2026-08-24 16:03:21
ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠲᠣᠪᠴᠢᠶ᠎ᠠ 8 ᠰᠠᠷ᠎ᠠ᠎ᠶᠢᠨ 20᠎ᠤ᠋ ᠡᠳᠦᠷ ᠠᠯᠪᠠᠨ ᠵᠠᠷᠯᠠᠯ ᠨᠡᠶ᠋ᠢᠲᠡᠯᠡᠵᠦ᠍᠂ 2026 ᠣᠨ᠎ᠤ 8 ᠰᠠᠷ᠎ᠠ᠎ᠶᠢᠨ 20 ᠤ᠋ ᠡᠳᠦᠷ᠎ᠡᠴᠡ ᠡᠬᠢᠯᠡᠨ᠂ ᠺᠢᠷᠬᠢᠽᠰᠲ᠋ᠠᠨ᠂ ᠸᠢᠶᠧᠲ᠋ᠨᠠᠮ᠎ᠤᠨ ᠠᠷᠠᠳ ᠢᠷᠭᠡᠨ ᠳ᠋ᠤ 240 ᠴᠠᠭ᠎ᠤᠨ ᠳᠣᠲᠣᠷ᠎ᠠ ᠬᠢᠯᠢ᠎ᠪᠡᠷ ᠥᠩᠭᠡᠷᠡᠬᠦ᠌᠎ᠳᠦ ᠦᠯᠤ ᠸᠢᠰᠠᠯᠠᠬᠤ ᠲᠥᠷᠥ᠎ᠶᠢᠨ ᠪᠣᠳᠣᠯᠭ᠎ᠠ ᠪᠠ ᠬᠠᠶ᠋ᠢᠨᠠᠨ᠎ᠤ ᠬᠢᠯᠢ ᠵᠢᠨ ᠪᠤᠭᠤᠮᠳᠠ ᠪᠡᠷ ᠤᠷᠤᠵᠤ ᠢᠷᠡᠵᠤ 30 ᠡᠳᠦᠷ᠎ᠦᠨ ᠬᠤᠭᠤᠴᠠᠭᠠᠨ ᠲᠤᠳᠤᠷ᠎ᠠ ᠦᠯᠤ ᠸᠢᠰᠠᠯᠠᠬᠤ ᠲᠥᠷᠥ᠎ᠶᠢᠨ ᠪᠣᠳᠣᠯᠭ᠎ᠠ ᠵᠢ ᠬᠡᠷᠡᠭᠵᠢᠬᠦᠯᠦᠨ᠎ᠡ ᠬᠡᠵᠤ ᠵᠠᠷᠯᠠᠪᠠ᠃ ᠡᠬᠦᠨ ᠳ᠋ᠤ᠂ 240 ᠴᠠᠭ᠎ᠤᠨ ᠳᠣᠲᠣᠷ᠎ᠠ ᠬᠢᠯᠢ᠎ᠪᠡᠷ ᠥᠩᠭᠡᠷᠡᠬᠦ᠌᠎ᠳᠦ ᠦᠯᠤ ᠸᠢᠰᠠᠯᠠᠬᠤ ᠲᠥᠷᠥ᠎ᠶᠢᠨ ᠪᠣᠳᠣᠯᠭ᠎ᠠ᠎ᠶᠢ ᠭᠡᠷᠡᠭᠵᠢᠬᠦᠯᠬᠦ ᠤᠯᠤᠰᠢ᠋ 57 ᠪᠣᠯᠭᠠᠨ ᠨᠡᠮᠡᠭᠳᠡᠬᠦᠯᠵᠤ᠂ ᠬᠠᠶ᠋ᠢᠨᠠᠨ᠎ᠤ ᠬᠢᠯᠢ ᠵᠢᠨ ᠪᠤᠭᠤᠮᠳᠠ ᠪᠡᠷ ᠤᠷᠤᠵᠤ ᠢᠷᠡᠵᠤ 30 ᠡᠳᠦᠷ᠎ᠦᠨ ᠬᠤᠭᠤᠴᠠᠭᠠᠨ ᠲᠤᠳᠤᠷ᠎ᠠ ᠦᠯᠤ ᠸᠢᠰᠠᠯᠠᠬᠤ ᠲᠥᠷᠥ᠎ᠶᠢᠨ ᠪᠣᠳᠣᠯᠭ᠎ᠠ᠎ᠶᠢ ᠭᠡᠷᠡᠭᠵᠢᠬᠦᠯᠬᠦ ᠤᠯᠤᠰᠢ᠋ 61 ᠪᠣᠯᠭᠠᠨ ᠨᠡᠮᠡᠭᠳᠡᠬᠦᠯᠪᠠ᠃
