ᠲᠡᠷᠢᠭᠦᠨ ᠨᠢᠭᠤᠷ>ᠴᠠᠭ ᠲᠦᠷᠦ>ᠳᠡᠯᠡᠬᠡᠢ ᠰᠣᠨᠣᠷ

2026-09-26 12:43:44

ᠵᠣᠬᠢᠶᠠᠭ᠍ᠴᠢ᠄ ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ ᠣᠩᠱᠢᠭ᠍ᠰᠠᠨ ᠣᠳᠠᠭ᠎ᠠ᠄ 3

— ᠲᠡᠷᠢᠭᠦᠯᠡᠭᠴᠢ ᠰᠢ᠎ᠶᠢᠨ ᠫᠢᠩ᠎ᠤᠨ ᠪᠠᠶᠠᠷ᠎ᠤᠨ ᠵᠠᠬᠢᠳᠠᠯ ᠵᠠᠯᠠᠭᠤᠴᠤᠳ᠎ᠤᠨ ᠤᠷ᠎ᠠ ᠮᠡᠷᠭᠡᠵᠢᠯ ᠵᠢᠡᠷ ᠴᠢᠳᠠᠪᠤᠷᠢᠲᠠᠨ ᠪᠣᠯᠬᠤ ᠵᠠᠮ᠎ᠢᠶᠠᠷ ᠵᠠᠮᠨᠠᠬᠤ ᠵᠢ ᠵᠤᠷᠢᠭᠵᠢᠭᠤᠯᠬᠤ ᠵᠢᠨ ᠬᠠᠮᠲᠤ ᠳᠡᠯᠡᠬᠡᠢ᠎ᠶᠢᠨ ᠤᠷ᠎ᠠ ᠮᠡᠷᠭᠡᠵᠢᠯ᠎ᠤᠨ ᠬᠥᠳᠡᠯᠭᠡᠭᠡᠨ᠎ᠦ ᠬᠥᠭᠵᠢᠯᠲᠡ᠎ᠳᠦ ᠴᠢᠭᠯᠡᠯ᠎ᠢ ᠲᠣᠳᠣᠷᠬᠠᠢ ᠵᠢᠭᠠᠵᠤ ᠥᠭᠪᠡ


ᠤᠷᠠᠴᠤᠳ ᠲᠠᠷᠬᠠᠳ ᠳᠤᠷᠤᠨᠠᠳᠠᠬᠢᠨ᠎ᠳᠦ ᠬᠤᠷᠠᠨ ᠴᠤᠭᠯᠠᠷᠠᠪᠠ᠃ 9 ᠰᠠᠷ᠎ᠠ᠎ᠶᠢᠨ 22 ᠤ᠋ᠨ ᠡᠳᠦᠷ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ 48 ᠳ᠋ᠤᠭᠠᠷ ᠬᠤᠭᠤᠴᠠᠭᠠᠨ᠎ᠤ ᠳᠡᠯᠡᠬᠡᠢ᠎ᠶᠢᠨ ᠤᠷ᠎ᠠ ᠮᠡᠷᠭᠡᠵᠢᠯ᠎ᠤᠨ ᠤᠷᠤᠯᠳᠤᠭᠠᠨ᠎ᠳᠤ ᠪᠠᠶᠠᠷ᠎ᠤᠨ ᠵᠠᠬᠢᠳᠠᠯ ᠢᠯᠡᠭᠡᠵᠦ᠂ ᠳᠤᠮᠳᠠᠳᠤ ᠭᠠᠳᠠᠭᠠᠳᠤ᠎ᠶᠢᠨ ᠡᠯ᠎ᠡ ᠡᠲᠡᠭᠡᠳ᠎ᠦᠨ ᠬᠥᠮᠥᠰ᠎ᠦᠨ ᠲᠤᠮᠳᠠ ᠴᠢᠩᠭ᠎ᠠ ᠲᠤᠰᠬᠠᠯ᠎ᠭᠠᠷᠪᠠ᠃ ᠤᠯᠠᠨ᠎ᠢᠶᠠᠷ᠎ᠢᠶᠠᠨ᠂ ᠳᠡᠯᠡᠬᠡᠢ᠎ᠶᠢᠨ ᠤᠷ᠎ᠠ ᠮᠡᠷᠭᠡᠵᠢᠯ᠎ᠦᠨ ᠤᠷᠤᠯᠳᠤᠭᠠᠨ᠎ᠤ᠋ ᠡᠨᠡ ᠬᠦ᠌ ᠠᠰᠢᠭ᠍ᠲᠠᠢ ᠲᠠᠪᠴᠠᠩ᠎ᠢ ᠭᠦᠢᠴᠡᠳ ᠰᠠᠢᠲᠤᠷ ᠠᠰᠢᠭ᠍ᠯᠠᠵᠤ᠂ ᠪᠦᠬᠦ ᠨᠡᠢᠭᠡᠮ ᠵᠢᠡᠷ ᠵᠢᠡᠨ ᠨᠢᠭᠳᠠ ᠡᠴᠡ ᠨᠢᠭᠳᠠ ᠪᠠᠢᠬᠤ᠎ᠶᠢ ᠬᠦᠭᠡᠭᠡᠴᠡᠯᠳᠦᠭᠰᠡᠨ ᠤᠷᠠᠨ ᠳᠠᠷᠬᠠᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠨᠡᠩ ᠤᠯᠠᠨ ᠬᠥᠳᠡᠯᠮᠦᠷᠢᠴᠢᠨ ᠢᠯᠠᠩᠭᠤᠶ᠎ᠠ ᠵᠠᠯᠠᠭᠤᠴᠤᠳ᠎ᠤᠨ ᠤᠷ᠎ᠠ ᠮᠡᠷᠭᠡᠵᠢᠯ᠎ᠢᠶᠡᠷ ᠴᠢᠳᠠᠪᠤᠷᠢᠲᠠᠨ ᠪᠣᠯᠬᠤ ᠵᠠᠮ᠎ᠢᠶᠠᠷ ᠵᠠᠮᠨᠠᠬᠤ᠎ᠶᠢ ᠵᠣᠷᠢᠭ᠍ᠵᠢᠭᠤᠯᠤᠨ ᠬᠥᠲᠥᠯᠥᠨ ᠵᠢᠯᠤᠭᠣᠳᠴᠤ᠂ ᠡᠯ᠎ᠡ ᠤᠯᠤᠰ᠎ᠤᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠰᠣᠯᠢᠯᠴᠠᠭ᠎ᠠ ᠬᠠᠮᠲᠤᠷᠠᠯᠴᠠᠭ᠎ᠠ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ᠎ᠶᠢ ᠠᠬᠢᠭᠤᠯᠵᠤ᠂ ᠪᠦᠬᠦ ᠪᠥᠮᠪᠥᠷᠴᠡᠭ᠎ᠦᠨ ᠠᠵᠤ ᠠᠬᠤᠢ᠎ᠶᠢᠨ ᠨᠡᠮᠡᠭᠳᠡᠯ ᠪᠣᠯᠣᠨ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠰᠠᠢᠵᠢᠷᠠᠭᠤᠯᠬᠤ᠎ᠳᠤ ᠨᠡᠩ ᠰᠠᠢᠨ ᠦᠢᠯᠡᠴᠢᠯᠡᠨ᠎ᠡ ᠭᠡᠵᠦ ᠢᠯᠡᠳᠬᠡᠵᠡᠭᠡᠪᠡ᠃

《ᠲᠡᠷᠢᠭᠦᠯᠡᠭᠴᠢ ᠰᠢ᠎ᠶᠢᠨ ᠫᠢᠩ᠂ ᠰᠢᠨ᠎ᠡ ᠨᠢᠭᠡᠨ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ ᠲᠦᠷᠭᠡᠰᠤᠨ ᠬᠦᠭᠵᠢᠵᠤ᠂ ᠪᠦᠬᠦ ᠪᠥᠮᠪᠥᠷᠴᠡᠭ᠎ᠦᠨ ᠤᠷ᠎ᠠ ᠮᠡᠷᠭᠡᠵᠢᠯ᠎ᠤᠨ ᠬᠥᠭᠵᠢᠯᠲᠡ᠎ᠳᠦ ᠭᠦᠨᠵᠡᠭᠡᠢ ᠨᠥᠯᠥᠭᠡ ᠦᠵᠡᠭᠦᠯᠪᠡ᠃ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠪᠣᠯᠣᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ᠎ᠶᠢᠨ ᠴᠢᠬᠤᠯᠠ ᠠᠴᠢ ᠬᠣᠯᠪᠣᠭᠳᠠᠯ ᠨᠡᠩ ᠲᠣᠪᠣᠢᠮ᠎ᠠ ᠪᠣᠯᠵᠠᠢ ᠭᠡᠵᠤ ᠵᠢᠭᠠᠵᠤ ᠭᠠᠷᠭᠠᠪᠠ》᠃ ᠹᠦᠳᠠᠨ ᠶᠡᠬᠡ ᠰᠤᠷᠭᠠᠭᠤᠯᠢ᠎ᠶᠢᠨ ᠲᠦᠷᠦ᠎ᠶᠢᠨ ᠨᠠᠮ᠎ᠤᠨ ᠪᠠᠢᠭᠤᠯᠤᠯᠲᠠ ᠪᠣᠯᠣᠨ ᠤᠯᠤᠰ᠎ᠤᠨ ᠬᠥᠭᠵᠢᠯᠲᠡ᠎ᠶᠢᠨ ᠰᠤᠳᠤᠯᠭᠠᠨ᠎ᠤ ᠲᠥᠪ᠎ᠦᠨ ᠡᠷᠬᠢᠯᠡᠭᠴᠢ ᠵᠧᠩ ᠴᠠᠩ ᠵᠦᠩ᠂ ᠤᠷ᠎ᠠ ᠮᠡᠷᠭᠡᠵᠢᠯ᠎ᠤᠨ ᠴᠢᠳᠠᠪᠤᠷᠢᠲᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠣᠯᠣᠨ ᠠᠵᠤ ᠦᠢᠯᠡᠰ᠎ᠦᠨ ᠦᠢᠯᠡᠳᠦᠯᠭᠡ᠎ᠶᠢ ᠬᠤᠯᠪᠤᠵᠤ᠂ ᠵᠣᠬᠢᠶᠠᠮᠠᠯ ᠤᠶᠤᠨ ᠴᠢᠳᠠᠪᠤᠷᠢ᠂ ᠲᠣᠭᠠᠴᠢᠯᠠᠭᠰᠠᠨ ᠮᠡᠷᠭᠡᠵᠢᠯ᠂ ᠣᠶᠤᠨᠴᠢ ᠦᠢᠯᠡᠳᠬᠡᠯ᠎ᠢ ᠲᠦᠷᠭᠡᠨ ᠬᠥᠭᠵᠢᠭᠦᠯᠵᠦ᠂ ᠤᠷ᠎ᠠ ᠮᠡᠷᠭᠡᠵᠢᠯ᠎ᠤᠨ ᠬᠡᠷᠡᠭᠴᠡᠭᠡ ᠱᠠᠭᠠᠷᠳᠠᠯᠭ᠎ᠠ᠎ᠶᠢ ᠲᠠᠩ ᠭᠠᠭᠴᠠ ᠠᠵᠢᠯᠯᠠᠭ᠎ᠠ᠎ᠡᠴᠡ ᠲᠣᠭᠠᠴᠢᠯᠠᠭᠰᠠᠨ᠂ ᠣᠶᠤᠨᠴᠢᠯᠠᠭᠰᠠᠨ᠂ ᠬᠠᠮ ᠬᠡᠯᠪᠡᠷᠢ ᠲᠡᠢᠰᠢ ᠬᠤᠪᠢᠷᠠᠭᠤᠯᠬᠤ᠎ᠶᠢ ᠠᠬᠢᠭᠤᠯᠵᠤ᠂《ᠠᠵᠢᠯᠯᠠᠭᠤᠯᠵᠤ ᠴᠢᠳᠠᠬᠤ》ᠡᠴᠡ 《ᠮᠡᠷᠭᠡᠵᠢᠯ᠎ᠢ ᠣᠢᠯᠠᠭᠠᠬᠤ᠂ ᠰᠢᠨ᠎ᠡ᠎ᠶᠢ ᠡᠭᠦᠳᠬᠦ᠎ᠳᠡᠭᠡᠨ ᠴᠢᠳᠠᠮᠠᠭᠠᠢ᠂ ᠬᠠᠮᠵᠢᠯᠴᠠᠵᠤ ᠴᠢᠳᠠᠬᠤ》 ᠲᠡᠢᠰᠢ ᠥᠷᠭᠡᠳᠬᠡᠵᠦ ᠪᠠᠢᠨ᠎ᠠ ᠭᠡᠵᠦ ᠢᠯᠡᠳᠬᠡᠪᠡ᠃

ᠳᠡᠯᠡᠬᠡᠢ᠎ᠶᠢᠨ ᠤᠷ᠎ᠠ ᠮᠡᠷᠭᠡᠵᠢᠯ᠎ᠦᠨ ᠵᠣᠬᠢᠶᠠᠨ ᠪᠠᠢᠭᠤᠯᠤᠯᠲᠠ᠎ᠶᠢᠨ ᠲᠡᠷᠢᠭᠦᠯᠡᠭᠴᠢ ᠬᠠᠦᠢ᠍ᠷᠠᠨᠲ᠂ ᠤᠷ᠎ᠠ ᠮᠡᠷᠭᠡᠵᠢᠯ᠎ᠦᠨ ᠴᠢᠳᠠᠪᠤᠷᠢᠲᠠᠨ᠎ᠳᠤ ᠨᠡᠩ ᠤᠯᠠᠨ ᠪᠦᠲᠦᠭᠡᠯᠴᠢ ᠴᠢᠳᠠᠪᠤᠷᠢ᠂ ᠤᠶᠠᠨ ᠬᠠᠳᠠᠨ ᠴᠢᠨᠠᠷ ᠪᠠ ᠰᠥᠰᠥ ᠵᠣᠷᠢᠭ᠋ ᠪᠠᠢᠬᠤ ᠬᠡᠷᠡᠭᠲᠡᠢ᠃ ᠨᠡᠩ ᠤᠯᠠᠨ ᠬᠥᠮᠥᠨ᠎ᠢ ᠨᠡᠩ ᠡᠷᠡᠰ ᠪᠠᠲᠤ ᠬᠠᠷᠠᠯᠲᠠ᠎ᠲᠠᠢ ᠪᠣᠯᠭᠠᠵᠤ᠂ ᠨᠡᠩ ᠶᠡᠬᠡ ᠰᠥᠰᠥ ᠵᠣᠷᠢᠭ᠋᠎ᠢᠶᠠᠷ ᠡᠭᠦᠳᠦᠨ ᠪᠦᠲᠦᠭᠡᠵᠦ᠂ ᠨᠡᠩ ᠶᠡᠬᠡ ᠰᠥᠰᠥ ᠵᠣᠷᠢᠭ᠋᠎ᠢᠶᠠᠷ ᠰᠢᠨ᠎ᠡ᠎ᠶᠢ ᠡᠭᠦᠳᠬᠦ ᠪᠣᠯᠭᠠᠬᠤ ᠪᠣᠯ ᠳᠡᠯᠡᠬᠡᠢ᠎ᠶᠢᠨ ᠤᠷ᠎ᠠ ᠮᠡᠷᠭᠡᠵᠢᠯ᠎ᠤᠨ ᠬᠥᠳᠡᠯᠭᠡᠭᠡᠨ᠎ᠦ ᠲᠠᠰᠤᠷᠠᠯᠲᠠ ᠦᠭᠡᠢ ᠤᠷᠤᠭᠰᠢᠯᠠᠬᠤ᠎ᠶᠢᠨ ᠬᠥᠳᠡᠯᠭᠡᠬᠦ ᠬᠦᠴᠦᠨ ᠮᠥᠨ ᠭᠡᠵᠤ ᠦᠵᠡᠪᠡ᠃

ᠪᠥᠬᠥ ᠳᠡᠯᠡᠬᠡᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠰᠢᠨ᠎ᠡ ᠬᠠᠨᠳᠤᠰᠢ᠎ᠶᠢ ᠴᠢᠩᠭ᠎ᠠ ᠡᠵᠡᠮᠳᠡᠵᠦ᠂ ᠲᠣᠰ ᠬᠤᠭᠤᠴᠠᠭᠠᠨ᠎ᠤ ᠳᠡᠯᠡᠬᠡᠢ᠎ᠶᠢᠨ ᠤᠷ᠎ᠠ ᠮᠡᠷᠭᠡᠵᠢᠯ᠎ᠤᠨ ᠤᠷᠤᠯᠳᠤᠭᠠᠨ᠎ᠳᠤ ᠵᠢᠮᠳᠤ ᠲᠡᠷᠭᠡᠨ᠎ᠦ ᠮᠡᠷᠭᠡᠵᠢᠯ᠂ ᠵᠢᠯᠣᠭᠣᠴᠢ ᠦᠭᠡᠢ ᠨᠢᠰᠬᠡᠯ᠎ᠦᠨ ᠰᠢᠰᠲᠧᠮ᠂ ᠤᠶᠤᠨᠲᠦ ᠠᠮᠤᠷ ᠲᠦᠪᠰᠢᠨ᠎ᠦ ᠰᠡᠷᠭᠡᠢᠯᠡᠯᠲᠡ᠎ᠶᠢᠨ ᠮᠡᠷᠭᠡᠵᠢᠯ ᠵᠡᠷᠭᠡ 7 ᠤᠷᠤᠯᠳᠤᠭᠠᠨ᠎ᠤ ᠲᠦᠷᠦᠯ᠎ᠢ ᠰᠢᠨ᠎ᠡ᠎ᠪᠡᠷ ᠨᠡᠮᠡᠪᠡ᠃

《ᠲᠡᠷᠢᠭᠦᠯᠡᠭᠴᠢ ᠰᠢ᠎ᠶᠢᠨ ᠫᠢᠩ᠎ᠤᠨ ᠵᠢᠭᠠᠵᠤ ᠭᠠᠷᠭᠠᠭᠰᠠᠨᠴᠢᠯᠠᠨ᠂ ᠳᠡᠯᠡᠬᠡᠢ᠎ᠶᠢᠨ ᠤᠷ᠎ᠠ ᠮᠡᠷᠭᠡᠵᠢᠯ᠎ᠦᠨ ᠤᠷᠤᠯᠳᠤᠭᠠᠨ ᠨᠢ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ ᠵᠣᠯᠭᠠᠯᠴᠠᠵᠤ᠂ ᠡᠯ᠎ᠡ ᠤᠯᠤᠰ᠎ᠤᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠤᠷ᠎ᠠ ᠮᠡᠷᠭᠡᠵᠢᠯ᠎ᠳᠡᠭᠡᠨ ᠴᠠᠭᠠᠷᠠᠬᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ᠎ᠳᠤ ᠠᠰᠢᠭ᠍ᠲᠠᠢ ᠲᠠᠪᠴᠠᠩ᠎ᠢ ᠪᠠᠢᠭᠤᠯᠵᠤ ᠥᠭᠴᠡᠢ》᠃ ᠲᠤᠰ ᠬᠤᠭᠤᠴᠠᠭᠠᠨ᠎ᠤ ᠳᠡᠯᠡᠬᠡᠢ᠎ᠶᠢᠨ ᠤᠷ᠎ᠠ ᠮᠡᠷᠭᠡᠵᠢᠯ᠎ᠤᠨ ᠤᠷᠤᠯᠳᠤᠭᠠᠨ᠎ᠳᠤ ᠰᠢᠨ᠎ᠡ᠎ᠪᠡᠷ ᠨᠡᠮᠡᠭᠳᠡᠭᠰᠡᠨ ᠵᠢᠯᠣᠭᠣᠴᠢ ᠦᠭᠡᠢ ᠨᠢᠰᠬᠡᠯ᠎ᠦᠨ ᠰᠢᠰᠲᠧᠮ᠎ᠦᠨ ᠤᠷᠤᠯᠳᠤᠭᠠᠨ᠎ᠤ ᠲᠦᠷᠦᠯ᠎ᠦᠨ ᠤᠷᠤᠯᠴᠠᠭᠴᠢ᠂ ᠬᠠᠩᠵᠧᠦ᠎ᠶᠢᠨ ᠲᠸᠭᠨᠢᠭ᠎ᠤᠨ ᠮᠡᠷᠭᠡᠵᠢᠯᠳᠡᠨ᠎ᠤ ᠳᠡᠭᠡᠳᠦ ᠰᠤᠷᠭᠠᠭᠤᠯᠢ᠎ᠶᠢᠨ ᠠᠵᠢᠯᠲᠠᠨ ᠽᠧᠩ ᠴᠧᠨ᠂ 《ᠪᠢᠳᠡ ᠡᠯ᠎ᠡ ᠤᠯᠤᠰ ᠡᠯ᠎ᠡ ᠭᠠᠵᠠᠷ ᠣᠷᠣᠨ᠎ᠡᠴᠡ ᠢᠷᠡᠭᠰᠡᠨ ᠤᠢᠷ᠎ᠠ ᠣᠭᠲᠠᠷᠭᠤᠢ᠎ᠶᠢᠨ ᠠᠵᠤ ᠠᠬᠤᠢ᠎ᠶᠢᠨ ᠬᠦᠷᠢᠶᠡᠨ᠎ᠦ ᠴᠢᠳᠠᠪᠤᠷᠢᠲᠠᠨ᠎ᠲᠠᠢ ᠰᠠᠨᠠᠯ᠎ᠢᠶᠠᠨ ᠭᠦᠨᠵᠡᠭᠡᠢ ᠰᠣᠯᠢᠯᠴᠠᠵᠤ᠂ ᠵᠢᠯᠣᠭᠣᠴᠢ ᠦᠭᠡᠢ ᠨᠢᠰᠬᠡᠯ᠎ᠦᠨ ᠨᠢᠰᠦᠯᠲᠡ᠎ᠶᠢᠨ ᠡᠵᠡᠮᠳᠡᠯ᠎ᠢ ᠲᠤᠷᠰᠢᠨ ᠲᠣᠬᠢᠷᠠᠭᠤᠯᠬᠤ᠂ ᠤᠭᠰᠠᠷᠠᠨ ᠲᠣᠨᠣᠭᠯᠠᠵᠤ ᠪᠠᠢᠴᠠᠭᠠᠨ ᠰᠢᠯᠭᠠᠬᠤ᠂ ᠭᠡᠮ ᠠᠯᠳᠠᠭ᠎ᠠ ᠵᠢ ᠵᠢᠭ᠍ᠰᠠᠭᠠᠨ ᠪᠠᠢᠴᠠᠭᠠᠬᠤ ᠵᠡᠷᠭᠡ ᠤᠷ᠎ᠠ ᠮᠡᠷᠭᠡᠵᠢᠯ᠎ᠢ ᠬᠠᠷᠢᠯᠴᠠᠨ ᠰᠣᠯᠢᠯᠴᠠᠵᠤ᠂ ᠲᠡᠷᠢᠭᠦᠨ᠎ᠦ ᠲᠤᠷᠰᠢᠯᠭ᠎ᠠ᠎ᠶᠢ ᠰᠤᠷᠤᠯᠴᠠᠨ᠂ ᠤᠷ᠎ᠠ ᠮᠡᠷᠭᠡᠵᠢᠯ᠎ᠦᠨ ᠲᠦᠪᠰᠢᠨ᠎ᠢᠶᠡᠨ ᠳᠡᠭᠡᠭᠰᠢᠯᠡᠭᠦᠯᠬᠦ᠎ᠶᠢᠨ ᠬᠠᠮᠲᠤ ᠤᠷᠤᠯᠳᠤᠭᠠᠨ᠎ᠳᠤ ᠣᠷᠣᠯᠴᠠᠭᠰᠠᠨ ᠣᠯᠣᠯᠲᠠ᠎ᠪᠠᠨ ᠬᠢᠴᠢᠶᠡᠯ᠎ᠦᠨ ᠲᠠᠩᠬᠢᠮ᠎ᠳᠤ ᠤᠷᠤᠭᠤᠯᠵᠤ᠂ ᠨᠠᠩ ᠣᠯᠠᠨ ᠵᠠᠯᠠᠭᠤᠴᠤᠳ᠎ᠲᠤ ᠠᠵᠢᠯ ᠲᠥᠷᠥᠯ᠎ᠦᠨ ᠡᠮᠦᠨ᠎ᠡ ᠹᠷᠤᠨᠲ᠎ᠢ ᠣᠢᠯᠠᠭᠠᠭᠤᠯᠤᠨ᠂ ᠬᠡᠷᠡᠭᠯᠡᠭᠡᠨ᠎ᠦ ᠤᠷ᠎ᠠ ᠮᠡᠷᠭᠡᠵᠢᠯ᠎ᠢ ᠡᠵᠡᠮᠰᠢᠭᠦᠯᠵᠦ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠲᠦᠷᠭᠡᠳᠬᠡᠬᠦ᠎ᠳᠦ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

ᠨᠢᠭᠡ ᠵᠦᠢᠯ᠎ᠦᠨ ᠤᠷ᠎ᠠ ᠮᠡᠷᠭᠡᠵᠢᠯ᠎ᠳᠦ ᠴᠠᠭᠠᠷᠠᠵᠤ ᠴᠢᠳᠠᠪᠠᠯ᠂ ᠰᠠᠢᠨ ᠰᠠᠢᠬᠠᠨ ᠢᠷᠡᠭᠡᠳᠦᠢ᠎ᠶᠢ ᠴᠣᠭᠴᠠᠯᠠᠵᠤ ᠪᠤᠯᠤᠨ᠎ᠠ᠃

ᠲᠡᠷᠢᠭᠦᠯᠡᠭᠴᠢ ᠰᠢ᠎ᠶᠢᠨ ᠫᠢᠩ᠎ᠤᠨ ᠪᠠᠶᠠᠷ᠎ᠤᠨ ᠵᠠᠬᠢᠳᠠᠯ᠎ᠢ ᠰᠣᠨᠣᠰᠤᠭᠠᠳ᠂ ᠰᠢᠨ ᠸᠠᠩ ᠳᠠ ᠡᠯᠧᠺᠲᠷᠣᠨ᠎ᠤ ᠬᠤᠪᠢᠴᠠᠭᠠᠲᠦ ᠬᠢᠵᠠᠭᠠᠷᠲᠤ ᠺᠣᠮᠫᠠᠨᠢ᠎ᠶᠢᠨ ᠪᠣᠯᠪᠠᠰᠤᠷᠠᠯ᠎ᠤᠨ ᠲᠥᠪ᠎ᠦᠨ ᠶᠡᠷᠦᠩᠬᠡᠢ ᠬᠢᠨᠠᠭ᠍ᠴᠢ ᠯᠢᠦ ᠶᠠᠨ ᠢᠦᠢ ᠮᠠᠰᠢᠳᠠ ᠵᠣᠷᠢᠭ᠍ᠵᠢᠪᠠ᠃ ᠲᠡᠷᠡ᠂ ᠰᠢᠨ᠎ᠡ ᠡᠨᠧᠷᠭᠢ᠎ᠶᠢᠨ ᠳ᠋ᠢᠶᠠᠨ ᡂᠢ᠎ᠶᠢᠨ ᠠᠵᠢᠯ ᠲᠥᠷᠥᠯ᠎ᠦᠨ ᠮᠡᠷᠭᠡᠵᠢᠯ᠎ᠦᠨ ᠳᠠᠪᠰᠢᠯᠳᠠ ᠲᠦᠷᠭᠡᠨ ᠪᠠᠢᠵᠤ᠂ ᠨᠢᠭᠡᠳᠦᠭᠡᠷ ᠹᠷᠣᠨᠲ᠎ᠤᠨ ᠤᠷ᠎ᠠ ᠮᠡᠷᠭᠡᠵᠢᠯ᠎ᠤᠨ ᠠᠵᠢᠯ᠎ᠤᠨ ᠪᠠᠢᠷᠢ ᠨᠢ ᠲᠠᠩ ᠭᠠᠭᠴᠠ ᠦᠢᠯᠡᠳᠪᠦᠷᠢᠯᠡᠵᠤ ᠠᠵᠢᠯᠯᠠᠭᠤᠯᠬᠤ᠎ᠡᠴᠡ ᠲᠣᠨᠣᠭ ᠲᠥᠬᠦᠭᠡᠷᠦᠮᠵᠢ᠎ᠶᠢ ᠲᠤᠷᠰᠢᠨ ᠲᠣᠬᠢᠷᠠᠭᠤᠯᠬᠤ᠂ ᠤᠷᠠᠯᠠᠯ᠎ᠢ ᠰᠢᠯᠢᠳᠡᠭᠵᠢᠭᠦᠯᠬᠦ᠂ ᠶᠠᠰᠤ ᠴᠢᠨᠠᠷ᠎ᠢ ᠡᠵᠡᠮᠳᠡᠬᠦ ᠵᠡᠷᠭᠡ ᠬᠠᠮ ᠴᠢᠳᠠᠪᠤᠷᠢ ᠳᠠᠢᠰᠢ ᠥᠷᠭᠡᠵᠢᠪᠡ᠃ ᠲᠡᠷᠢᠭᠦᠯᠡᠭᠴᠢ ᠰᠢ᠎ᠶᠢᠨ ᠫᠢᠩ᠂ ᠲᠣᠰ ᠬᠤᠭᠤᠴᠠᠭᠠᠨ᠎ᠤ ᠤᠷᠤᠯᠳᠤᠭᠠᠨ᠎ᠢ ᠡᠷᠭᠢᠯᠡᠬᠦ᠎ᠪᠡᠷ ᠠᠵᠠ ᠲᠣᠬᠢᠶᠠᠯ ᠪᠣᠯᠭᠠᠵᠤ᠂ ᠨᠠᠩ ᠣᠯᠠᠨ ᠬᠥᠳᠡᠯᠮᠦᠷᠢᠴᠢᠨ ᠢᠯᠠᠩᠭᠤᠶ᠎ᠠ ᠵᠠᠯᠠᠭᠤᠴᠤᠳ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ ᠪᠣᠯᠬᠤ ᠵᠠᠮ᠎ᠢᠶᠠᠷ ᠵᠠᠮᠨᠠᠬᠤ᠎ᠶᠢ ᠵᠣᠷᠢᠭ᠍ᠵᠢᠭᠤᠯᠤᠨ ᠬᠥᠲᠥᠯᠥᠨ ᠵᠢᠯᠣᠭᠣᠳᠤᠨ᠎ᠠ ᠭᠡᠵᠦ ᠴᠢᠬᠤᠯᠠᠴᠢᠯᠠᠪᠠ᠃ ᠪᠢᠳᠡ ᠨᠡᠩ ᠤᠯᠠᠨ ᠥᠨᠳᠥᠷ ᠬᠡᠪ ᠪᠣᠯᠪᠠᠰᠤᠷᠠᠯ᠎ᠲᠠᠢ ᠬᠠᠮ ᠬᠡᠯᠪᠡᠷᠢ᠎ᠶᠢᠨ ᠮᠡᠷᠭᠡᠵᠢᠯ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ ᠣᠷᠣᠯᠴᠠᠵᠤ᠂ ᠠᠵᠤ ᠠᠬᠤᠢᠯᠠᠯ ᠴᠤ᠌ ᠮᠡᠷᠭᠡᠵᠢᠯ᠎ᠦᠨ ᠠᠵᠢᠯᠴᠢᠨ᠎ᠤ ᠶᠡᠬᠡ ᠳᠡᠭᠡᠳᠦ ᠰᠤᠷᠭᠠᠭᠤᠯᠢ ᠯᠤᠭ᠎ᠠ᠎ᠶᠢᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠮᠤᠭ᠎ᠤᠨ ᠰᠢᠨ᠎ᠡ ᠦᠢᠯᠡᠳᠪᠦᠷᠢᠯᠡᠯ᠎ᠦᠨ ᠤᠷ᠎ᠠ ᠮᠡᠷᠭᠡᠰᠢᠯ᠎ᠢ ᠬᠢᠴᠢᠶᠡᠯ ᠲᠡᠢ ᠪᠡᠨ ᠠᠭᠤᠰᠤᠯᠴᠠᠭᠤᠯᠵᠤ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ᠎ᠳᠦ ᠨᠡᠩ ᠰᠠᠢᠨ ᠢᠵᠢ ᠪᠦᠷᠢᠳᠦᠭᠰᠡᠨ ᠠᠵᠤ ᠦᠢᠯᠡᠰ᠎ᠦᠨ ᠲᠡᠰ ᠳᠡᠪᠰᠢᠬᠦ ᠬᠡᠷᠡᠭᠴᠡᠭᠡ᠎ᠶᠢ ᠠᠬᠢᠭᠤᠯᠬᠤ ᠵᠢ ᠬᠦᠰᠡᠵᠦ ᠪᠠᠢᠨ᠎ᠠ ᠭᠡᠪᠡ᠃

ᠳᠡᠯᠡᠬᠡᠢ᠎ᠶᠢᠨ ᠤᠷ᠎ᠠ ᠮᠡᠷᠭᠡᠵᠢᠯ᠎ᠦᠨ ᠵᠣᠬᠢᠶᠠᠨ ᠪᠠᠢᠭᠤᠯᠤᠯᠲᠠ᠎ᠶᠢᠨ ᠮᠠᠩᠯᠠᠢᠴᠤᠳ᠎ᠤᠨ ᠬᠣᠯᠪᠤᠭ᠎ᠠ ᠠᠪᠬᠤ ᠳᠤᠭᠤᠢᠯᠠᠩ᠎ᠤᠨ ᠲᠥᠯᠥᠭᠡᠯᠡᠭᠴᠢ ᠸᠠᠯᠢᠶᠧᠨᠠ᠄《ᠳᠡᠯᠡᠬᠡᠢ᠎ᠶᠢᠨ ᠤᠷ᠎ᠠ ᠮᠡᠷᠭᠡᠵᠢᠯ᠎ᠦᠨ ᠤᠷᠤᠯᠳᠤᠭᠠᠨ ᠨᠢ ᠤᠷ᠎ᠠ ᠮᠡᠷᠭᠡᠵᠢᠯ ᠵᠢᠨᠨ ᠰᠢᠯᠭᠠᠬᠤ ᠲᠠᠪᠴᠠᠩ ᠪᠤᠯᠬᠤ᠎ᠪᠠᠷ ᠪᠠᠷᠠᠬᠤ ᠦᠭᠡᠢ ᠨᠡᠩ ᠴᠤ᠌ ᠵᠠᠯᠠᠭᠤᠴᠤᠳ᠎ᠤᠨ ᠥᠪᠡᠷ᠎ᠦᠨ ᠤᠷ᠎ᠠ ᠮᠡᠷᠭᠡᠵᠢᠯ᠎ᠦᠨ ᠵᠠᠮ᠎ᠢᠶᠠᠨ ᠡᠷᠢᠵᠦ ᠣᠯᠬᠤ ᠴᠢᠬᠤᠯᠠ ᠲᠠᠪᠴᠠᠩ ᠪᠣᠯᠣᠨ᠎ᠠ᠃ ᠲᠠᠮᠢᠷᠴᠢᠳ᠎ᠤᠨ ᠪᠡᠯᠡᠳᠬᠡᠯ᠂ ᠦᠷᠢᠰᠦᠯᠳᠦᠬᠡᠨ ᠪᠠ ᠳᠠᠷᠤᠯᠲᠠ᠎ᠶᠢᠨ ᠡᠮᠦᠨ᠎ᠡ ᠳᠠᠪᠲᠠᠭᠳᠠᠨ ᠪᠣᠯᠪᠠᠰᠤᠷᠠᠭᠰᠠᠨ ᠢᠲᠡᠭᠡᠯ ᠵᠣᠷᠢᠭ᠋ ᠨᠢ ᠲᠡᠳᠡᠨ᠎ᠢ ᠳᠠᠭᠠᠵᠤ ᠠᠮᠢᠳᠤᠷᠠᠯ᠎ᠤᠨ ᠰᠢᠨ᠎ᠡ ᠣᠷᠭᠢᠯ᠎ᠳᠤ ᠠᠪᠠᠷᠢᠬᠤ ᠪᠣᠯᠣᠨ᠎ᠠ᠃ ᠲᠡᠳᠡ ᠤᠷ᠎ᠠ ᠮᠡᠷᠭᠡᠵᠢᠯ ᠢ᠋ᠶ᠋ᠡᠨ ᠳᠠᠪᠲᠠᠨ ᠪᠤᠯᠪᠠᠰᠤᠷᠠᠭᠤᠯᠵᠤ᠂ ᠨᠥᠬᠥᠷᠯᠡᠯ ᠢ᠋ᠶ᠋ᠡᠨ ᠰᠣᠯᠢᠯᠴᠠᠨ᠂ ᠳᠡᠯᠡᠬᠡᠢ ᠶ᠋ᠢᠨ ᠤᠷ᠎ᠠ ᠮᠡᠷᠭᠡᠵᠢᠯ᠎ᠦᠨ ᠬᠥᠳᠡᠯᠭᠡᠭᠡᠨ᠎ᠦ ᠵᠣᠷᠢᠭ᠋ ᠰᠠᠨᠠᠭ᠎ᠠ ᠶ᠋ᠢ ᠨᠡᠩ ᠦᠷᠬᠡᠨ ᠳᠡᠯᠭᠡᠷ ᠤᠯᠠᠮᠵᠢᠯᠠᠬᠤ ᠪᠣᠯᠣᠨ᠎ᠠ》 ᠭᠡᠪᠡ᠃

ᠰᠢᠨᠵᠢᠶᠠᠩ᠎ᠤᠨ ᠺᠠᠱᠭᠠᠷ᠎ᠲᠤ᠂ ᠱᠠ ᠴᠧ ᠲᠸᠭᠨᠢᠭ᠎ᠤᠨ ᠮᠡᠷᠭᠡᠵᠢᠯᠲᠡᠨ᠎ᠤ ᠳᠡᠭᠡᠳᠦ ᠰᠤᠷᠭᠠᠭᠤᠯᠢ᠎ᠶᠢᠨ ᠠᠯᠮᠠᠰ ᠪᠤᠯᠪᠠᠰᠤᠷᠠᠭᠤᠯᠬᠤ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠎ᠳᠤ᠂ ᠱᠦᠷᠭᠦᠭᠦᠯ ᠬᠦᠷᠳᠦ ᠨᠢᠰᠬᠦ ᠮᠡᠳᠦ ᠡᠷᠬᠢᠯᠳᠦᠵᠦ᠂ ᠮᠠᠰᠢᠨ᠎ᠤ ᠳᠠᠭᠤᠨ ᠲᠦᠩᠬᠢᠨᠡᠨ᠎ᠡ᠃ ᠰᠤᠷᠤᠬ᠍ᠴᠢᠳ ᠰᠡᠳᠬᠢᠯ ᠰᠠᠨᠠᠭ᠎ᠠ᠎ᠪᠠᠨ ᠲᠥᠪᠯᠡᠷᠡᠭᠦᠯᠦᠨ ᠳᠠᠭᠢᠨ ᠳᠠᠪᠲᠠᠨ ᠬᠠᠷᠠᠭᠠᠰᠤ ᠪᠠᠨ ᠰᠢᠨᠵᠢᠯᠡᠵᠦ᠂ ᠲᠦᠭᠦᠬᠡᠢ ᠴᠢᠯᠠᠭᠤ᠎ᠶᠢ ᠬᠡᠷᠴᠢᠬᠦ᠂ ᠱᠦᠷᠭᠦᠭᠡᠬᠦ᠂ ᠭᠢᠯᠠᠢᠯᠭᠠᠬᠤ ᠵᠡᠷᠭᠡ ᠠᠵᠢᠯ᠎ᠢ ᠬᠢᠳᠡᠭ᠃

《ᠪᠢ ᠰᠡᠳᠬᠢᠯ ᠰᠢᠭᠤᠳᠤᠨ ᠰᠢᠷᠭᠠᠭᠤ ᠬᠠᠲᠠᠭᠤᠵᠢᠯᠲᠠᠢ ᠪᠣᠯᠪᠠᠰᠤᠷᠠᠵᠤ᠂ ᠠᠯᠮᠠᠰ ᠴᠢᠯᠠᠭᠤᠨ᠎ᠤ ᠲᠤᠰᠬᠠᠢ ᠮᠡᠷᠭᠡᠵᠢᠯ᠎ᠢ ᠡᠵᠡᠮᠰᠢᠵᠦ᠂ ᠤᠷ᠎ᠠ ᠮᠡᠷᠭᠡᠵᠢᠯ᠎ᠢᠶᠡᠷ᠎ᠢᠶᠡᠨ ᠨᠤᠲᠤᠭ ᠤᠰᠤ᠎ᠪᠠᠨ ᠪᠦᠲᠦᠭᠡᠨ ᠪᠠᠢᠭᠤᠯᠵᠤ᠂ ᠬᠣᠶᠠᠷ ᠭᠠᠷ᠎ᠢᠶᠠᠷ᠎ᠢᠶᠠᠨ ᠰᠠᠢᠨ ᠰᠠᠢᠬᠠᠨ ᠠᠮᠢᠳᠤᠷᠠᠯ᠎ᠢᠶᠠᠨ ᠴᠣᠭᠴᠠᠯᠠᠨ᠎ᠠ》 ᠭᠡᠵᠦ ᠱᠠ ᠴᠧ ᠮᠠᠰᠲᠧᠷ᠎ᠦᠨ ᠳᠡᠭᠡᠳᠦ ᠰᠤᠷᠭᠠᠭᠤᠯᠢ᠎ᠶᠢᠨ ᠰᠤᠷᠤᠬ᠍ᠴᠢ ᠨᠦᠷᠠᠮᠢᠨᠠᠢᠮᠦ᠋·ᠳᠦᠷᠰᠦᠨ ᠬᠡᠯᠡᠯ᠎ᠡ᠃

ᠰᠧᠴᠦᠸᠠᠨ᠎ᠤ ᠢ ᠪᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠬᠥᠳᠡᠯᠭᠡᠬᠦ ᠬᠦᠴᠦᠨ᠎ᠦ ᠳ᠋ᠢᠶᠠᠨ ᡂᠢ᠎ᠶᠢᠨ ᠳᠠᠳᠤᠯᠭ᠎ᠠ ᠪᠣᠯᠪᠠᠰᠤᠷᠠᠯ᠎ᠤᠨ ᠲᠠᠰᠤᠭ᠎ᠲᠤ᠂ ᠰᠤᠷᠤᠬ᠍ᠴᠢᠳ ᠬᠥᠳᠡᠯᠭᠡᠬᠦ ᠬᠦᠴᠦᠨ᠎ᠦ ᠳ᠋ᠢᠶᠠᠨ ᡂᠢ᠎ᠶᠢᠨ ᠳᠠᠳᠤᠯᠭ᠎ᠠ ᠪᠣᠯᠪᠠᠰᠤᠷᠠᠯ᠎ᠤᠨ ᠲᠠᠪᠴᠠᠩ᠎ᠤᠨ ᠡᠮᠦᠨ᠎ᠡ ᠲᠣᠭᠣᠷᠢᠨ ᠰᠠᠭᠤᠵᠤ᠂ ᠴᠠᠭᠢᠯᠭᠠᠨ ᠴᠠᠬᠢᠮ ᠎ᠤᠨ ᠤᠭᠰᠠᠷᠠᠯᠲᠠ᠂ ᠰᠢᠩᠭᠡᠨ ᠶᠡᠭᠦᠯᠡᠭᠦᠷ᠂ ᠴᠠᠭᠢᠯᠭᠠᠨ ᠬᠢᠮᠢ᠎ᠶᠢᠨ ᠴᠢᠳᠠᠪᠬᠢ᠎ᠶᠢᠨ ᠰᠢᠯᠭᠠᠨ ᠪᠠᠢᠴᠠᠭᠠᠯᠲᠠ ᠵᠡᠷᠭᠡ ᠳᠠᠳᠤᠯᠭ᠎ᠠ ᠪᠣᠯᠪᠠᠰᠤᠷᠠᠯ᠎ᠢ ᠠᠩᠬᠠᠷᠤᠯ᠎ᠢᠶᠠᠨ ᠲᠥᠪᠯᠡᠷᠡᠭᠦᠯᠦᠨ ᠬᠢᠵᠦ ᠪᠠᠢᠯ᠎ᠠ᠃

ᠢ ᠪᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶᠢᠨ ᠰᠤᠷᠤᠬ᠍ᠴᠢ ᠯᠢᠦ ᠵᠢᠶᠠ᠂ ᠲᠤᠰᠬᠠᠢ ᠮᠡᠷᠭᠡᠵᠢᠯ ᠎ᠦᠨ ᠤᠷ᠎ᠠ ᠮᠡᠷᠭᠡᠵᠢᠯ᠎ᠢ ᠯᠠᠪᠳᠠᠭᠤᠨ ᠪᠠᠲᠤᠲᠠᠢ ᠪᠤᠯᠪᠠᠰᠤᠷᠠᠭᠤᠯᠵᠤ᠂ ᠬᠥᠳᠡᠯᠭᠡᠬᠦ ᠬᠦᠴᠦᠨ᠎ᠦ ᠳ᠋ᠢᠶᠠᠨ ᡂᠢ᠎ᠶᠢᠨ ᠬᠤᠯᠪᠤᠭᠳᠠᠯ ᠪᠦᠬᠦᠢ ᠮᠡᠷᠭᠡᠵᠢᠯ᠎ᠢ ᠨᠡᠪᠲᠡᠷᠬᠡᠢ ᠡᠵᠡᠮᠰᠢᠵᠦ᠂ ᠰᠢᠨ᠎ᠡ ᠡᠨᠧᠷᠭᠢ᠎ᠶᠢᠨ ᠠᠵᠢᠯ ᠲᠦᠷᠦᠯ᠎ᠳᠦ ᠣᠷᠤᠯᠴᠠᠬᠤ᠎ᠳᠤ ᠰᠠᠭᠤᠷᠢ᠎ᠶᠢ ᠰᠠᠢᠲᠤᠷ ᠲᠠᠯᠪᠢᠵᠤ᠂ ᠥᠪᠡᠷ᠎ᠦᠨ ᠠᠵᠢᠯ ᠮᠡᠷᠭᠡᠵᠢᠯ᠎ᠦᠨ ᠵᠠᠮ᠎ᠢᠶᠠᠨ ᠴᠢᠷᠮᠠᠢᠨ ᠨᠡᠭᠡᠭᠡᠨ᠎ᠡ ᠭᠡᠪᠡ᠃

ᠭᠤᠸᠠᠩᠳᠦ᠋ᠩ ᠮᠤᠵᠢ᠎ᠶᠢᠨ ᠮᠠᠰᠢᠨ ᠮᠧᠬᠠᠨᠢᠭ᠋ ᠲᠸᠭᠨᠢᠭ᠎ᠤᠨ ᠮᠡᠷᠭᠡᠵᠢᠯᠲᠡᠨ᠎ᠤ ᠳᠡᠭᠡᠳᠦ ᠰᠤᠷᠭᠠᠭᠤᠯᠢ᠎ᠶᠢᠨ ᠪᠠᠭ᠍ᠰᠢ ᠶᠠᠩ ᠳ᠋ᠧᠩ ᠬᠤᠢ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠨᠢᠭᠡᠳᠦᠭᠡᠷ ᠹᠷᠣᠨᠲ᠎ᠢ ᠪᠠᠲᠤ ᠰᠠᠬᠢᠵᠤ᠂ ᠨᠡᠩ ᠤᠯᠠᠨ ᠵᠠᠯᠠᠭᠤ ᠤᠷ᠎ᠠ ᠮᠡᠷᠭᠡᠵᠢᠯ᠎ᠤᠨ ᠬᠥᠮᠥᠰ᠎ᠢ ᠳᠠᠭᠠᠭᠤᠯᠤᠨ ᠨᠠᠷᠢᠯᠢᠭ᠋ ᠡᠳ᠋ᠰᠢᠭᠦᠯᠬᠦ ᠵᠡᠷᠭᠡ ᠦᠨᠳᠦᠰᠦᠨ ᠴᠢᠳᠠᠪᠤᠷᠢ᠎ᠶᠢ ᠯᠠᠪᠳᠠᠭᠤᠨ ᠪᠠᠲᠤᠲᠠᠢ ᠪᠤᠯᠪᠠᠰᠤᠷᠠᠭᠤᠯᠵᠤ᠂ ᠰᠢᠨ᠎ᠡ ᠮᠡᠷᠭᠡᠵᠢᠯ᠎ᠦᠨ ᠬᠥᠭᠵᠢᠯᠲᠡ᠎ᠶᠢᠨ ᠬᠠᠨᠳᠤᠰᠢ᠎ᠶᠢ ᠰᠠᠨᠠᠭᠠᠴᠢᠯᠠᠭ᠎ᠠ᠎ᠡᠴᠡ᠎ᠪᠠᠨ ᠬᠦᠷᠢᠶᠡᠯᠡᠵᠦ᠂ AI (ᠵᠣᠬᠢᠶᠠᠮᠠᠯ ᠤᠶᠤᠨ ᠴᠢᠳᠠᠪᠤᠷᠢ) ᠎ᠶᠢ ᠮᠡᠳᠡᠬᠦ᠂ ᠤᠷ᠎ᠠ ᠮᠡᠷᠭᠡᠵᠢᠯ᠎ᠳᠦ ᠴᠠᠭᠠᠷᠠᠭᠰᠠᠨ᠂ ᠰᠢᠨ᠎ᠡ᠎ᠶᠢ ᠡᠭᠦᠳᠬᠦ᠎ᠳᠡᠭᠡᠨ ᠴᠢᠳᠠᠮᠠᠭᠠᠢ ᠬᠠᠮ ᠭᠡᠯᠪᠡᠷᠢ᠎ᠶᠢᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠨᠡᠩ ᠤᠯᠠᠨ ᠬᠥᠮᠥᠵᠢᠭᠦᠯᠵᠦ᠂ ᠤᠷ᠎ᠠ ᠮᠡᠷᠭᠡᠵᠢᠯ ᠎ᠤᠨ ᠬᠦᠴᠦᠷᠬᠡᠭ ᠤᠯᠤᠰ᠎ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠪᠡ᠃

