2026-09-08 11:12:53
ᠰᠢᠨᠬᠤᠸᠠ ᠬᠤᠷᠢᠶ᠎ᠠ ᠵᠢᠨ ᠤᠯᠤᠰ᠎ᠤᠨ ᠳᠡᠭᠡᠳᠦ ᠲᠠᠰ᠎ᠤᠨ ᠣᠶᠤᠨ᠎ᠤ ᠬᠥᠮᠥᠷᠭᠡ 6 ᠤ᠋ ᠡᠳᠦᠷ 《ᠰᠢᠨ᠎ᠡ ᠣᠯᠠᠨ ᠲᠦᠮᠡᠨᠴᠢ ᠤᠳᠬ᠎ᠠ ᠤᠷᠠᠯᠢᠭ᠎ᠤᠨ ᠴᠡᠴᠡᠭᠯᠡᠯ ᠬᠥᠭᠵᠢᠯ ᠬᠢᠭᠡᠳ ᠳᠡᠯᠡᠬᠡᠶ᠎ᠶᠢᠨ ᠨᠥᠯᠥᠭᠡ》 ᠭᠡᠬᠦ ᠬᠢᠲᠠᠳ ᠠᠨᠭ᠌ᠭ᠌ᠯᠢ ᠬᠡᠯᠡᠨ᠎ᠦ ᠣᠶᠤᠨ᠎ᠤ ᠬᠥᠮᠥᠷᠭᠡ᠎ᠶᠢᠨ ᠮᠡᠳᠡᠭᠦᠯᠦᠯᠲᠡ ᠵᠢ ᠨᠡᠶ᠋ᠢᠲᠡᠯᠡᠪᠡ᠃ ᠮᠡᠳᠡᠭᠦᠯᠦᠯᠲᠡ᠎ᠳᠦ ᠰᠢᠨ᠎ᠡ ᠣᠯᠠᠨ ᠲᠦᠮᠡᠨᠴᠢ ᠤᠳᠬ᠎ᠠ ᠤᠷᠠᠯᠢᠭ᠎ᠤᠨ ᠴᠡᠴᠡᠭᠯᠡᠯ ᠬᠥᠭᠵᠢᠯ᠎ᠤᠨ ᠪᠠᠶ᠋ᠢᠳᠠᠯ᠎ᠢ ᠠᠮᠢᠳᠤᠯᠢᠭ᠎ᠢᠶᠠᠷ ᠵᠢᠷᠤᠭᠯᠠᠵᠤ᠂ ᠰᠢᠨ᠎ᠡ ᠣᠯᠠᠨ ᠲᠦᠮᠡᠨᠴᠢ ᠤᠳᠬ᠎ᠠ ᠤᠷᠠᠯᠢᠭ᠎ᠤᠨ ᠬᠥᠭᠵᠢᠨ ᠮᠠᠨᠳᠤᠭᠰᠠᠨ ᠡᠭᠦᠰᠦᠯ᠎ᠤᠨ ᠰᠢᠯᠲᠠᠭᠠᠨ᠎ᠢ ᠭᠦᠨᠵᠡᠭᠡᠶ ᠵᠠᠳᠠᠯᠵᠤ᠂ ᠰᠢᠨ᠎ᠡ ᠣᠯᠠᠨ ᠲᠦᠮᠡᠨᠴᠢ ᠤᠳᠬ᠎ᠠ ᠤᠷᠠᠯᠢᠭ᠎ᠤᠨ ᠬᠥᠭᠵᠢᠯᠲᠡ᠎ᠶᠢᠨ ᠡᠵᠡᠮᠰᠢᠬᠦ᠌ ᠴᠢᠬᠤᠯᠠᠲᠠᠶ ᠬᠤᠪᠢᠰᠤᠩᠭᠤᠶ ᠬᠠᠷᠢᠴᠠᠭ᠎ᠠ᠎ᠶᠢ ᠳᠤᠷᠠᠳᠴᠤ᠌᠂ ᠰᠢᠨ᠎ᠡ ᠣᠯᠠᠨ ᠲᠦᠮᠡᠨᠴᠢ ᠤᠳᠬ᠎ᠠ ᠤᠷᠠᠯᠢᠭ᠎ᠤᠨ ᠳᠡᠯᠡᠬᠡᠶ᠎ᠶᠢᠨ ᠠᠴᠢ ᠬᠣᠯᠪᠣᠭᠳᠠᠯ᠎ᠢ ᠲᠣᠳᠣᠷᠬᠠᠶ᠋ᠢᠯᠠᠨ ᠥᠭᠦᠯᠡᠪᠡ᠃
