᠤᠮᠳᠠᠳᠤ ᠤᠯᠤᠰ᠎ᠤᠨ ᠠᠮᠢ ᠠᠬᠤᠶ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢᠨ ᠠᠮᠵᠢᠯᠲᠠ᠎ᠲᠠᠶ ᠦᠢᠯᠡᠳᠦᠯᠭᠡ᠂ ᠲᠦᠷᠢᠮ᠎ᠦᠨ ᠰᠢᠨ᠎ᠡ ᠡᠭᠦᠳᠦᠯᠲᠡ ᠪᠠ ᠵᠠᠰᠠᠯᠲᠠ᠎ᠶᠢᠨ ᠲᠤᠷᠰᠢᠯᠭ᠎ᠠ᠎ᠶᠢ ᠬᠠᠤᠯᠢ ᠴᠠᠭᠠᠵᠠ ᠲᠦᠷᠢᠮ ᠪᠣᠯᠭᠠᠨ ᠳᠡᠭᠡᠭᠰᠢᠯᠡᠭᠦᠯᠵᠦ᠍᠂ ᠬᠥᠮᠦᠨ ᠪᠠᠶ᠋ᠢᠭᠠᠯᠢ᠎ᠶᠢᠨ ᠡᠶ᠎ᠡ ᠵᠣᠬᠢᠴᠠᠩᠭᠤᠶ ᠬᠠᠮᠲᠤ᠌ ᠣᠷᠣᠰᠢᠬᠤ᠎ᠶᠢ ᠠᠬᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠥᠨᠢᠳᠡ᠎ᠶᠢᠨ ᠦᠷᠭᠦᠯᠵᠢᠯᠡᠬᠦ᠌ ᠬᠥᠭᠵᠢᠯᠲᠡ᠎ᠶᠢ ᠪᠡᠶᠡᠯᠡᠭᠦᠯᠬᠦ᠌᠎ᠳᠦ ᠬᠠᠤᠯᠢ ᠪᠡᠷ ᠵᠠᠰᠠᠬᠤ ᠰᠠᠭᠤᠷᠢ᠎ᠶᠢ ᠪᠡᠬᠢᠵᠢᠭᠦᠯᠪᠡ᠃
ᠠᠮᠧᠷᠢᠺᠠ᠎ᠶᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠨᠡᠶ᠋ᠢᠭᠡᠮᠯᠢᠭ᠎ᠦᠨ ᠳᠡᠳ᠋ ᠶᠡᠷᠦᠩᠬᠡᠢ ᠵᠠᠬᠢᠷᠤᠯ᠂ ᠪᠡᠭᠡᠵᠢᠩ᠎ᠦᠨ ᠲᠥᠯᠥᠭᠡᠯᠡᠭᠴᠢᠳ᠎ᠦᠨ ᠭᠠᠵᠠᠷ᠎ᠤᠨ ᠲᠡᠷᠢᠭᠦᠨ ᠲᠥᠯᠥᠭᠡᠯᠡᠭᠴᠢ ᠴᠢᠨ ᠬᠣ᠌᠂ ᠮᠡᠳᠡᠭᠦᠯᠦᠯᠲᠡ ᠨᠢ ᠳᠤᠮᠳᠠᠳᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠪᠡᠷ ᠵᠠᠰᠠᠬᠤ ᠬᠦᠷᠢᠶᠡᠨ ᠳ᠋ᠡᠬᠢ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠪᠦᠬᠦ᠌ ᠲᠠᠯ᠎ᠠ᠎ᠪᠠᠷ ᠲᠠᠶ᠋ᠢᠯᠪᠤᠷᠢᠯᠠᠵᠤ᠂ ᠳᠡᠯᠡᠬᠡᠢ᠎ᠶᠢᠨ ᠡᠯ᠎ᠡ ᠤᠯᠤᠰ᠎ᠤᠨ ᠬᠢᠨ᠎ᠦ ᠳᠤᠮᠳᠠᠳᠤ ᠤᠯᠤᠰ ᠤ᠋ᠨ ᠰᠢᠰᠲᠸᠮ ᠲᠠᠢ᠎ᠪᠡᠷ ᠪᠣᠬᠢᠷᠲᠤᠯ᠎ᠢ ᠰᠡᠷᠭᠡᠶ᠋ᠢᠯᠡᠨ ᠵᠠᠰᠠᠬᠤ᠎ᠶᠢ ᠰᠦᠪᠡᠭᠴᠢᠯᠡᠭᠰᠡᠨ᠂ ᠠᠮᠢ ᠠᠬᠤᠢ᠎ᠶᠢᠨ ᠬᠠᠮᠠᠭᠠᠯᠠᠯᠲᠠ ᠪᠣᠯᠤᠨ ᠠᠭᠤᠷ ᠠᠮᠢᠰᠬᠤᠯ᠎ᠤᠨ ᠠᠵᠢᠯᠯᠠᠭ᠎ᠠ᠎ᠶᠢ ᠠᠬᠢᠭᠤᠯᠤᠬᠰᠠᠨ ᠴᠢᠷᠮᠠᠶ᠋ᠢᠯᠭ᠎ᠠ᠎ᠶᠢ ᠣᠶ᠋ᠢᠯᠠᠭᠠᠬᠤ᠎ᠳᠤ ᠴᠢᠬᠤᠯᠠ ᠠᠴᠢ ᠬᠣᠯᠪᠣᠭᠳᠠᠯ᠎ᠲᠠᠶ ᠶᠤᠮ ᠭᠡᠵᠤ ᠦᠵᠡᠪᠡ᠃
ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ᠎ᠢ ᠲᠣᠭᠲᠠᠭᠠᠭᠰᠠᠨ ᠨᠢ ᠴᠢᠩᠭ᠎ᠠ ᠪᠣᠳᠠᠲᠠᠢ ᠬᠡᠷᠡᠭᠴᠡᠭᠡ ᠲᠠᠶ ᠪᠥᠭᠡᠳ ᠨᠡᠩ ᠭᠦᠨ ᠵᠤᠵᠠᠭᠠᠨ ᠦᠢᠯᠡᠳᠦᠯᠭᠡ᠎ᠶᠢᠨ ᠰᠠᠭᠤᠷᠢ᠎ᠲᠠᠶ ᠶᠤᠮ᠃ ᠠᠮᠧᠷᠢᠺᠠᠳ᠋ᠡᠬᠢ ᠳᠤᠮᠳᠠᠳᠤ ᠠᠮᠧᠷᠢᠺᠠ᠎ᠶᠢᠨ ᠬᠤᠵᠢᠭᠤ ᠤᠳᠤ ᠦᠶ᠎ᠡ᠎ᠶᠢᠨ ᠬᠥᠭᠵᠢᠯᠲᠡ᠎ᠶᠢᠨ ᠰᠤᠳᠤᠯᠭᠠᠨ᠎ᠤ ᠬᠦᠷᠢᠶᠡᠯᠡᠩ᠎ᠦᠨ ᠳᠡᠳ᠋ ᠳᠠᠷᠤᠭ᠎ᠠ ᠺᠸᠯᠢᠹᠦ᠋ᠳ᠋ᠸ·ᠺᠸᠪᠦ᠋᠂ ᠡᠨᠡ ᠬᠦ᠌ ᠬᠠᠤᠯᠢ᠎ᠶᠢᠨ ᠪᠢᠴᠢᠭ ᠨᠢ ᠳᠤᠮᠳᠠᠳᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶᠢᠨ ᠲᠤᠷᠰᠢᠯᠭ᠎ᠠ᠎ᠶᠢᠨ ᠲᠥᠪᠯᠡᠷᠡᠩᠭᠦᠢ ᠢᠯᠡᠷᠡᠯ ᠪᠣᠯᠬᠤ ᠪᠥᠭᠡᠳ ᠪᠠᠰᠠ ᠳᠤᠮᠳᠠᠳᠤ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢ ᠠᠬᠢᠭᠤᠯᠤᠭᠰᠠᠨ ᠴᠢᠬᠤᠯᠠ ᠦᠷ᠎ᠡ ᠪᠦᠲᠦᠭᠡᠯ ᠪᠣᠯᠤᠨ᠎ᠠ ᠭᠡᠵᠤ ᠦᠵᠡᠪᠡ᠃
《ᠠᠮᠢ ᠠᠬᠤᠶ ᠣᠷᠴᠢᠨ ᠲᠤᠭᠤᠷᠢᠨ ᠤ᠋ ᠠᠰᠠᠭᠤᠳᠠᠯ ᠨᠢ ᠠᠵᠤ ᠠᠬᠤᠶ᠂ ᠨᠡᠶ᠋ᠢᠭᠡᠮ᠂ ᠡᠬᠢ ᠪᠠᠶᠠᠯᠢᠭ᠎ᠤᠨ ᠠᠰᠢᠭᠯᠠᠯᠲᠠ ᠪᠠ ᠠᠷᠠᠳ᠎ᠤᠨ ᠠᠮᠢᠳᠤᠷᠠᠯ ᠵᠡᠷᠭᠡ ᠣᠯᠠᠨ ᠲᠠᠯ᠎ᠠ᠎ᠳᠤ ᠬᠣᠯᠪᠣᠭᠳᠠᠵᠤ᠂ ᠰᠢᠰᠲ᠋ᠧᠮ᠎ᠲᠡᠶ ᠲᠦᠷᠢᠮ᠎ᠦᠨ ᠲᠣᠬᠢᠷᠠᠭᠤᠯᠤᠯᠲᠠ᠎ᠪᠠᠷ ᠳᠠᠮᠵᠢᠨ ᠵᠠᠰᠠᠬᠤ ᠴᠢᠬᠤᠯᠠᠲᠠᠶ ᠪᠠᠶ᠋ᠢᠳᠠᠭ》᠃ ᠰᠸᠷᠪᠢᠶ᠎ᠠ᠎ᠶᠢᠨ ᠠᠭᠤᠷᠬᠠᠶ᠎ᠶᠢᠨ ᠦᠢᠯᠡᠰ ᠪᠠ ᠡᠨᠧᠷᠭᠢ᠎ᠶᠢᠨ ᠶᠠᠮᠤᠨ᠎ᠤ ᠰᠠᠶ᠋ᠢᠳ ᠳ᠋ᠦᠪᠯᠠᠹᠺᠠ·ᠵᠢᠶᠸᠳᠦ᠋ᠸᠢᠴᠢ·ᠬᠠᠨᠳ᠋ᠠᠨᠤᠸᠢᠴᠢ ᠰᠤᠷᠪᠤᠯᠵᠢᠯᠠᠭᠴᠢ᠎ᠶᠢᠨ ᠰᠤᠷᠪᠤᠯᠵᠢᠯᠠᠭ᠎ᠠ᠎ᠶᠢ ᠬᠦᠯᠢᠶᠡᠬᠦ᠌᠎ᠳᠡᠭᠡᠨ᠂ ᠳᠤᠮᠳᠠᠳᠤ ᠤᠯᠤᠰ᠎ᠤᠨ ᠠᠮᠢ ᠠᠬᠤᠶ ᠣᠷᠴᠢᠨ ᠲᠤᠭᠤᠷᠢᠨ ᠤ᠋ ᠬᠠᠤᠯᠢ᠎ᠶᠢᠨ ᠪᠢᠴᠢᠭ ᠨᠢ ᠠᠮᠢ ᠠᠬᠤᠶ ᠣᠷᠴᠢᠨ ᠲᠤᠭᠤᠷᠢᠨ ᠤ᠋ ᠬᠠᠮᠠᠭᠠᠯᠠᠯᠲᠠ᠎ᠶᠢ ᠤᠯᠠᠮ ᠨᠢᠭᠡ ᠠᠯᠬᠤᠮ ᠬᠠᠤᠯᠢ᠎ᠪᠠᠷ ᠵᠠᠰᠠᠬᠤ᠂ ᠳᠦᠷᠢᠮᠵᠢᠭᠦᠯᠬᠦ᠌ ᠵᠠᠮ᠎ᠳᠤ ᠣᠷᠣᠭᠤᠯᠤᠭᠰᠠᠨ ᠨᠢ ᠠᠮᠢ ᠠᠬᠤᠶ ᠣᠷᠴᠢᠨ ᠲᠤᠭᠤᠷᠢᠨ ᠤ᠋ ᠵᠠᠰᠠᠯᠲᠠ᠎ᠶᠢᠨ ᠰᠢᠰᠲ᠋ᠧᠮ᠎ᠢ ᠲᠡᠭᠦᠯᠳᠡᠷᠵᠢᠭᠦᠯᠬᠦ᠌᠎ᠳᠦ ᠴᠢᠬᠤᠯᠠ ᠠᠴᠢ ᠬᠣᠯᠪᠣᠭᠳᠠᠯ᠎ᠲᠠᠶ ᠪᠥᠭᠡᠳ ᠪᠤᠰᠤᠳ ᠤᠯᠤᠰ᠎ᠲᠤ᠌ ᠯᠠᠪᠯᠠᠯᠲᠠ ᠬᠠᠩᠭᠠᠵᠠᠢ ᠭᠡᠵᠤ ᠢᠯᠡᠳᠭᠡᠪᠡ᠃
ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ᠎ᠨᠢ 《ᠶᠡᠷᠦᠩᠬᠡᠶ ᠲᠦᠷᠢᠮ᠎ᠢᠶᠡᠷ ᠶᠡᠷᠦᠩᠬᠡᠶ᠋ᠢᠯᠡᠨ ᠵᠢᠯᠣᠭᠣᠳᠣᠭᠤᠯᠬᠤ᠂ ᠠᠩᠭᠢ ᠪᠦᠯᠦᠭ ᠬᠤᠪᠢᠶᠠᠨ ᠲᠤᠯᠭᠠᠭᠤᠷᠢᠯᠠᠬᠤ᠂ ᠬᠠᠷᠢᠭᠤᠴᠠᠯᠭ᠎ᠠ᠎ᠶᠢ ᠪᠠᠲᠤᠯᠠᠬᠤ》 ᠯᠣᠭᠢᠭ᠎ᠤᠨ ᠰᠢᠰᠲ᠋ᠧᠮ᠎ᠢᠶᠡᠷ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠠᠮᠢ ᠠᠬᠤᠶ᠎ᠶᠢ ᠬᠠᠮᠠᠭᠠᠯᠠᠬᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ᠍ ᠬᠥᠭᠵᠢᠯᠲᠡ ᠪᠠ ᠬᠠᠷᠢᠭᠤᠴᠠᠯᠭ᠎ᠠ ᠨᠡᠬᠡᠮᠵᠢᠯᠡᠬᠦ᠌ ᠵᠡᠷᠭᠡ᠎ᠶᠢ ᠠᠳᠠᠯᠢ ᠨᠢᠭᠡᠨ ᠲᠦᠷᠢᠮ᠎ᠦᠨ ᠪᠣᠷᠣ ᠲᠥᠯᠥᠪᠲᠦ᠍ ᠣᠷᠣᠭᠤᠯᠪᠠ᠃ ᠠᠨᠭ᠌ᠭ᠌ᠯᠢ᠎ᠶᠢᠨ ᠬᠠᠭᠠᠨ᠎ᠤ ᠤᠭᠰᠠᠭᠠᠨ᠎ᠤ ᠤᠯᠠᠨ ᠤᠯᠤᠰ᠎ᠤᠨ ᠠᠰᠠᠭᠤᠳᠠᠯ ᠤ᠋ᠨ ᠰᠤᠳᠤᠯᠭᠠᠨ ᠤ᠋ ᠭᠠᠵᠠᠷ᠎ᠤᠨ ᠣᠷᠴᠢᠨ ᠲᠣᠭᠣᠷᠢᠨ ᠪᠠ ᠨᠡᠶ᠋ᠢᠭᠡᠮ᠎ᠦᠨ ᠲᠥᠪ᠎ᠦᠨ ᠳᠡᠳ᠋ ᠰᠤᠳᠤᠯᠤᠭᠴᠢ ᠰᠠᠮᠦ᠋·ᠵᠢᠷᠸ᠂ ᠳᠤᠮᠳᠠᠳᠤ ᠤᠯᠤᠰ ᠪᠦᠬᠦ᠌ ᠲᠠᠯ᠎ᠠ᠎ᠶᠢᠨ᠂ ᠰᠢᠰᠲ᠋ᠧᠮ᠎ᠲᠡᠶ ᠬᠡᠯᠪᠡᠷᠢ᠎ᠪᠡᠷ ᠠᠮᠢ ᠠᠬᠤᠢ ᠣᠷᠴᠢᠨ ᠲᠣᠭᠣᠷᠢᠨ᠎ᠤ ᠬᠠᠤᠯᠢ ᠴᠠᠭᠠᠵᠠ᠎ᠶᠢᠨ ᠰᠢᠰᠲ᠋ᠧᠮ᠎ᠢ ᠪᠠᠶ᠋ᠢᠭᠤᠯᠬᠤ ᠨᠢ ᠴᠢᠬᠤᠯᠠ ᠦᠨ᠎ᠡ ᠦᠷᠳᠡᠭ᠎ᠲᠡᠶ ᠶᠤᠮ᠃ ᠡᠭᠦᠨ᠎ᠳᠦ᠂ ᠬᠠᠤᠯᠢ᠎ᠶᠢᠨ ᠪᠢᠴᠢᠭ᠎ᠨᠢ 《ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ᠍ ᠬᠥᠭᠵᠢᠯᠲᠡ》 ᠵᠢ ᠲᠤᠰᠠᠭᠠᠷ ᠠᠩᠬᠢ ᠪᠤᠯᠭᠠᠨ ᠨᠠᠶ᠋ᠢᠷᠠᠭᠤᠯᠤᠨ ᠵᠣᠬᠢᠶᠠᠬᠤ᠎ᠶᠢᠨ ᠬᠠᠮᠲᠤ᠌ 《ᠠᠭᠤᠷ ᠠᠮᠢᠰᠬᠤᠯ᠎ᠤᠨ ᠬᠤᠪᠢᠷᠠᠯᠲᠠ᠎ᠶᠢ ᠠᠷᠭᠠᠴᠠᠭᠠᠬᠤ》 ᠲᠤᠰᠬᠠᠶ ᠪᠦᠯᠦᠭ ᠭᠠᠷᠭᠠᠵᠤ᠂ ᠪᠤᠰᠤᠳ ᠤᠯᠤᠰ᠎ᠤᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ᠍ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠬᠤ᠎ᠳᠤ ᠯᠠᠪᠯᠠᠯᠲᠠ ᠬᠠᠩᠭᠠᠵᠠᠢ ᠭᠡᠵᠤ ᠦᠵᠡᠪᠡ᠃
ᠬᠠᠤᠯᠢ᠎ᠪᠠᠷ ᠵᠠᠰᠠᠬᠤ ᠪᠡᠷ ᠠᠮᠢ ᠠᠬᠤᠢ᠎ᠣᠷᠴᠢᠨ ᠲᠤᠭᠤᠷᠢᠨ᠎ᠢ ᠬᠠᠮᠠᠭᠠᠯᠠᠬᠤ ᠪᠣᠯ ᠳᠡᠯᠡᠬᠡᠢ᠎ᠶᠢᠨ ᠡᠯ᠎ᠡ ᠤᠯᠤᠰ᠎ᠤᠨ ᠦᠷᠭᠦᠯᠵᠢᠯᠡᠬᠦ᠌ ᠬᠥᠭᠵᠢᠯᠲᠡ᠎ᠶᠢ ᠠᠬᠢᠭᠤᠯᠤᠭᠰᠠᠨ ᠴᠢᠬᠤᠯᠠ ᠲᠤᠷᠰᠢᠯᠭ᠎ᠠ ᠮᠥᠨ᠂ ᠪᠠᠰᠠ ᠴᠤ᠌ ᠳᠤᠮᠳᠠᠳᠤ ᠤᠯᠤᠰ᠎ᠤᠨ ᠪᠠᠷᠢᠮᠲᠠᠯᠠᠨ ᠬᠡᠷᠡᠭᠵᠢᠭᠦᠯᠬᠦ᠌ ᠣᠶ᠋ᠢᠯᠠᠭᠠᠭᠳᠠᠬᠤᠨ ᠪᠠ ᠠᠵᠢᠯᠯᠠᠭ᠎ᠠ ᠮᠥᠨ᠃ ᠮᠡᠳᠡᠭᠦᠯᠦᠯᠲᠡ᠎ᠳᠦ᠂ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ ᠪᠣᠯ ᠳᠤᠮᠳᠠᠳᠤ ᠤᠯᠤᠰ᠎ᠤᠨ ᠪᠣᠳᠠᠲᠤ᠌ ᠪᠠᠶ᠋ᠢᠳᠠᠯ᠎ᠳᠤ ᠰᠠᠭᠤᠷᠢᠯᠠᠵᠤ᠂ ᠬᠠᠤᠯᠢ ᠪᠡᠷ ᠵᠠᠰᠠᠬᠤ ᠲᠦᠭᠡᠮᠡᠯ ᠦᠨᠳᠦᠰᠦᠯᠡᠯ᠎ᠢ ᠬᠡᠷᠡᠭᠯᠡᠭᠰᠡᠨ ᠴᠢᠬᠤᠯᠠ ᠶᠡᠬᠡ ᠰᠦᠪᠡᠭᠴᠢᠯᠡᠯᠳᠠ ᠪᠣᠯᠬᠤ ᠪᠥᠭᠡᠳ ᠪᠠᠰᠠ ᠴᠤ᠌ ᠠᠮᠢ ᠠᠬᠤᠢ ᠣᠷᠴᠢᠨ ᠲᠣᠭᠣᠷᠢᠨ᠎ᠤ ᠬᠢᠮᠤᠷᠠᠯ᠎ᠢ ᠠᠷᠭᠠᠴᠠᠭᠠᠬᠤ ᠨᠢᠭᠡ ᠤᠳᠠᠭ᠎ᠠ᠎ᠶᠢᠨ ᠡᠭᠦᠳᠦᠯᠲᠡ ᠪᠠᠶ᠋ᠢᠵᠤ᠂ ᠪᠦᠬᠦ᠌ ᠪᠥᠮᠪᠥᠷᠴᠡᠭ᠎ᠦᠨ ᠦᠷᠭᠦᠯᠵᠢᠯᠡᠬᠦ᠌ ᠬᠥᠭᠵᠢᠯᠲᠡ᠎ᠳᠦ ᠳᠤᠮᠳᠠᠳᠤ ᠤᠯᠤᠰ᠎ᠤᠨ ᠬᠠᠤᠯᠢ ᠪᠡᠷ ᠵᠠᠰᠠᠬᠤ ᠤᠶᠤᠨ ᠤᠬᠠᠭᠠᠨ᠎ᠢ ᠬᠠᠩᠭᠠᠪᠠ ᠭᠡᠵᠦ ᠵᠢᠭᠠᠵᠤ ᠭᠠᠷᠭᠠᠪᠠ᠃
ᠮᠠᠳᠠᠭᠠᠰᠺᠠᠷ᠎ᠤᠨ ᠲᠠᠨᠠᠨᠠᠷᠢᠹ ᠶᠡᠬᠡ ᠰᠤᠷᠭᠠᠭᠤᠯᠢ᠎ᠶᠢᠨ ᠣᠷᠴᠢᠨ ᠲᠣᠭᠣᠷᠢᠨ᠎ᠤ ᠬᠠᠮᠢᠶᠠᠷᠤᠯᠲᠠ ᠬᠢᠭᠡᠳ ᠦᠷᠭᠦᠯᠵᠢᠯᠡᠬᠦ᠌ ᠬᠥᠭᠵᠢᠯᠲᠡ᠎ᠶᠢᠨ ᠬᠦᠷᠢᠶᠡᠨ᠎ᠦ ᠲᠤᠰᠬᠠᠢ ᠮᠡᠷᠭᠡᠵᠢᠯᠲᠡᠨ ᠠᠢ᠌ᠯᠠᠢ᠌ᠨᠠ·ᠯᠠᠵᠠᠹᠸᠨᠳ᠋ᠸᠯᠠᠮᠠᠯᠦᠢ᠍ᠧᠧ ᠵᠢᠨ ᠦᠵᠡᠬᠦ᠌᠎ᠪᠡᠷ᠂ ᠠᠶᠤᠯ ᠲᠦᠭᠰᠢᠭᠦᠷᠢ᠎ᠶᠢ ᠰᠡᠷᠭᠡᠶ᠋ᠢᠯᠡᠬᠦ᠌᠂ ᠣᠷᠴᠢᠨ ᠲᠣᠭᠣᠷᠢᠨ ᠳ᠋ᠤ ᠦᠵᠡᠬᠦᠯᠦᠭᠰᠡᠨ ᠬᠣᠬᠢᠷᠠᠯ᠎ᠢ ᠰᠡᠷᠭᠦᠭᠡᠨ ᠵᠠᠰᠠᠬᠤ᠎ᠡᠴᠡ ᠠᠪᠤᠭᠠᠳ ᠬᠠᠤᠯᠢ᠎ᠡᠴᠡ ᠵᠥᠷᠢᠴᠡᠭᠰᠡᠨ ᠬᠠᠷᠢᠭᠤᠴᠠᠯᠭ᠎ᠠ᠎ᠶᠢ ᠨᠡᠬᠡᠮᠵᠢᠯᠡᠬᠦ᠌ ᠬᠦᠷᠲᠡᠯ᠎ᠡ᠂ ᠬᠠᠤᠯᠢ᠎ᠶᠢᠨ ᠪᠢᠴᠢᠭ᠎ᠤᠨ ᠣᠷᠴᠢᠨ ᠲᠣᠭᠣᠷᠢᠨ᠎ᠤ ᠵᠠᠰᠠᠯᠲᠠ᠎ᠶᠢᠨ ᠪᠦᠬᠦ᠌ ᠶᠠᠪᠤᠴᠠ᠎ᠳᠤ ᠣᠷᠣᠭᠤᠯᠵᠤ᠂ ᠨᠡᠯᠢᠶᠡᠳ ᠪᠦᠷᠢᠨ ᠪᠦᠲᠦᠨ ᠳᠦᠷᠢᠮ᠎ᠦᠨ ᠰᠢᠰᠲ᠋ᠧᠮ᠎ᠢ ᠪᠦᠷᠢᠯᠳᠦᠭᠦᠯᠵᠡᠢ᠃ ᠳᠤᠮᠳᠠᠳᠤ ᠤᠯᠤᠰ᠎ᠤᠨ ᠡᠨᠡ ᠬᠦ᠌ ᠦᠢᠯᠡᠳᠦᠯᠭᠡ ᠨᠢ᠂ ᠲᠤᠰ ᠤᠯᠤᠰ᠎ᠤᠨ ᠪᠠᠶ᠋ᠢᠳᠠᠯ᠎ᠢᠶᠠᠨ ᠦᠨᠳᠦᠰᠦᠯᠡᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠬᠠᠤᠯᠢ᠎ᠶᠢᠨ ᠪᠢᠴᠢᠭ᠎ᠤᠨ ᠪᠤᠯᠭᠠᠨ ᠠᠬᠢᠭᠤᠯᠬᠤ ᠨᠢ ᠤᠯᠠᠨ ᠨᠡᠶ᠋ᠢᠲᠡ᠎ᠶᠢᠨ ᠲᠦᠷᠦ᠎ᠶᠢᠨ ᠪᠤᠳᠤᠯᠭ᠎ᠠ᠎ᠶᠢᠨ ᠬᠡᠷᠡᠭᠵᠢᠭᠦᠯᠦᠯᠲᠡ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠍᠂ ᠣᠷᠴᠢᠨ ᠲᠣᠭᠣᠷᠢᠨ᠎ᠤ ᠵᠠᠰᠠᠯᠲᠠ᠎ᠶᠢᠨ ᠰᠢᠰᠲ᠋ᠧᠮ᠎ᠢ ᠲᠡᠭᠦᠯᠳᠡᠷᠵᠢᠭᠦᠯᠬᠦ᠌᠎ᠳᠦ ᠠᠰᠢᠭᠲᠠᠢ ᠶᠤᠮ ᠭᠡᠳᠡᠭ᠎ᠢ ᠭᠡᠷᠡᠴᠢᠯᠡᠪᠡ᠃
ᠪᠡᠭᠡᠵᠢᠩ ᠶᠡᠬᠡ ᠰᠤᠷᠭᠠᠭᠤᠯᠢ᠎ᠶᠢᠨ ᠡᠬᠢ ᠪᠠᠶᠠᠯᠢᠭ᠂ ᠡᠨᠧᠷᠭᠢ ᠪᠣᠯᠤᠨ ᠣᠷᠴᠢᠨ ᠲᠣᠭᠣᠷᠢᠨ᠎ᠤ ᠬᠠᠤᠯᠢ᠎ᠶᠢᠨ ᠰᠤᠳᠤᠯᠭᠠᠨ᠎ᠤ ᠲᠥᠪ᠎ᠦᠨ ᠡᠷᠬᠢᠯᠡᠭᠴᠢ ᠭᠦᠩ ᠭᠦ᠂ ᠲᠤᠰ ᠬᠠᠤᠯᠢ᠎ᠶᠢᠨ ᠪᠢᠴᠢᠭ᠎ᠨᠢ ᠠᠭᠤᠯᠭ᠎ᠠ᠎ᠪᠠᠷ ᠪᠠᠶᠠᠯᠢᠭ᠂ ᠬᠦᠷᠢᠢ᠎ᠡ ᠬᠡᠪᠴᠢᠢ᠎ᠡ᠎ᠪᠡᠷ ᠥᠷᠭᠡᠨ ᠪᠠᠢᠳᠠᠭ 《ᠠᠮᠢ ᠠᠬᠤᠢ ᠣᠷᠴᠢᠨ ᠲᠣᠭᠣᠷᠢᠨ》 ᠢ᠋ ᠰᠠᠭᠤᠷᠢ ᠴᠢᠯᠠᠭᠤ᠎ᠶᠢᠨ ᠤᠬᠠᠭᠳᠠᠬᠤᠨ ᠪᠠ ᠬᠠᠮᠠᠭᠠᠯᠠᠬᠤ ᠡᠲᠡᠭᠡᠳ ᠪᠣᠯᠭᠠᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠠᠮᠢ ᠠᠬᠤᠢ᠎ᠶᠢ ᠬᠠᠮᠠᠭᠠᠯᠠᠬᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠍ ᠬᠥᠭᠵᠢᠯᠲᠡ᠎ᠶᠢᠨ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠦᠷᠢᠮ᠎ᠢ ᠨᠢᠭᠡ ᠴᠤᠬᠴᠠᠵᠢᠭᠤᠯᠵᠤ᠂ ᠳᠡᠯᠡᠬᠡᠢ᠎ᠶᠢᠨ ᠣᠷᠴᠢᠨ ᠲᠣᠭᠣᠷᠢᠨ᠎ᠤ ᠬᠠᠤᠯᠢ ᠲᠣᠭᠲᠠᠭᠠᠬᠤ ᠠᠵᠢᠯ᠎ᠤᠨ ᠠᠮᠢ ᠠᠬᠤᠢ᠎ᠶᠢᠨ ᠪᠣᠯᠪᠠᠰᠤᠨ᠎ᠳᠤ ᠬᠠᠨᠳᠤᠭᠤᠯᠤᠨ ᠤᠯᠠᠷᠢᠨ ᠬᠥᠭᠵᠢᠬᠦ᠌᠎ᠳᠦ ᠦᠯᠢᠭᠡᠷ ᠳᠠᠭᠤᠷᠢᠶᠠᠯ ᠬᠠᠩᠭᠠᠵᠠᠢ ᠭᠡᠵᠦ᠍ ᠢᠯᠡᠳᠬᠡᠪᠡ᠃
ᠬᠠᠴᠢᠨ ᠠᠭᠤᠷ ᠠᠮᠢᠰᠬᠤᠯ ᠪᠦᠬᠦ᠌ ᠪᠥᠮᠪᠥᠷᠴᠡᠭ᠎ᠢ ᠪᠦᠷᠬᠦᠵᠦ᠍᠂ ᠲᠤᠶ᠋ᠢᠯ᠎ᠤᠨ ᠣᠷᠣᠨ᠎ᠤ ᠮᠥᠰᠥᠲᠦᠯᠭᠡ ᠲᠦᠷᠭᠡᠨ ᠬᠠᠶ᠋ᠢᠯᠤᠨ᠂ ᠬᠣᠪᠣᠷ ᠴᠤᠬᠠᠭ ᠪᠣᠳᠠᠰ᠎ᠤᠨ ᠲᠦᠷᠦᠯ ᠲᠠᠰᠤᠷᠠᠯᠳᠠ ᠦᠭᠡᠢ ᠠᠷᠢᠯᠵᠤ ᠪᠤᠢ ᠁ ᠪᠦᠬᠦ᠌ ᠪᠥᠮᠪᠥᠷᠴᠡᠭ᠎ᠦᠨ ᠠᠮᠢ ᠠᠬᠤᠢ ᠣᠷᠴᠢᠨ ᠲᠣᠭᠣᠷᠢᠨ᠎ᠤ ᠬᠢᠮᠤᠷᠠᠯ ᠶᠠᠭ ᠨᠡᠩ ᠪᠤᠳᠤᠯᠢᠶᠠᠨᠲᠠᠢ᠂ ᠨᠡᠩ ᠬᠦᠨᠳᠦ ᠨᠣᠴᠢᠲᠠᠢ ᠬᠡᠯᠪᠡᠷᠢ᠎ᠪᠡᠷ ᠢᠯᠡᠷᠡᠵᠦ᠍ ᠪᠠᠶ᠋ᠢᠨ᠎ᠠ᠃ ᠠᠮᠢ ᠠᠬᠤᠢ ᠣᠷᠴᠢᠨ ᠲᠣᠭᠣᠷᠢᠨ᠎ᠤ ᠥᠷᠢᠰᠥᠯᠳᠦᠭᠡᠨ᠎ᠦ ᠡᠮᠦᠨ᠎ᠡ᠂ ᠶᠠᠮᠠᠷᠪᠠ ᠤᠯᠤᠰ ᠭᠡᠳ ᠬᠤᠪᠢ᠎ᠪᠠᠨ ᠪᠤᠳᠤᠭᠠᠳ ᠪᠤᠰᠤᠳ᠎ᠢ ᠬᠠᠶ᠋ᠢᠬᠤᠷᠬᠤ ᠦᠭᠡᠢ ᠪᠠᠶ᠋ᠢᠵᠤ ᠴᠢᠳᠠᠬᠤ ᠦᠭᠡᠢ ᠶᠤᠮ᠃
ᠮᠡᠳᠡᠭᠦᠯᠦᠯᠲᠡ᠎ᠳᠦ᠂ ᠡᠨᠡ ᠬᠦ᠌ ᠬᠠᠤᠯᠢ᠎ᠶᠢᠨ ᠪᠢᠴᠢᠭ᠎ᠨᠢ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠣᠶ᠋ᠢᠯᠠᠭᠠᠭᠳᠠᠬᠤᠨ᠎ᠢ ᠵᠠᠯᠭᠠᠮᠵᠢᠯᠠᠵᠤ᠂ ᠳᠤᠮᠳᠠᠳᠤ ᠤᠯᠤᠰ᠎ᠤᠨ ᠤᠯᠤᠰ᠎ᠤᠨ ᠪᠠᠶ᠋ᠢᠳᠠᠯ᠎ᠳᠤ ᠰᠠᠭᠤᠷᠢᠯᠠᠭᠰᠠᠨ ᠮᠥᠷᠲᠡᠭᠡᠨ ᠪᠠᠰᠠ ᠪᠥᠬᠥ᠌ ᠬᠥᠮᠦᠨ ᠲᠥᠷᠥᠯᠬᠢᠲᠡᠨ᠎ᠳᠦ ᠲᠤᠯᠭᠠᠷᠠᠵᠤ ᠪᠠᠶ᠋ᠢᠭ᠎ᠠ ᠠᠭᠤᠷ ᠠᠮᠢᠰᠬᠤᠯ᠎ᠤᠨ ᠬᠤᠪᠢᠷᠠᠯᠲᠠ᠂ ᠠᠮᠢᠳᠤ ᠪᠣᠳᠠᠰ᠎ᠤᠨ ᠣᠯᠠᠨ ᠶᠠᠩᠵᠤᠲᠤ᠌ ᠴᠢᠨᠠᠷ᠎ᠢ ᠠᠯᠳᠠᠭᠤᠯᠬᠤ᠂ ᠣᠷᠴᠢᠨ ᠲᠣᠭᠣᠷᠢᠨ᠎ᠤ ᠪᠣᠬᠢᠷᠲᠤᠯ ᠵᠡᠷᠭᠡ ᠬᠠᠮᠲᠤ᠎ᠶᠢᠨ ᠠᠩᠬᠠᠷᠤᠯ ᠠᠰᠠᠭᠤᠳᠠᠯ᠎ᠳᠤ ᠰᠢᠰᠲ᠋ᠧᠮ᠎ᠲᠡᠶ ᠬᠠᠷᠢᠭᠤᠯᠲᠠ ᠥᠭᠴᠦ᠍᠂ ᠪᠥᠬᠥ᠌ ᠪᠥᠮᠪᠥᠷᠴᠡᠭ᠎ᠦᠨ ᠠᠮᠢ ᠠᠬᠤᠶ ᠣᠷᠴᠢᠨ ᠲᠣᠭᠣᠷᠢᠨ᠎ᠤ ᠵᠠᠰᠠᠯᠲᠠ᠎ᠶᠢᠨ ᠲᠦᠷᠢᠮ᠎ᠦᠨ ᠰᠢᠰᠲ᠋ᠧᠮ᠎ᠢ ᠪᠠᠶᠠᠯᠢᠭᠵᠢᠭᠤᠯᠵᠤ᠂ ᠠᠷᠢᠭᠤᠨ ᠴᠡᠪᠡᠷ ᠦᠵᠡᠰᠬᠦᠯᠡᠩᠲᠦ᠍ ᠰᠠᠶ᠋ᠢᠬᠠᠨ ᠳᠡᠯᠡᠬᠡᠶ᠎ᠶᠢᠨ ᠪᠥᠮᠪᠥᠷᠴᠡᠭ ᠡᠨᠡ ᠬᠦ᠌ ᠬᠡᠷ ᠣᠷᠣᠨ᠎ᠢᠶᠡᠨ ᠬᠠᠮᠲᠤ᠎ᠪᠠᠷ ᠪᠥᠲᠥᠭᠡᠨ ᠪᠠᠶ᠋ᠢᠭᠤᠯᠬᠤ᠎ᠶᠢ ᠠᠬᠢᠭᠤᠯᠬᠤ᠎ᠳᠤ ᠳᠤᠮᠳᠠᠳᠤ ᠤᠯᠤᠰ᠎ᠤᠨ ᠣᠶᠤᠨ ᠤᠬᠠᠭᠠᠨ ᠪᠠ ᠳᠤᠮᠳᠠᠳᠤ ᠤᠯᠤᠰ᠎ᠤᠨ ᠲᠥᠰᠦᠯ᠎ᠢ ᠨᠡᠮᠡᠷᠢᠯᠠᠵᠠᠢ ᠭᠡᠵᠦ᠍ ᠵᠢᠭᠠᠵᠤ ᠭᠠᠷᠭᠠᠪᠠ᠃
《ᠣᠷᠴᠢᠨ ᠲᠣᠭᠣᠷᠢᠨ᠎ᠤ ᠠᠰᠠᠭᠤᠳᠠᠯ ᠨᠢ ᠶᠡᠷᠦ᠎ᠡᠴᠡ ᠶᠠᠮᠠᠷ ᠨᠢᠭᠡᠨ ᠤᠯᠤᠰ᠎ᠲᠤ᠌ ᠲᠤᠰᠠᠭᠠᠷ ᠲᠤᠯᠭᠠᠷᠠᠵᠤ ᠪᠠᠶ᠋ᠢᠭ᠎ᠠ ᠠᠰᠠᠭᠤᠳᠠᠯ ᠪᠢᠰᠢ᠂ ᠬᠠᠷᠢᠨ ᠪᠦᠬᠦ᠌ ᠬᠥᠮᠦᠨ ᠲᠥᠷᠥᠯᠬᠢᠲᠡᠨ᠎ᠳᠦ ᠬᠠᠮᠲᠤ᠎ᠪᠠᠷ ᠲᠤᠯᠭᠠᠷᠠᠵᠤ ᠪᠠᠶ᠋ᠢᠭ᠎ᠠ ᠥᠷᠢᠰᠥᠯᠳᠦᠭᠡᠨ ᠪᠣᠯᠤᠨ᠎ᠠ》᠃ ᠺᠣᠲ᠋ᠳᠢᠸᠠᠶᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠤᠰᠬᠠᠶ ᠮᠡᠷᠭᠡᠵᠢᠯᠲᠡᠨ ᠭᠠᠰᠲ᠋ᠤᠨ·ᠺᠦ ᠤ᠌ᠤ ᠰᠤᠷᠪᠤᠯᠵᠢᠯᠠᠭᠴᠢ᠎ᠶᠢᠨ ᠰᠤᠷᠪᠤᠯᠵᠢᠯᠠᠭ᠎ᠠ᠎ᠶᠢ ᠬᠦᠯᠢᠶᠡᠬᠦ᠌᠎ᠳᠡᠭᠡᠨ᠂ ᠳᠤᠮᠳᠠᠳᠤ ᠤᠯᠤᠰ ᠣᠷᠳᠣ ᠬᠤᠭᠤᠴᠠᠭᠠᠨ᠎ᠤ ᠲᠤᠷᠰᠢ ᠠᠮᠢᠳᠤ ᠪᠣᠳᠠᠰ᠎ᠤᠨ ᠣᠯᠠᠨ ᠶᠠᠩᠵᠤᠲᠤ᠌ ᠴᠢᠨᠠᠷ᠎ᠢ ᠬᠠᠮᠠᠭᠠᠯᠠᠬᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠠ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠬᠤ ᠲᠠᠯ᠎ᠠ᠎ᠪᠠᠷ ᠲᠥᠷᠥ᠎ᠶᠢᠨ ᠪᠣᠳᠣᠯᠭ᠎ᠠ ᠪᠠ ᠠᠵᠢᠯᠯᠠᠭ᠎ᠠ᠎ᠶᠢᠨ ᠨᠢᠭᠡᠳᠦᠯᠲᠦ᠍ ᠴᠢᠨᠠᠷ᠎ᠢ ᠢᠮᠠᠭᠲᠠ ᠪᠠᠲᠤᠯᠠᠭᠰᠠᠭᠠᠷ ᠢᠷᠡᠵᠡᠶ᠃ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ ᠨᠢ ᠳᠤᠮᠳᠠᠳᠤ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ᠎ᠶᠢᠨ ᠦᠢᠯᠡᠳᠦᠯᠭᠡ᠎ᠶᠢᠨ ᠴᠢᠬᠤᠯᠠ ᠲᠦᠷᠢᠮ᠎ᠦᠨ ᠦᠷ᠎ᠡ ᠪᠦᠲᠦᠭᠡᠯ ᠪᠣᠯᠬᠤ᠎ᠪᠠᠷ ᠪᠠᠷᠠᠬᠤ ᠦᠭᠡᠢ᠂ ᠪᠠᠰᠠ ᠪᠤᠰᠤᠳ ᠤᠯᠤᠰ᠎ᠤᠨ ᠬᠠᠤᠯᠢ ᠪᠡᠷ ᠵᠠᠰᠠᠬᠤ ᠪᠡᠷ ᠳᠠᠮᠵᠢᠨ ᠪᠣᠬᠢᠷᠲᠤᠯ ᠦᠭᠡᠢ ᠬᠥᠭᠵᠢᠯᠲᠡ᠎ᠶᠢ ᠠᠬᠢᠭᠤᠯᠬᠤ᠎ᠳᠤ ᠰᠢᠨ᠎ᠡ ᠦᠢᠯᠡᠳᠦᠯᠭᠡ᠎ᠶᠢᠨ ᠦᠯᠢᠭᠡᠷ ᠬᠡᠪ ᠬᠠᠩᠭᠠᠭᠰᠠᠨ ᠪᠠᠶ᠋ᠢᠨ᠎ᠠ ᠭᠡᠪᠡ᠃
ᠬᠢᠨ᠋ᠸᠶᠠ᠎ᠵᠢᠨ ᠣᠷᠴᠢᠨ ᠲᠣᠭᠣᠷᠢᠨ ᠪᠣᠯᠤᠨ ᠦᠷᠭᠦᠯᠵᠢᠯᠡᠬᠦ᠌ ᠬᠥᠭᠵᠢᠯᠲᠡ᠎ᠶᠢᠨ ᠶᠠᠮᠤᠨ᠎ᠤ ᠬᠠᠤᠯᠢ ᠴᠠᠭᠠᠵᠠ᠎ᠶᠢᠨ ᠵᠥᠪᠯᠡᠭᠴᠢ ᠰᠢᠯᠢᠷ·ᠠᠪᠦᠢ᠍ᠧᠧᠯᠢ᠂ ᠠᠭᠤᠷ ᠠᠮᠢᠰᠬᠤᠯ᠎ᠤᠨ ᠬᠤᠪᠢᠷᠠᠯᠲᠠ ᠪᠣᠯᠤᠨ ᠠᠮᠢ ᠠᠬᠤᠢ ᠣᠷᠴᠢᠨ ᠲᠣᠭᠣᠷᠢᠨ᠎ᠤ ᠮᠠᠭᠤᠳᠠᠯ ᠵᠡᠷᠭᠡ ᠪᠦᠬᠦ᠌ ᠪᠥᠮᠪᠥᠷᠴᠡᠭ᠎ᠦᠨ ᠴᠢᠨᠠᠷᠲᠠᠢ ᠥᠷᠢᠰᠥᠯᠳᠦᠭᠡᠨ᠎ᠦ ᠡᠮᠦᠨ᠎ᠡ᠂ ᠡᠯ᠎ᠡ ᠤᠯᠤᠰ ᠬᠠᠮᠲᠤᠷᠠᠯᠴᠠᠭ᠎ᠠ᠎ᠪᠠᠨ ᠴᠢᠩᠭᠠᠳᠬᠠᠬᠤ ᠴᠢᠬᠤᠯᠠᠲᠠᠢ ᠪᠠᠶ᠋ᠢᠨ᠎ᠠ᠃ ᠳᠤᠮᠳᠠᠳᠤ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠤ ᠬᠠᠤᠯᠢ ᠪᠡᠷ ᠵᠠᠰᠠᠬᠤ ᠪᠠᠶ᠋ᠢᠭᠤᠯᠤᠯᠲᠠ᠎ᠶᠢᠨ ᠲᠠᠯ᠎ᠠ᠎ᠪᠠᠷ᠎ᠬᠢ ᠦᠢᠯᠡᠳᠦᠯᠭᠡ᠎ᠨᠢ ᠪᠥᠬᠥ᠌ ᠪᠥᠮᠪᠥᠷᠴᠡᠭ᠎ᠦᠨ ᠣᠷᠴᠢᠨ ᠲᠣᠭᠣᠷᠢᠨ᠎ᠤ ᠵᠠᠰᠠᠯᠲᠠ᠎ᠶᠢ ᠠᠬᠢᠭᠤᠯᠬᠤ᠂ ᠪᠣᠬᠢᠷᠲᠤᠯ ᠥᠬᠡᠶ ᠪᠠ ᠦᠷᠭᠦᠯᠵᠢᠯᠡᠬᠦ᠌ ᠬᠥᠭᠵᠢᠯᠲᠡ᠎ᠶᠢ ᠠᠬᠢᠭᠤᠯᠬᠤ᠎ᠳᠤ ᠠᠰᠢᠭᠲᠠᠶ ᠲᠤᠷᠰᠢᠯᠭ᠎ᠠ ᠬᠠᠩᠭᠠᠭᠰᠠᠨ ᠪᠥᠭᠡᠳ ᠠᠷᠢᠭᠤᠨ ᠴᠡᠪᠡᠷ ᠦᠵᠡᠰᠬᠦᠯᠡᠩᠲᠦ᠍ ᠰᠠᠶ᠋ᠢᠬᠠᠨ ᠳᠡᠯᠡᠬᠡᠶ ᠶᠢᠷᠲᠢᠨᠴᠦ᠎ᠶᠢ ᠬᠠᠮᠲᠤ᠎ᠪᠠᠷ ᠪᠥᠲᠥᠭᠡᠨ ᠪᠠᠶ᠋ᠢᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠵᠠᠢ ᠭᠡᠵᠦ ᠦᠵᠡᠪᠡ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 8 ᠰᠠᠷ᠎ᠠ᠎ᠶᠢᠨ 16 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