ᠺᠢᠷᠬᠢᠽᠰᠲ᠋ᠠᠨ᠂ ᠸᠢᠶᠧᠲ᠋ᠨᠠᠮ᠎ᠤᠨ ᠠᠷᠠᠳ ᠢᠷᠭᠡᠨ ᠡᠩ᠎ᠦᠨ ᠫᠠᠰᠫᠣᠷᠲ ᠪᠠ ᠲᠣᠭᠲᠠᠭᠰᠠᠨ ᠡᠳᠦᠷ ᠬᠤᠭᠤᠴᠠᠭ᠎ᠠ ᠵᠢᠴᠢ ᠠᠶᠠᠯᠠᠯ᠎ᠤᠨ ᠵᠠᠯᠭᠠᠨ ᠦᠷᠬᠦᠯᠵᠢᠯᠡᠬᠦ ᠪᠢᠯᠧᠲ᠎ᠢᠶᠡᠷ᠎ᠢᠶᠡᠨ ᠳᠤᠮᠳᠠᠳᠤ ᠤᠯᠤᠰ᠎ᠤᠨ ᠬᠢᠯᠢ᠎ᠪᠡᠷ ᠥᠩᠭᠡᠷᠡᠵᠦ᠍ ᠭᠤᠷᠪᠠᠳᠠᠬᠢ ᠤᠯᠤᠰ ᠪᠤᠶᠤ ᠭᠠᠵᠠᠷ ᠣᠷᠣᠨ᠎ᠳᠤ ᠣᠴᠢᠬᠤ ᠳ᠋ᠤ᠂ ᠪᠡᠭᠡᠵᠢᠩ᠂ ᠱᠠᠩᠬᠠᠶ ᠵᠡᠷᠭᠡ 65 ᠭᠠᠳᠠᠭᠰᠢ ᠨᠡᠭᠡᠭᠡᠯᠲᠡ ᠬᠢᠬᠦ ᠪᠣᠭᠣᠮᠲᠠ᠎ᠪᠠᠷ ᠦᠯᠤ ᠸᠢᠰᠠᠯᠠᠵᠤ ᠬᠢᠯᠢ᠎ᠳᠦ ᠣᠷᠣᠵᠤ ᠪᠣᠯᠬᠤ ᠪᠥᠭᠡᠳ ᠲᠣᠭᠲᠠᠭᠰᠠᠨ ᠣᠷᠣᠨ ᠪᠦᠰᠡ᠎ᠶᠢᠨ ᠳᠣᠲᠣᠷ᠎ᠠ ᠦᠯᠤ ᠸᠢᠰᠠᠯᠠᠵᠤ ᠵᠢᠭᠤᠯᠴᠢᠯᠡᠨ ᠲᠤᠭᠤᠷᠢᠬᠤ ᠳ᠋ᠠᠭᠠᠨ 240 ᠴᠠᠭ᠎ᠡᠴᠡ ᠬᠡᠲᠦᠷᠡᠵᠤ ᠪᠣᠯᠬᠤ ᠥᠬᠡᠶ᠃ ᠬᠣᠶᠠᠷ ᠤᠯᠤᠰ᠎ᠤᠨ ᠠᠷᠠᠳ ᠢᠷᠭᠡᠨ ᠡᠩ᠎ᠦᠨ ᠫᠠᠰᠫᠣᠷᠲ᠎ᠲᠠᠶ ᠪᠣᠯ ᠬᠠᠶ᠋ᠢᠨᠠᠨ ᠮᠤᠵᠢ᠎ᠶᠢᠨ ᠭᠠᠳᠠᠭᠰᠢ ᠨᠡᠭᠡᠭᠡᠯᠲᠡᠬᠢᠬᠦ ᠪᠣᠭᠣᠮᠲᠠ᠎ᠪᠠᠷ ᠬᠢᠯᠢ᠎ᠳᠦ ᠣᠷᠣᠵᠤ ᠢᠷᠡᠵᠤ ᠪᠣᠯᠤᠨ᠎ᠠ᠂ ᠬᠠᠶ᠋ᠢᠨᠠᠨ ᠮᠤᠵᠢ᠎ᠶᠢᠨ ᠵᠠᠰᠠᠭ ᠵᠠᠬᠢᠷᠭᠠᠨ᠎ᠤ ᠣᠷᠣᠨ᠎ᠤ ᠳᠣᠲᠣᠷ᠎ᠠ ᠦᠯᠤ ᠸᠢᠰᠠᠯᠠᠵᠤ ᠵᠢᠭᠤᠯᠴᠢᠯᠡᠨ ᠲᠤᠭᠤᠷᠢᠬᠤ ᠳ᠋ᠠᠭᠠᠨ 30 ᠡᠳᠦᠷ᠎ᠡᠴᠡ ᠬᠡᠲᠦᠷᠡᠵᠤ ᠪᠣᠯᠬᠤ ᠥᠬᠡᠶ᠃ ᠳᠡᠭᠡᠷ᠎ᠡ ᠳᠤᠷᠠᠳᠤᠭᠰᠠᠨ ᠦᠯᠤ ᠸᠢᠰᠠᠯᠠᠬᠤ 2 ᠵᠦᠢᠯ᠎ᠦᠨ ᠲᠥᠷᠥ᠎ᠶᠢᠨ ᠪᠣᠳᠣᠯᠭ᠎ᠠ᠎ᠶᠢ ᠬᠡᠷᠡᠭᠯᠡᠵᠦ᠍ ᠪᠣᠯᠬᠤ ᠬᠤᠭᠤᠴᠠᠭᠠᠨ᠎ᠳᠤ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ᠂ ᠠᠶ᠋ᠢᠯᠴᠢᠯᠠᠯᠲᠠ᠂ ᠲᠥᠷᠥᠯ ᠰᠠᠳᠤᠨ᠎ᠢᠶᠠᠨ ᠡᠷᠭᠢᠵᠦ᠍ ᠦᠵᠡᠬᠦ᠌ ᠵᠡᠷᠭᠡ ᠣᠬᠣᠷ ᠬᠤᠭᠤᠴᠠᠭᠠᠨ᠎ᠤ ᠠᠵᠢᠯᠯᠠᠭ᠎ᠠ ᠬᠢᠵᠦ᠍ ᠪᠣᠯᠤᠨ᠎ᠠ᠂ ᠠᠵᠢᠯ᠂ ᠰᠤᠷᠤᠯᠴᠠᠯᠭ᠎ᠠ᠂ ᠰᠣᠨᠢᠨ ᠮᠡᠳᠡᠭᠡᠨ᠎ᠦ ᠰᠤᠷᠪᠤᠯᠵᠢᠯᠠᠭ᠎ᠠ ᠵᠡᠷᠭᠡ ᠤᠷᠢᠳᠴᠢᠯᠠᠨ ᠵᠥᠪᠰᠢᠶᠡᠷᠡᠬᠦ᠌ ᠴᠢᠬᠤᠯᠠᠲᠠᠶ ᠠᠵᠢᠯᠯᠠᠭ᠎ᠠ᠎ᠳᠤ ᠮᠥᠨ ᠬᠦ᠌ ᠳᠤᠮᠳᠠᠳᠤ ᠤᠯᠤᠰ᠎ᠲᠤ᠌ ᠢᠷᠡᠬᠦ᠌᠎ᠡᠴᠡ ᠡᠮᠦᠨ᠎ᠡ ᠸᠢᠰᠠ ᠵᠢᠨ ᠭᠠᠷᠳᠠᠮ ᠵᠢᠡᠨ ᠭᠦᠢᠴᠡᠳᠭᠡᠪᠡᠯ ᠵᠤᠬᠢᠨ᠎ᠠ᠃
ᠤᠯᠤᠰ᠎ᠤᠨ ᠨᠡᠭᠦᠳᠡᠯ ᠠᠷᠠᠳ᠎ᠤᠨ ᠲᠣᠪᠴᠢᠶ᠎ᠠ᠎ᠶᠢᠨ ᠬᠤᠯᠪᠤᠬᠳᠠᠯ ᠪᠥᠬᠥᠶ ᠬᠠᠷᠢᠭᠤᠴᠠᠯᠭᠠᠲᠠᠨ᠂ ᠺᠢᠷᠬᠢᠽᠰᠲ᠋ᠠᠨ᠂ ᠸᠢᠶᠧᠲ᠋ᠨᠠᠮ᠎ᠤᠨ ᠠᠷᠠᠳ ᠢᠷᠭᠡᠨ᠎ᠳᠦ ᠦᠯᠤ ᠸᠢᠰᠠᠯᠠᠬᠤ 2 ᠵᠦᠢᠯ᠎ᠦᠨ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠬᠦ᠌ ᠪᠣᠯ ᠥᠨᠳᠥᠷ ᠲᠦᠪᠰᠢᠨ ᠪᠥᠬᠥᠶ ᠭᠠᠳᠠᠭᠠᠳᠤ ᠨᠡᠭᠡᠭᠡᠯᠲᠡ᠎ᠶᠢ ᠯᠠᠪᠳᠠᠭᠤᠨ᠎ᠢᠶᠠᠷ ᠠᠬᠢᠭᠤᠯᠬᠤ᠂ ᠡᠷᠬᠢᠨ ᠲᠣᠭᠣᠷᠢᠨ᠎ᠤ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠬᠤ ᠪᠣᠳᠠᠲᠠᠶ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ᠂ ᠡᠨᠡ᠎ᠨᠢ ᠬᠣᠶᠠᠷ ᠲᠠᠯ᠎ᠠ᠎ᠶᠢᠨ ᠢᠲᠡᠭᠡᠯᠴᠡᠭᠡ ᠬᠠᠮᠲᠤᠷᠠᠯᠴᠠᠭ᠎ᠠ᠎ᠶᠢ ᠤᠯᠠᠮ ᠨᠢᠭᠡ ᠠᠯᠬᠤᠮ ᠠᠬᠢᠭᠤᠯᠵᠤ᠂ ᠵᠢᠭᠤᠯᠴᠢᠯᠠᠯ᠎ᠤᠨ ᠠᠷᠠᠯᠵᠢᠶ᠎ᠠ ᠬᠤᠳᠠᠯᠳᠤᠭ᠎ᠠ᠂ ᠠᠶ᠋ᠢᠯᠴᠢᠯᠠᠯᠲᠠ ᠪᠠᠯᠠ ᠣᠷᠣᠭᠤᠯᠤᠯᠲᠠ᠎ᠶᠢ ᠨᠠᠩ ᠲᠥᠬᠥᠮ ᠪᠥᠭᠡᠳ ᠥᠨᠳᠥᠷ ᠪᠦᠲᠦᠮᠵᠢᠲᠡᠶ ᠠᠬᠢᠭᠤᠯᠬᠤ᠎ᠳᠤ ᠠᠰᠢᠭᠲᠠᠶ ᠶᠤᠮ᠃ ᠲᠠᠷᠠᠭᠠᠴᠢ᠎ᠶᠢᠨ ᠠᠯᠬᠤᠮ᠎ᠳᠤ᠂ ᠤᠯᠤᠰ᠎ᠤᠨ ᠨᠡᠭᠦᠳᠡᠯ ᠠᠷᠠᠳ᠎ᠤᠨ ᠲᠣᠪᠴᠢᠶ᠎ᠠ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠵᠦ᠍᠂ ᠵᠢᠷᠤᠮᠵᠢᠭᠰᠠᠨ ᠡᠮᠬᠢ ᠵᠢᠷᠤᠮ᠎ᠲᠠᠶ ᠬᠢᠯᠢ᠎ᠪᠡᠷ ᠭᠠᠷᠴᠤ᠌ ᠣᠷᠣᠬᠤ ᠬᠠᠮᠢᠶᠠᠷᠤᠯᠲᠠ᠎ᠶᠢᠨ ᠡᠮᠬᠢ ᠳᠢᠭᠯᠢᠮ᠎ᠢ ᠡᠷᠡᠰ ᠬᠠᠮᠠᠭᠠᠯᠠᠵᠤ᠂ ᠳᠤᠮᠳᠠᠳᠤ ᠭᠠᠳᠠᠭᠠᠳᠤ᠎ᠶᠢᠨ ᠬᠦᠮᠦᠨ ᠬᠠᠷ᠎ᠠ ᠵᠢᠨ ᠶᠠᠪᠤᠯᠴᠠᠭ᠎ᠠ ᠪᠠ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶᠢ ᠨᠠᠩ ᠰᠠᠶ᠋ᠢᠲᠤᠷ ᠠᠬᠢᠭᠤᠯᠵᠤ᠂ ᠤᠯᠤᠰ᠎ᠤᠨ ᠥᠨᠳᠥᠷ ᠲᠦᠪᠰᠢᠨ ᠪᠥᠬᠥᠶ ᠨᠡᠭᠡᠭᠡᠯᠲᠡ ᠴᠢᠨᠠᠷ ᠰᠠᠶ᠋ᠢᠲᠠᠶ ᠬᠥᠭᠵᠢᠯᠲᠡ᠎ᠳᠦ ᠦᠢᠯᠡᠴᠢᠯᠡᠨ᠎ᠡ ᠭᠡᠵᠤ ᠲᠠᠨᠢᠯᠴᠠᠭᠤᠯᠪᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 8 ᠰᠠᠷ᠎ᠠ᠎ᠶᠢᠨ 20 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