ᠲᠤᠰ ᠬᠤᠭᠤᠴᠠᠭᠠᠨ᠎ᠤ ᠳᠡᠯᠡᠬᠡᠢ᠎ᠶᠢᠨ ᠤᠷ᠎ᠠ ᠮᠡᠷᠭᠡᠵᠢᠯ᠎ᠦᠨ ᠤᠷᠤᠯᠳᠤᠭᠠᠨ᠎ᠤ ᠮᠠᠰᠢᠨ ᠲᠡᠷᠭᠡᠨ᠎ᠦ ᠰᠡᠯᠪᠢᠨ ᠵᠠᠰᠠᠬᠤ ᠲᠦᠷᠦᠯ ᠵᠦᠢᠯ᠎ᠦᠨ ᠳᠤᠮᠳᠠᠳᠤ ᠤᠯᠤᠰ᠎ᠤᠨ ᠮᠡᠷᠭᠡᠵᠢᠯ᠎ᠦᠨ ᠵᠢᠯᠣᠭᠣᠳᠤᠯᠭ᠎ᠠ᠎ᠶᠢᠨ ᠲᠤᠰᠬᠠᠢ ᠮᠡᠷᠭᠡᠵᠢᠯᠲᠡᠨ ᠶᠠᠩ ᠱᠠᠨ ᠸᠧᠢ᠂ ᠮᠠᠰᠢᠨ ᠲᠡᠷᠭᠡᠨ᠎ᠦ ᠠᠵᠤ ᠦᠢᠯᠡᠰ ᠶᠠᠬ ᠮᠠᠰᠢ ᠲᠦᠷᠬᠡᠨ ᠪᠣᠬᠢᠷᠳᠤᠯ ᠦᠭᠡᠢ᠂ ᠣᠶᠤᠨᠴᠢᠯᠠᠬᠰᠠᠨ ᠲᠡᠢᠰᠢ ᠭᠡᠯᠪᠡᠷᠢ᠎ᠪᠡᠨ ᠬᠤᠪᠢᠷᠠᠭᠤᠯᠵᠤ᠂ ᠮᠠᠰᠢᠨ ᠲᠡᠷᠭᠡᠨ᠎ᠦ ᠰᠡᠯᠪᠢᠨ ᠵᠠᠰᠠᠬᠤ ᠮᠡᠷᠭᠡᠵᠢᠯ ᠪᠣᠯᠣᠨ ᠤᠷ᠎ᠠ ᠮᠡᠷᠭᠡᠵᠢᠯ᠎ᠦᠨ ᠬᠤᠪᠢᠷᠠᠯᠲᠠ ᠨᠢ ᠤᠷ᠎ᠠ ᠮᠡᠷᠭᠡᠵᠢᠯ᠎ᠦᠨ ᠴᠢᠳᠠᠪᠤᠷᠢᠲᠠᠨ᠎ᠳᠤ ᠨᠡᠩ ᠥᠨᠳᠥᠷ ᠱᠠᠭᠠᠷᠳᠠᠯᠭ᠎ᠠ ᠲᠠᠯᠪᠢᠬᠤ ᠪᠤᠯᠵᠠᠢ᠃《ᠪᠢ ᠳᠡᠯᠡᠬᠡᠢ᠎ᠶᠢᠨ ᠤᠷ᠎ᠠ ᠮᠡᠷᠭᠡᠵᠢᠯ᠎ᠦᠨ ᠤᠷᠤᠯᠳᠤᠭᠠᠨ ᠤ᠋ ᠮᠡᠷᠭᠡᠵᠢᠯ᠎ᠤᠨ ᠪᠠᠷᠢᠮᠵᠢᠶ᠎ᠠ᠂ ᠪᠣᠯᠪᠠᠰᠤᠷᠠᠯ᠎ᠤᠨ ᠠᠷᠭ᠎ᠠ᠎ᠶᠢ ᠠᠵᠤ ᠠᠬᠤᠢᠯᠠᠯ᠎ᠤᠨ ᠦᠢᠯᠡᠳᠪᠦᠷᠢᠯᠡᠯ᠎ᠦᠨ ᠨᠢᠭᠡᠳᠦᠭᠡᠷ ᠹᠷᠣᠨᠲ᠎ᠲᠤ ᠠᠪᠠᠴᠢᠵᠤ᠂ ᠬᠠᠭᠤᠴᠢᠨ ᠤᠷ᠎ᠠ ᠮᠡᠷᠭᠡᠵᠢᠯ᠎ᠢ ᠳᠠᠰᠤᠷᠠᠯᠳᠠ ᠦᠭᠡᠢ ᠰᠢᠯᠢᠳᠡᠭᠵᠢᠭᠦᠯᠵᠦ᠂ ᠰᠢᠨ᠎ᠡ ᠠᠰᠠᠭᠤᠳᠠᠯ᠎ᠢ ᠰᠢᠢᠳᠪᠦᠷᠢᠯᠡᠵᠦ᠂ ᠨᠢᠭ᠍ᠲᠠ᠎ᠡᠴᠡ ᠨᠢᠭ᠍ᠲᠠ ᠪᠠᠢᠬᠤ ᠤᠷᠠᠨ ᠳᠠᠷᠬᠠᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠨᠡᠩ ᠤᠯᠠᠨ ᠵᠠᠯᠠᠭᠤ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠳᠠᠢ᠍ᠢᠴᠢᠯᠠᠨ ᠠᠵᠤ ᠦᠢᠯᠡᠰ᠎ᠦᠨ ᠥᠩ ᠰᠢᠮᠡᠯᠢᠭ ᠬᠥᠷᠥᠰᠥᠨ᠎ᠳᠦ ᠦᠨᠳᠦᠰᠦᠯᠡᠭᠦᠯᠵᠦ᠂ ᠤᠷᠤᠯᠳᠤᠭᠠᠨ᠎ᠤ ᠲᠠᠯᠠᠪᠤᠷ ᠲᠠᠬᠢ ᠤᠷ᠎ᠠ ᠮᠡᠷᠭᠡᠵᠢᠯ᠎ᠢ ᠠᠵᠤ ᠦᠢᠯᠡᠰ᠎ᠦᠨ ᠬᠥᠭᠵᠢᠯᠲᠡ᠎ᠳᠦ ᠨᠡᠩ ᠰᠠᠢᠲᠤᠷ ᠦᠢᠯᠡᠴᠢᠯᠡᠭᠦᠯᠦᠨ᠎ᠡ》 ᠭᠡᠪᠡ᠃

ᠤᠷ᠎ᠠ ᠮᠡᠷᠭᠡᠵᠢᠯ ᠪᠣᠯ ᠳᠡᠯᠡᠬᠡᠢ᠎ᠶᠢᠨ ᠡᠯ᠎ᠡ ᠤᠯᠤᠰ᠎ᠤᠨ ᠰᠣᠯᠢᠯᠴᠠᠭᠠᠨ᠎ᠤ ᠬᠣᠯᠪᠣᠭᠠᠰᠤ᠂ ᠬᠠᠮᠲᠤᠷᠠᠯᠴᠠᠭᠠᠨ᠎ᠤ ᠬᠥᠭᠥᠷᠭᠡ ᠮᠥᠨ᠃

ᠲᠡᠷᠢᠬᠦᠯᠡᠭᠴᠢ ᠰᠢ᠎ᠶᠢᠨ ᠫᠢᠩ ᠪᠠᠶᠠᠷ᠎ᠤᠨ ᠵᠠᠬᠢᠳᠠᠯ᠎ᠳᠠᠭᠠᠨ 《ᠳᠤᠷᠠᠲᠠᠶ᠎ᠠ ᠡᠯ᠎ᠡ ᠲᠠᠯ᠎ᠠ᠎ᠶᠢᠨ ᠭᠢᠨ᠎ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠡᠯᠡᠬᠡᠢ᠎ᠶᠢᠨ ᠤᠷ᠎ᠠ ᠮᠡᠷᠭᠡᠵᠢᠯ᠎ᠤᠨ ᠬᠥᠳᠡᠯᠭᠡᠭᠡᠨ᠎ᠦ ᠬᠥᠭᠵᠢᠯᠲᠡ᠎ᠶᠢ ᠠᠬᠢᠭᠤᠯᠤᠨ᠎ᠠ》 ᠭᠡᠵᠦ ᠴᠢᠬᠤᠯᠠᠴᠢᠯᠠᠪᠠ᠂ ᠡᠨᠡ ᠨᠢ ᠭᠸᠷᠮᠠᠨ᠎ᠤ ᠲᠥᠯᠥᠭᠡᠯᠡᠭᠴᠢᠳ᠎ᠦᠨ ᠪᠦᠯᠭᠦᠮ᠎ᠦᠨ ᠠᠯᠪᠠᠨ᠎ᠤ ᠲᠠᠯ᠎ᠠ᠎ᠶᠢᠨ ᠲᠥᠯᠥᠭᠡᠯᠡᠭᠴᠢ ᠾᠦᠢᠪᠦ᠋ᠧᠧᠲ·ᠯᠦᠸᠧᠮᠦ᠋ᠧᠧ ᠳ᠋ᠤ᠌ ᠭᠦᠨ ᠰᠠᠭᠤᠭᠳᠠᠯ ᠦᠯᠡᠳᠡᠭᠡᠵᠡᠢ᠃ 《ᠭᠸᠷᠮᠠᠨ ᠳᠤᠮᠳᠠᠳᠤ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠪᠣᠯᠪᠠᠰᠤᠷᠠᠯ᠎ᠤᠨ ᠲᠠᠯ᠎ᠠ᠎ᠪᠠᠷ ᠨᠢᠭ᠍ᠲᠠ ᠬᠠᠮᠲᠤᠷᠠᠯᠴᠠᠭ᠎ᠠ᠎ᠲᠠᠢ ᠶᠤᠮ᠃ ᠣᠢᠷ᠎ᠠ᠎ᠶᠢᠨ ᠵᠢᠯ ᠡᠴᠡ᠂ ᠳᠤᠮᠳᠠᠳᠤ ᠤᠯᠤᠰ ᠰᠤᠷᠭᠠᠨ ᠬᠥᠮᠦᠵᠢᠯ᠎ᠦᠨ ᠪᠣᠯᠪᠠᠰᠤᠷᠠᠯ ᠪᠣᠯᠣᠨ ᠤᠷ᠎ᠠ ᠮᠡᠷᠭᠡᠵᠢᠯ᠎ᠦᠨ ᠬᠦᠷᠢᠶᠡᠨ᠎ᠳᠦ ᠮᠠᠰᠢ ᠴᠢᠩᠭ᠎ᠠ ᠰᠢᠨ᠎ᠡ᠎ᠶᠢ ᠡᠭᠦᠳᠬᠦ ᠠᠮᠢᠵᠢᠷᠠᠯ᠎ᠤᠨ ᠬᠦᠴᠦᠨ᠎ᠢᠶᠡᠨ ᠢᠯᠡᠷᠡᠭᠦᠯᠵᠦ᠂ ᠭᠧᠷᠮᠠᠨ ᠤᠷᠳᠤ ᠬᠤᠭᠤᠴᠠᠭᠠᠨ᠎ᠤ ᠲᠤᠷᠰᠢ ᠬᠤᠷᠠᠮᠳᠤᠭᠤᠯᠤᠭᠰᠠᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠤᠯᠠᠮᠵᠢᠯᠠᠯ᠎ᠲᠠᠢ ᠶᠤᠮ᠂ ᠳᠡᠯᠡᠬᠡᠢ᠎ᠶᠢᠨ ᠤᠷ᠎ᠠ ᠮᠡᠷᠭᠡᠵᠢᠯ᠎ᠦᠨ ᠤᠷᠤᠯᠳᠤᠭᠠᠨ᠎ᠤ ᠲᠠᠪᠴᠠᠩ᠎ᠢᠶᠠᠷ ᠳᠠᠮᠵᠢᠨ᠂ ᠬᠣᠶᠠᠷ ᠲᠠᠯ᠎ᠠ᠎ᠪᠠᠷ᠎ᠢᠶᠠᠨ ᠦᠢᠯᠡᠳᠦᠯᠭᠡ ᠎ᠶᠢᠨ ᠲᠤᠷᠰᠢᠯᠭ᠎ᠠ᠎ᠪᠠᠨ ᠤᠯᠠᠮ ᠨᠢᠭᠡ ᠠᠯᠬᠤᠮ ᠰᠣᠯᠢᠯᠴᠠᠵᠤ᠂ ᠥᠪᠡᠷ ᠥᠪᠡᠷ᠎ᠦᠨ ᠳᠠᠪᠠᠭᠤᠯᠢᠭ᠋᠎ᠢᠶᠠᠨ ᠬᠤᠪᠢᠶᠠᠯᠴᠠᠵᠤ᠂ ᠬᠣᠶᠠᠷ ᠲᠠᠯ᠎ᠠ᠎ᠪᠠᠷ᠎ᠢᠶᠠᠨ ᠠᠰᠢᠭ᠋ ᠭᠦᠷᠳᠡᠭᠦ ᠪᠠᠢᠳᠠᠯ᠎ᠢ ᠪᠤᠢ ᠪᠤᠯᠭᠠᠬᠤ᠎ᠶᠢ ᠬᠦᠰᠡᠵᠦ ᠪᠠᠢᠨ᠎ᠠ》 ᠭᠡᠵᠦ ᠾᠦᠢᠪᠦ᠋ᠧᠧᠲ·ᠯᠦᠸᠧᠮᠦ᠋ᠧᠧ ᠬᠡᠯᠡᠪᠡ᠃

《ᠳᠡᠯᠡᠬᠡᠢ᠎ᠶᠢᠨ ᠤᠷ᠎ᠠ ᠮᠡᠷᠭᠡᠵᠢᠯ᠎ᠦᠨ ᠤᠷᠤᠯᠳᠤᠭᠠᠨ ᠪᠣᠯ ᠦᠷᠢᠰᠦᠯᠳᠦᠬᠡᠨ᠎ᠤ ᠲᠠᠯᠠᠪᠤᠷ ᠪᠤᠯᠬᠤ᠎ᠪᠠᠷ ᠪᠠᠷᠠᠬᠤ ᠦᠭᠡᠢ ᠨᠡᠩ ᠴᠤ᠌ ᠰᠢᠨ᠎ᠡ ᠴᠠᠭ ᠦᠶ᠎ᠡ᠎ᠶᠢᠨ ᠵᠠᠯᠠᠭᠤᠴᠤᠳ᠎ᠤᠨ ᠤᠷᠠᠨ ᠳᠠᠷᠬᠠᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠬᠤ᠂ ᠤᠷ᠎ᠠ ᠮᠡᠷᠭᠡᠵᠢᠯ᠎ᠦᠨ ᠴᠤᠭ ᠵᠢᠪᠬᠤᠭ᠎ᠠ᠎ᠪᠠᠨ ᠬᠠᠷᠠᠭᠤᠯᠬᠤ ᠴᠣᠩᠬᠣᠪᠴᠢ ᠪᠣᠯᠣᠨ᠎ᠠ᠃ ᠪᠢᠳᠡ ᠡᠯ᠎ᠡ ᠤᠯᠤᠰ ᠡᠯ᠎ᠡ ᠭᠠᠵᠠᠷ ᠣᠷᠣᠨ᠎ᠤ ᠤᠷᠤᠯᠳᠤᠭᠠᠨ᠎ᠳᠤ ᠣᠷᠣᠯᠴᠠᠭᠴᠢᠳ᠂ ᠲᠤᠰᠬᠠᠢ ᠮᠡᠷᠭᠡᠵᠢᠯᠲᠡᠳ᠎ᠲᠠᠢ ᠭᠦᠨᠵᠡᠭᠡᠢ ᠰᠣᠯᠢᠯᠴᠠᠵᠤ᠂ ᠲᠡᠷᠢᠭᠦᠨ᠎ᠦ ᠲᠤᠷᠰᠢᠯᠭ᠎ᠠ᠎ᠶᠢ ᠰᠤᠷᠤᠯᠴᠠᠵᠤ᠂ ᠳᠤᠮᠳᠠᠳᠤ ᠤᠯᠤᠰ᠎ᠤᠨ ᠤᠷ᠎ᠠ ᠮᠡᠷᠭᠡᠵᠢᠯ᠎ᠦᠨ ᠦᠯᠢᠭᠡᠷ᠎ᠢ ᠰᠠᠢᠲᠤᠷ ᠶᠠᠷᠢᠨ᠎ᠠ》᠃ ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠭᠦᠮ᠎ᠦᠨ ᠳᠠᠷᠤᠭ᠎ᠠ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠠᠵᠢᠯ ᠮᠡᠷᠭᠡᠵᠢᠯ᠎ᠦᠨ ᠴᠢᠳᠠᠪᠤᠷᠢ᠎ᠶᠢᠨ ᠪᠠᠢᠭᠤᠯᠤᠯᠲᠠ᠎ᠶᠢᠨ ᠵᠤᠷᠭᠠᠨ᠎ᠤ ᠳᠠᠷᠤᠭ᠎ᠠ ᠦ᠋ ᠯᠢ ᠳ᠋ᠥᠸᠧ᠂ ᠳᠤᠮᠳᠠᠳᠤ ᠤᠯᠤᠰ᠎ᠤᠨ ᠲᠥᠯᠥᠭᠡᠯᠡᠭᠴᠢᠳ᠎ᠦᠨ ᠪᠦᠯᠭᠦᠮ 71 ᠤᠷᠤᠯᠴᠠᠭᠴᠢ ᠲᠣᠮᠢᠯᠠᠨ 64 ᠲᠦᠷᠦᠯ᠎ᠦᠨ ᠪᠦᠭᠦ ᠤᠷᠤᠯᠳᠤᠭᠠᠨ᠎ᠳᠤ ᠣᠷᠣᠯᠴᠠᠭᠤᠯᠵᠤ᠂ ᠲᠥᠯᠥᠭᠡᠯᠡᠭᠴᠢᠳ᠎ᠦᠨ ᠪᠦᠯᠭᠦᠮ ᠨᠢ ᠳᠡᠯᠡᠬᠡᠢ᠎ᠶᠢᠨ ᠡᠯ᠎ᠡ ᠤᠯᠤᠰ ᠪᠠ ᠭᠠᠵᠠᠷ ᠣᠷᠣᠨ᠎ᠡᠴᠡ ᠢᠷᠡᠭᠰᠡᠨ ᠤᠷᠤᠯᠴᠠᠭᠴᠢᠳ᠎ᠲᠠᠢ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠵᠤ᠂ ᠤᠷᠤᠯᠳᠤᠭᠠᠨ᠎ᠤ ᠲᠠᠯᠠᠪᠤᠷ᠎ᠲᠤ ᠡᠷᠡᠯᠬᠡᠭᠯᠡᠨ ᠲᠡᠮᠡᠴᠡᠵᠦ᠂ ᠤᠷᠠᠨ ᠨᠠᠷᠢᠯᠢᠭ᠋ ᠤᠷ᠎ᠠ ᠮᠡᠷᠭᠡᠵᠢᠯ᠎ᠢᠶᠡᠷ᠎ᠢᠶᠡᠨ ᠳᠤᠮᠳᠠᠳᠤ ᠤᠯᠤᠰ᠎ᠤᠨ ᠤᠷ᠎ᠠ ᠮᠡᠷᠭᠡᠵᠢᠯ᠎ᠦᠨ ᠴᠢᠳᠠᠪᠤᠷᠢᠲᠠᠨ᠎ᠤ ᠪᠣᠳᠠᠲᠤ ᠬᠦᠴᠦᠨ᠎ᠢ ᠬᠠᠷᠠᠭᠤᠯᠤᠨ᠎ᠠ ᠭᠡᠵᠦ ᠢᠯᠡᠳᠬᠡᠵᠡᠢ᠃

(ᠰᠢᠨᠬᠤᠸᠠ ᠬᠣᠷᠢᠶ᠎ᠡ ᠵᠢᠨ ᠱᠠᠩᠬᠠᠢ᠎ᠶᠢᠨ 9 ᠰᠠᠷ᠎ᠠ᠎ᠶᠢᠨ 23᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面