ᠮᠡᠳᠡᠭᠦᠯᠦᠯᠲᠡ᠎ᠳᠦ᠂ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ ᠪᠣᠯ ᠢᠨᠲ᠋ᠸᠷ ᠰᠦᠯᠵᠢᠢ᠎ᠡ᠂ ᠲᠤᠮᠤ ᠳ᠋ᠠᠶ᠋ᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ᠎ᠤᠨ ᠬᠥᠳᠡᠯᠭᠡᠭᠦ ᠦᠢᠯᠡᠳᠦᠯ ᠳᠣᠣᠷ᠎ᠠ᠂ ᠤᠳᠬ᠎ᠠ ᠤᠷᠠᠯᠢᠭ᠎ᠤᠨ ᠬᠦᠷᠢᠶᠡᠨ᠎ᠳᠦ ᠴᠣᠯᠭᠣᠷᠠᠨ ᠭᠠᠷᠤᠭᠰᠠᠨ ᠤᠯᠠᠨ ᠲᠦᠮᠡᠨ᠎ᠡᠴᠡ ᠵᠣᠬᠢᠶᠠᠨ ᠪᠦᠲᠦᠭᠡᠬᠦ᠌᠎ᠳᠤ ᠥᠷᠭᠡᠨ᠎ᠢᠶᠡᠷ ᠤᠷᠤᠯᠴᠠᠭᠰᠠᠨ᠂ ᠲᠠᠮᠵᠢᠭᠤᠯᠤᠭᠰᠠᠨ ᠪᠠ ᠬᠠᠮᠲᠤ᠎ᠪᠠᠷ ᠡᠳ᠋ᠯᠡᠵᠦ᠂ ᠠᠷᠠᠳ ᠲᠦᠮᠡᠨ᠎ᠦ ᠰᠡᠳᠬᠢᠯ᠎ᠦᠨ ᠲᠠᠭᠤᠨ ᠪᠣᠯᠤᠨ ᠴᠠᠭ ᠦᠶ᠎ᠡ᠎ᠶᠢᠨ ᠭᠣᠣᠯ ᠰᠡᠳᠦᠪ᠎ᠢ ᠲᠤᠰᠬᠠᠭᠰᠠᠨ ᠴᠣ ᠰᠢᠨ᠎ᠡ ᠤᠳᠬ᠎ᠠ ᠤᠷᠠᠯᠢᠭ᠎ᠤᠨ ᠬᠠᠮ ᠠᠮᠢ ᠠᠬᠤᠢ ᠪᠣᠯᠤᠨ᠎ᠠ᠃ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠎ᠤᠨ ᠥᠷᠨᠢᠩᠭᠦᠢ ᠬᠥᠭᠵᠢᠯᠲᠡ᠎ᠶᠢᠨ ᠪᠠᠶ᠋ᠢᠳᠠᠯ ᠳᠣᠣᠷ᠎ᠠ᠂ ᠤᠯᠠᠨ ᠡᠰᠢᠲᠦ᠍ ᠭᠣᠣᠯ ᠴᠣᠭᠴᠠ᠎ᠶᠢᠨ ᠵᠣᠬᠢᠶᠠᠨ ᠪᠦᠲᠦᠭᠡᠬᠦ᠌ ᠬᠠᠯᠠᠭᠤᠨ ᠰᠡᠳᠬᠢᠯᠭᠡ ᠣᠷᠭᠢᠯᠵᠤ᠂ ᠠᠭᠤᠯᠭ᠎ᠠ ᠬᠡᠯᠪᠡᠷᠢ ᠨᠢ ᠤᠷᠢᠳ ᠡᠮᠦᠨ᠎ᠡ ᠪᠠᠶ᠋ᠢᠭ᠎ᠠ ᠦᠭᠡᠢ ᠪᠠᠶᠠᠯᠢᠭᠵᠢᠵᠤ᠂ ᠰᠣᠶᠣᠯ᠎ᠤᠨ ᠠᠮᠢᠵᠢᠷᠠᠯ᠎ᠤᠨ ᠬᠦᠴᠦᠨ᠎ᠢ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠰᠣᠶᠣᠯ᠎ᠤᠨ ᠵᠢᠷᠤᠭ ᠲᠥᠰᠦᠪᠲᠡᠬᠢ ᠦᠵᠡᠰᠬᠦᠯᠡᠩᠲᠦ᠍ ᠰᠠᠶ᠋ᠢᠬᠠᠨ ᠦᠵᠡᠮᠵᠢ᠎ᠶᠢᠨ ᠣᠷᠣᠨ᠎ᠢ ᠪᠦᠷᠢᠯᠳᠦᠭᠦᠯᠵᠠᠢ ᠭᠡᠵᠦ ᠵᠢᠭᠠᠵᠤ ᠭᠠᠷᠭᠠᠪᠠ᠃
ᠮᠡᠳᠡᠭᠦᠯᠦᠯᠲᠡ᠎ᠳᠦ᠂ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ᠎ᠤᠨ ᠥᠷᠨᠢᠨ ᠬᠥᠭᠵᠢᠭᠰᠡᠨ ᠨᠢ ᠴᠠᠭ ᠦᠶ᠎ᠡ᠎ᠶᠢᠨ ᠬᠥᠭᠵᠢᠯᠲᠡ᠎ᠶᠢᠨ ᠶᠡᠬᠡ ᠬᠠᠨᠳᠤᠰᠢ ᠪᠣᠯᠬᠤ ᠪᠥᠭᠡᠳ ᠪᠠᠰᠠ ᠠᠷᠠᠳ ᠤᠯᠠᠨ᠎ᠤ ᠠᠭᠤᠤ ᠶᠡᠬᠡ ᠡᠭᠦᠳᠦᠨ ᠪᠦᠲᠦᠭᠡᠯᠲᠡ ᠪᠣᠯᠤᠨ᠎ᠠ᠃ ᠡᠨᠡ ᠬᠦ᠌ ᠰᠦᠷ ᠳᠠᠯᠠᠶ᠋ᠢᠴᠠᠲᠠᠢ ᠤᠯᠠᠨ ᠲᠦᠮᠡᠨᠴᠢ ᠤᠳᠬ᠎ᠠ ᠤᠷᠠᠯᠢᠭ᠎ᠤᠨ ᠦᠢᠯᠡᠳᠦᠯᠭᠡ ᠨᠢ ᠠᠷᠠᠳ ᠲᠦᠮᠡᠨ᠎ᠢᠶᠡᠷ ᠭᠣᠣᠯ ᠪᠣᠯᠭᠠᠭᠰᠠᠨ ᠵᠣᠬᠢᠶᠠᠨ ᠪᠦᠲᠦᠭᠡᠬᠦ᠌ ᠤᠳᠤᠷᠢᠳᠤᠮᠵᠢ᠎ᠶᠢ ᠪᠠᠷᠢᠮᠲᠠᠯᠠᠵᠤ᠂ ᠴᠡᠴᠡᠭᠯᠡᠨ ᠬᠥᠭᠵᠢᠭᠰᠡᠨ ᠠᠵᠤ ᠠᠬᠤᠢ ᠨᠡᠶ᠋ᠢᠭᠡᠮ᠎ᠦᠨ ᠬᠥᠷᠥᠰᠥ᠍ ᠰᠢᠷᠣᠢ᠎ᠳᠤ ᠦᠨᠳᠦᠰᠦᠯᠡᠵᠦ᠍᠂ ᠨᠢᠰᠬᠦ᠌ ᠮᠡᠲᠦ᠍ ᠲᠦᠷᠭᠡᠨ ᠤᠯᠠᠷᠢᠵᠦ ᠪᠠᠶ᠋ᠢᠭ᠎ᠠ ᠲᠤᠭᠠᠴᠢᠯᠠᠭᠰᠠᠨ ᠤᠶᠤᠨᠴᠢᠯᠠᠭᠰᠠᠨ ᠮᠡᠷᠭᠡᠵᠢᠯ᠎ᠦᠨ ᠠᠰᠢᠭ᠎ᠢ ᠬᠦᠷᠲᠡᠵᠦ᠂ ᠡᠭᠦᠨ᠎ᠦ ᠬᠠᠮᠲᠤ᠌ ᠪᠠᠰᠠ ᠲᠦᠷᠦ᠎ᠶᠢᠨ ᠪᠤᠳᠤᠯᠭ᠎ᠠ᠎ᠶᠢᠨ ᠰᠢᠰᠲ᠋ᠧᠮ᠎ᠦᠨ ᠦᠷᠭᠦᠯᠵᠢᠯᠡᠭᠰᠡᠨ ᠬᠠᠮᠠᠭᠠᠯᠠᠯᠲᠠ ᠡᠴᠡ ᠰᠠᠯᠵᠤ ᠴᠢᠳᠠᠬᠤ ᠦᠭᠡᠢ ᠶᠤᠮ ᠭᠡᠵᠦ ᠵᠠᠳᠠᠯᠤᠯᠲᠠ ᠬᠢᠪᠡ᠃
ᠮᠡᠳᠡᠭᠦᠯᠦᠯᠲᠡ᠎ᠳᠦ᠂ ᠰᠢᠨ᠎ᠡ ᠣᠯᠠᠨ ᠲᠦᠮᠡᠨᠴᠢ ᠤᠳᠬ᠎ᠠ ᠤᠷᠠᠯᠢᠭ᠎ᠤᠨ ᠦᠷᠭᠦᠯᠵᠢᠯᠡᠨ ᠴᠡᠴᠡᠭᠯᠡᠨ ᠬᠥᠭᠵᠢᠬᠦ᠌᠎ᠶᠢ ᠠᠬᠢᠭᠤᠯᠬᠤ᠎ᠳᠤ᠂ ᠲᠥᠪ ᠶᠣᠰᠣ᠎ᠶᠢ ᠪᠠᠷᠢᠮᠲᠠᠯᠠᠬᠤ ᠪᠠ ᠰᠢᠨ᠎ᠡ᠎ᠶᠢ ᠡᠭᠦᠳᠬᠦ᠌᠂ ᠨᠡᠶ᠋ᠢᠭᠡᠮ᠎ᠦᠨ ᠦᠷ᠎ᠡ ᠠᠰᠢᠭ ᠪᠠ ᠠᠵᠤ ᠠᠬᠤᠶ᠎ᠶᠢᠨ ᠦᠷ᠎ᠡ ᠠᠰᠢᠭ᠂ ᠳᠡᠭᠡᠭᠰᠢᠯᠡᠭᠦᠯᠬᠦ᠌ ᠪᠠ ᠲᠦᠭᠡᠮᠡᠯᠵᠢᠭᠦᠯᠬᠦ᠌᠂ ᠰᠣᠶᠣᠯ ᠪᠠ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠵᠡᠷᠭᠡ ᠳᠥᠷᠪᠡᠨ ᠬᠤᠤᠰ ᠬᠤᠪᠢᠰᠤᠩᠭᠤᠶ ᠬᠠᠷᠢᠴᠠᠭ᠎ᠠ᠎ᠶᠢ ᠬᠦᠴᠦᠯᠡᠨ ᠡᠵᠡᠮᠰᠢᠬᠦ ᠪᠠ ᠰᠠᠶ᠋ᠢᠲᠤᠷ ᠰᠢᠢᠳᠪᠦᠷᠢᠯᠡᠬᠦ ᠴᠢᠬᠤᠯᠠᠲᠠᠢ᠃ ᠲᠥᠪ ᠶᠣᠰᠣ᠎ᠶᠢ ᠪᠠᠷᠢᠮᠲᠠᠯᠠᠬᠤ ᠪᠠ ᠰᠢᠨ᠎ᠡ᠎ᠶᠢ ᠡᠭᠦᠳᠬᠦ᠌᠎ᠶᠢᠨ ᠠᠬᠢᠴᠠ ᠳᠤᠮᠳᠠ ᠵᠠᠯᠠᠭᠤᠷ᠎ᠢ ᠡᠵᠡᠮᠳᠡᠨ ᠴᠢᠭᠯᠡᠯ᠎ᠢ ᠲᠤᠭᠲᠠᠭᠠᠵᠤ᠂ ᠨᠡᠶ᠋ᠢᠭᠡᠮ᠎ᠦᠨ ᠦᠷ᠎ᠡ ᠠᠰᠢᠭ ᠪᠠ ᠠᠵᠤ ᠠᠬᠤᠢ᠎ᠶᠢᠨ ᠦᠷ᠎ᠡ ᠠᠰᠢᠭ᠎ᠢ ᠨᠢᠭᠡᠳᠦᠯᠲᠡᠢ ᠲᠥᠯᠥᠪᠵᠢᠭᠦᠯᠬᠦ᠌ ᠳᠤᠮᠳᠠ ᠬᠣᠷᠢᠭ᠎ᠠ ᠱᠤᠭᠤᠮ᠎ᠢ ᠪᠠᠲᠤ᠌ ᠰᠠᠬᠢᠵᠤ᠂ ᠳᠡᠭᠡᠭᠰᠢᠯᠡᠭᠦᠯᠬᠦ᠌ ᠪᠠ ᠲᠦᠭᠡᠮᠡᠯᠵᠢᠭᠦᠯᠬᠦ᠌ ᠶᠠᠪᠤᠴᠠ᠎ᠳᠤ ᠬᠡᠮ ᠬᠡᠮᠵᠢᠶ᠎ᠡ᠎ᠵᠢ ᠡᠵᠡᠮᠳᠡᠵᠦ᠍᠂ ᠰᠣᠶᠣᠯ ᠪᠠ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠠᠭᠤᠰᠤᠯᠴᠠᠯ ᠳᠤᠮᠳᠠ ᠠᠷᠭ᠎ᠠ ᠵᠠᠮ᠎ᠢ ᠥᠷᠭᠡᠳᠬᠡᠵᠦ᠍᠂ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠭᠡ᠎ᠶᠢᠨ ᠦᠵᠡᠯ ᠰᠠᠨᠠᠭᠠᠨ᠎ᠤ ᠦᠨᠳᠦᠷᠴᠡ᠂ ᠤᠷᠠᠯᠢᠭ᠎ᠤᠨ ᠴᠢᠨᠠᠷ ᠴᠢᠨᠰᠠᠭ᠎ᠠ ᠪᠠ ᠢᠯᠡᠷᠡᠭᠦᠯᠬᠦ᠌ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ᠌ ᠬᠡᠷᠡᠭᠲᠡᠢ ᠭᠡᠵᠦ ᠦᠵᠡᠪᠡ᠃
ᠮᠡᠳᠡᠭᠦᠯᠦᠯᠲᠡ᠎ᠳᠦ᠂ ᠳᠡᠯᠡᠬᠡᠶ᠋ᠢᠵᠢᠯᠲᠡ ᠪᠣᠯᠤᠨ ᠲᠣᠭᠠᠴᠢᠯᠠᠯᠲᠠ ᠵᠢᠨ ᠤᠷᠤᠰᠬᠠᠯ ᠰᠣᠯᠪᠢᠴᠠᠭᠰᠠᠨ ᠴᠠᠭ ᠦᠶ᠎ᠡ᠎ᠶᠢᠨ ᠠᠬᠤᠢ ᠪᠠᠶ᠋ᠢᠳᠠᠯ ᠳᠣᠣᠷ᠎ᠠ᠂ ᠰᠢᠨ᠎ᠡ ᠤᠯᠠᠨ ᠲᠦᠮᠡᠨᠴᠢ ᠤᠳᠬ᠎ᠠ ᠤᠷᠠᠯᠢᠭ ᠶᠠᠭ ᠪᠦᠬᠦ᠌ ᠪᠥᠮᠪᠥᠷᠴᠡᠭ᠎ᠦᠨ ᠰᠣᠶᠣᠯ᠎ᠤᠨ ᠶᠠᠪᠤᠯᠴᠠᠭ᠎ᠠ᠎ᠶᠢᠨ ᠰᠢᠨ᠎ᠡ ᠬᠠᠭᠤᠳᠠᠰᠤ᠎ᠶᠢ ᠨᠡᠭᠡᠭᠡᠵᠦ᠍ ᠪᠠᠶ᠋ᠢᠨ᠎ᠠ᠃ ᠲᠡᠷᠡ ᠨᠢ ᠤᠯᠠᠨ ᠡᠰᠢᠲᠦ᠍ ᠬᠦᠦᠷᠨᠢᠯ᠎ᠢᠶᠡᠷ ᠳᠤᠮᠳᠠᠳᠤ ᠤᠯᠤᠰ᠎ᠤᠨ ᠲᠦᠷᠢ ᠲᠥᠷᠬᠦ᠌᠎ᠶᠢ 《ᠪᠤᠰᠤᠳ᠎ᠢᠶᠡᠷ ᠲᠤᠭᠲᠠᠭᠠᠭᠳᠠᠵᠤ ᠪᠠᠢᠭᠰᠠᠨ》 ᠡᠴᠡ 《ᠥᠪᠡᠷ᠎ᠢ᠎ᠪᠡᠨ ᠢᠯᠡᠳᠬᠡᠬᠦ᠌》 ᠲᠡᠶ᠋ᠢᠰᠢ ᠬᠤᠪᠢᠷᠠᠭᠤᠯᠵᠤ᠂ ᠳᠣᠷᠣᠨᠠᠳᠠᠬᠢᠨ᠎ᠤ ᠤᠶᠤᠨ ᠤᠬᠠᠭᠠᠨ᠎ᠢᠶᠠᠷ ᠬᠥᠮᠦᠨ ᠲᠥᠷᠥᠯᠬᠢᠲᠡᠨ᠎ᠦ ᠬᠠᠮᠲᠤ᠎ᠶᠢᠨ ᠬᠦᠴᠢᠷᠳᠡᠯ᠎ᠳᠤ ᠦᠷᠳᠡᠭ᠎ᠦᠨ ᠯᠠᠪᠯᠠᠯᠲᠠ ᠬᠠᠩᠭᠠᠵᠤ᠂ ᠨᠡᠭᠡᠭᠡᠯᠲᠡᠲᠦ᠍ ᠬᠠᠮᠵᠢᠯᠴᠠᠭ᠎ᠠ᠎ᠪᠠᠷ ᠳᠡᠭᠡᠳᠦ ᠬᠡᠮᠵᠢᠢ᠎ᠡ᠎ᠪᠡᠷ ᠲᠥᠪᠯᠡᠷᠡᠭᠰᠡᠨ ᠪᠦᠬᠦ᠌ ᠪᠥᠮᠪᠥᠷᠴᠡᠭ᠎ᠦᠨ ᠰᠣᠶᠣᠯ᠎ᠤᠨ ᠠᠵᠤ ᠦᠢᠯᠡᠰ᠎ᠦᠨ ᠪᠠᠶ᠋ᠢᠷᠢᠰᠢᠯ᠎ᠢ ᠡᠪᠳᠡᠵᠦ᠍᠂ ᠮᠡᠷᠭᠡᠵᠢᠯ᠎ᠢᠶᠡᠷ ᠡᠨᠧᠷᠭᠢ ᠣᠯᠭᠣᠵᠤ ᠪᠠᠶ᠋ᠢᠭᠠᠳ ᠨᠡᠩ ᠡᠷᠬᠡ ᠲᠡᠭᠰᠢ ᠪᠦᠬᠦ᠌ ᠪᠥᠮᠪᠥᠷᠴᠡᠭ᠎ᠦᠨ ᠰᠣᠶᠣᠯ᠎ᠤᠨ ᠡᠮᠬᠢ ᠳᠢᠭᠯᠢᠮ᠎ᠢ ᠪᠠᠶ᠋ᠢᠭᠤᠯᠬᠤ᠎ᠶᠢ ᠠᠬᠢᠭᠤᠯᠵᠠᠢ ᠭᠡᠵᠦ ᠴᠢᠬᠤᠯᠠᠴᠢᠯᠠᠪᠠ᠃
ᠮᠡᠳᠡᠭᠦᠯᠦᠯᠲᠡ᠎ᠶᠢ ᠭᠤᠸᠠᠩᠳᠦ᠋ᠩ᠎ᠦᠨ ᠱᠧᠨᠵᠧᠨ᠎ᠳᠦ ᠶᠠᠪᠤᠭᠳᠠᠭᠰᠠᠨ ᠬᠣᠶᠠᠳᠤᠭᠠᠷ ᠬᠤᠭᠤᠴᠠᠭᠠᠨ᠎ᠤ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠣᠯᠠᠨ ᠤᠯᠤᠰ᠎ᠤᠨ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠨᠡᠶ᠋ᠢᠲᠡᠯᠡᠪᠡ᠃ ᠰᠤᠳᠤᠯᠤᠨ ᠶᠠᠷᠢᠯᠴᠠᠬᠤ ᠬᠤᠷᠠᠯ᠎ᠢ ᠰᠢ ᠵᠢᠨ ᠫᠢᠩ᠎ᠦᠨ ᠰᠣᠶᠣᠯ ᠦᠵᠡᠯ ᠰᠠᠨᠠᠭᠠᠨ᠎ᠤ ᠰᠤᠳᠤᠯᠭᠠᠨ᠎ᠤ ᠲᠥᠪ᠎ᠡᠴᠡ ᠵᠢᠯᠣᠭᠣᠳᠴᠤ᠌᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭᠠᠨ᠎ᠤ ᠰᠤᠳᠤᠯᠭᠠᠨ᠎ᠤ ᠲᠥᠪ᠎ᠤᠨ ᠰᠢᠨᠬᠤᠸᠠ ᠬᠤᠷᠢᠶ᠎ᠠ ᠵᠢᠨ ᠬᠠᠮᠵᠢᠯᠴᠠᠨ ᠰᠤᠳᠤᠯᠬᠤ ᠰᠠᠭᠤᠷᠢᠨ᠂ ᠭᠤᠸᠠᠩᠳᠦ᠋ᠩ ᠮᠤᠵᠢ᠎ᠶᠢᠨ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠂ ᠬᠤᠸᠠᠨᠠᠨ ᠪᠠᠭᠰᠢ᠎ᠶᠢᠨ ᠶᠡᠬᠡ ᠰᠤᠷᠭᠠᠭᠤᠯᠢ᠎ᠡᠴᠡ ᠭᠣᠣᠯᠯᠠᠨ ᠡᠷᠬᠢᠯᠡᠪᠡ᠃
(ᠰᠢᠨᠬᠤᠸᠠ ᠬᠤᠷᠢᠶ᠎ᠠ ᠵᠢᠨ ᠱᠧᠨᠵᠧᠨ᠎ᠦ 9 ᠰᠠᠷ᠎ᠠ᠎ᠶᠢᠨ 6᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