2026-10-12 17:08:51
ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ᠎ᠤ ᠬᠥᠮᠦᠨ ᠠᠮᠠ᠎ᠶᠢᠨ ᠨᠠᠰᠤᠵᠢᠯᠲᠠ᠎ᠶᠢᠨ ᠲᠤᠬᠠᠢ ᠤᠯᠤᠰ᠎ᠤᠨ ᠪᠠᠶ᠋ᠢᠳᠠᠯ᠎ᠤᠨ ᠬᠥᠮᠦᠵᠢᠯ᠎ᠤᠨ ᠪᠣᠯᠪᠠᠰᠤᠷᠠᠯᠬᠥᠬᠡᠬᠣᠲᠠᠳᠤ ᠶᠠᠪᠤᠭᠳᠠᠪᠠ᠃ ᠲᠣᠰ ᠤᠳᠠᠭᠠᠨ᠎ᠤ ᠪᠣᠯᠪᠠᠰᠤᠷᠠᠯ᠎ᠨᠢ ᠬᠥᠮᠦᠨ ᠠᠮᠠ᠎ᠶᠢᠨ ᠨᠠᠰᠤᠵᠢᠯᠲᠠ᠎ᠶᠢᠨ ᠲᠤᠬᠠᠢ ᠤᠯᠤᠰ ᠤᠨ ᠪᠠᠶ᠋ᠢᠳᠠᠯ ᠤᠨ ᠬᠥᠮᠦᠵᠢᠯ ᠢ ᠥᠷᠨᠢᠭᠦᠯᠬᠦ᠌ ᠲᠤᠬᠠᠶ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠠᠶ᠋ᠢᠷᠢᠯᠠᠭᠤᠯᠤᠯᠲᠠ᠎ᠶᠢᠨ ᠱᠠᠭᠠᠷᠳᠠᠯᠭ᠎ᠠ᠎ᠶᠢ ᠪᠥᠬᠥ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠥᠮᠦᠨ ᠠᠮᠠ᠎ᠶᠢᠨ ᠨᠠᠰᠤᠵᠢᠯᠲᠠ᠎ᠶᠢ ᠢᠳᠡᠪᠬᠢᠲᠡᠶ ᠠᠷᠭᠠᠴᠠᠭᠠᠬᠤ ᠤᠯᠤᠰ᠎ᠤᠨ ᠪᠠᠶ᠋ᠢᠯᠳᠤᠬᠤ ᠪᠣᠳᠣᠯᠭ᠎ᠠ᠎ᠶᠢ ᠭᠦᠨᠵᠡᠭᠡᠶ ᠬᠡᠷᠡᠭᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠣᠷᠣᠨ᠎ᠤ ᠳᠣᠲᠣᠨ᠎ᠠ ᠭᠠᠳᠠᠨᠠᠬᠢ ᠲᠤᠰᠬᠠᠶ ᠮᠡᠷᠭᠡᠵᠢᠯᠲᠡᠨ᠎ᠢ ᠤᠷᠢᠵᠤ ᠬᠢᠴᠢᠶᠡᠯ ᠤᠷᠤᠭᠤᠯᠵᠤ ᠬᠠᠪᠰᠤᠷᠤᠨ ᠵᠢᠯᠤᠭᠤᠳᠤᠯᠭ᠎ᠠ ᠬᠢᠯᠭᠡᠵᠦ᠂ ᠪᠥᠬᠥ᠌ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠠᠵᠢᠯ᠎ᠤᠨ ᠺᠠᠳ᠋ᠷ᠎ᠤᠨ ᠡᠩᠨᠡᠭᠡ᠎ᠶᠢᠨ ᠲᠥᠷᠥ᠎ᠶᠢᠨ ᠪᠣᠳᠣᠯᠭ᠎ᠠ᠎ᠶᠢᠨ ᠣᠨᠣᠯ᠎ᠤᠨ ᠲᠦᠪᠰᠢᠨ ᠪᠠ ᠲᠤᠬᠠᠶ᠋ᠢᠯᠠᠭᠰᠠᠨ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠌ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠍᠂ ᠦᠪᠦᠷ ᠮᠤᠨᠭᠭᠤᠯ᠎ᠦᠨ ᠬᠥᠮᠦᠨ ᠠᠮᠠ᠎ᠶᠢᠨ ᠨᠠᠰᠤᠵᠢᠯᠲᠠ᠎ᠶᠢᠨ ᠲᠤᠬᠠᠢ ᠤᠯᠤᠰ᠎ᠤᠨ ᠪᠠᠶ᠋ᠢᠳᠠᠯ᠎ᠤᠨ ᠬᠥᠮᠦᠵᠢᠯ᠎ᠢ ᠴᠢᠨᠠᠭᠰᠢᠳᠠ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠪᠠ ᠃
ᠲᠤᠰᠬᠠᠶ ᠮᠡᠷᠭᠡᠵᠢᠯᠲᠠᠨ ᠡᠴᠡ ᠶᠡᠷᠦᠩᠬᠡᠶ ᠱᠦᠵᠢ ᠰᠢ ᠵᠢᠨ ᠫᠢᠩ᠎ᠦᠨ ᠨᠠᠰᠤᠲᠠᠶ᠋ᠢᠴᠤᠳ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ᠂ ᠬᠥᠮᠦᠨ ᠠᠮᠠ᠎ᠶᠢᠨ ᠨᠠᠰᠤᠵᠢᠯᠲᠠ᠎ᠶᠢ ᠢᠳᠡᠪᠬᠢᠲᠡᠶ ᠠᠷᠭᠠᠴᠠᠭᠠᠬᠤ ᠤᠯᠤᠰ᠎ᠤᠨ ᠪᠠᠶ᠋ᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠌᠎ᠶᠢᠨ ᠲᠣᠭᠣᠷᠢᠨ᠎ᠳᠤ ᠬᠥᠮᠦᠨ ᠠᠮᠠ᠎ᠶᠢᠨ ᠨᠠᠰᠤᠵᠢᠯᠲᠠ᠎ᠶᠢᠨ ᠲᠤᠬᠠᠢ ᠤᠯᠤᠰ᠎ᠤᠨ ᠪᠠᠶ᠋ᠢᠳᠠᠯ ᠣᠷᠣᠨ᠎ᠤ ᠪᠠᠶ᠋ᠢᠳᠠᠯ᠂ ᠢᠳᠡᠪᠬᠢᠲᠡᠶ ᠦᠭᠡᠳᠡᠷᠭᠡᠭ ᠨᠠᠰᠤᠲᠠᠶ᠋ᠢᠴᠤᠳ᠎ᠤᠨ ᠦᠵᠡᠯᠲᠡ᠎ᠵᠢ ᠪᠣᠶ ᠪᠣᠯᠭᠠᠬᠤ᠂ᠨᠠᠰᠤᠲᠠᠶ᠋ᠢᠴᠤᠳᠲᠸ᠋ ᠨᠥᠬᠥᠷᠰᠡᠭ ᠬᠡᠯᠪᠡᠷᠢ᠎ᠶᠢᠨ ᠨᠡᠶ᠋ᠢᠭᠡᠮ᠎ᠦᠨ ᠪᠠᠶ᠋ᠢᠭᠤᠯᠤᠯᠲᠠ᠎ᠶᠢ ᠠᠬᠢᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》ᠦ᠋ᠨ ᠲᠥᠯᠥᠪᠵᠢᠭᠦᠯᠭᠡ᠎ᠶᠢᠨ ᠬᠤᠭᠤᠴᠠᠭᠠᠨ᠎ᠳᠦ ᠨᠠᠰᠤᠲᠠᠶ᠋ᠢᠴᠤᠳ᠎ᠤᠨ ᠠᠵᠢᠯ᠎ᠤᠨ ᠪᠠᠶ᠋ᠢᠷᠢᠯᠠᠭᠤᠯᠤᠯᠲᠠ ᠵᠡᠷᠭᠡ ᠲᠠᠯ᠎ᠠ᠎ᠪᠠᠷ ᠲᠤᠰᠬᠠᠶ ᠰᠡᠳᠦᠪ᠎ᠢᠶᠡᠷ ᠬᠢᠴᠢᠶᠡᠯ ᠤᠷᠤᠵᠤ᠂ ᠪᠣᠯᠪᠠᠰᠤᠷᠠᠯ᠎ᠳᠤ ᠣᠷᠣᠯᠴᠠᠭᠰᠠᠳ᠎ᠦᠨ ᠣᠨᠣᠯ᠎ᠤᠨ ᠰᠠᠭᠤᠷᠢ᠎ᠶᠢ ᠪᠠᠳᠤᠳᠬᠠᠨ᠂ ᠠᠵᠢᠯ᠎ᠤᠨ ᠰᠡᠳᠬᠢᠴᠡ᠎ᠶᠢ ᠨᠢ ᠥᠷᠭᠡᠳᠬᠡᠵᠡᠢ᠃ ᠪᠣᠯᠪᠠᠰᠤᠷᠠᠯ᠎ᠤᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ ᠠᠮᠠ᠎ᠶᠢᠨ ᠨᠠᠰᠤᠵᠢᠯᠳᠠ ᠵᠢᠨ ᠲᠤᠬᠠᠢ ᠤᠯᠤᠰ᠎ᠤᠨ ᠪᠠᠶ᠋ᠢᠳᠠᠯ᠎ᠤᠨ ᠬᠥᠮᠦᠵᠢᠯ᠎ᠦᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠠᠭᠤᠯᠵᠠᠯᠲᠠ᠎ᠶᠢᠨ ᠬᠤᠷᠠᠯ᠎ᠢ ᠬᠤᠷᠠᠯᠳᠤᠭᠤᠯᠵᠤ᠂ 2026 ᠣᠨ᠎ᠤ ᠬᠥᠮᠦᠨ ᠠᠮᠠ᠎ᠶᠢᠨ ᠨᠠᠰᠤᠵᠢᠯᠳᠠ ᠵᠢᠨ ᠲᠤᠬᠠᠢ ᠤᠯᠤᠰ᠎ᠤᠨ ᠪᠠᠶ᠋ᠢᠳᠠᠯ ᠪᠠ ᠣᠷᠣᠨ᠎ᠤ ᠪᠠᠶ᠋ᠢᠳᠠᠯ᠎ᠤᠨ ᠬᠥᠮᠦᠵᠢᠯ ᠢ 《ᠵᠢᠷᠭᠤᠭ᠎ᠠ᠎ᠳᠤ ᠣᠷᠣᠭᠤᠯᠬᠤ》 ᠠᠵᠢᠯᠯᠠᠭ᠎ᠠ᠎ᠳᠤ ᠲᠣᠬᠢᠷᠠᠭᠤᠯᠤᠯᠲᠠ ᠬᠢᠪᠠ᠃
ᠥᠪᠡᠷᠲᠡᠭᠡᠨ ᠵᠠᠰᠠᠬᠤ ᠣᠷᠣᠨ᠎ᠤ ᠨᠠᠰᠤᠲᠠᠶ᠋ᠢᠴᠤᠳ᠎ᠤᠨ ᠠᠵᠢᠯ᠎ᠤᠨ ᠵᠥᠪᠯᠡᠯ᠎ᠦᠨ ᠪᠦᠷᠢᠯᠳᠦᠬᠦᠨ ᠨᠢᠭᠡᠴᠢ᠎ᠶᠢᠨ ᠬᠠᠷᠢᠭᠤᠴᠠᠯᠭᠠᠳᠠᠨ᠂ ᠡᠯ᠎ᠡ ᠠᠶ᠋ᠢᠮᠠᠭ ᠬᠣᠲᠠ᠎ᠶᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶᠢᠨ ᠬᠤᠪᠢᠳᠠᠨ ᠬᠠᠮᠢᠶᠠᠷᠴᠤ᠌ ᠪᠥᠬᠥᠶ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠬᠥᠮᠦᠨ ᠠᠮᠠ᠎ᠶᠢᠨ ᠨᠠᠰᠤᠵᠢᠯᠳᠠ ᠵᠢᠨ ᠲᠤᠬᠠᠢ ᠤᠯᠤᠰ᠎ᠤᠨ ᠪᠠᠶ᠋ᠢᠳᠠᠯ ᠣᠷᠣᠨ᠎ᠤ ᠪᠠᠶ᠋ᠢᠳᠠᠯ᠎ᠤᠨ ᠬᠥᠮᠦᠵᠢᠯ᠎ᠦᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠨᠠᠷ 100 ᠭᠠᠷᠤᠶ ᠬᠥᠮᠦᠨ ᠤᠷᠤᠯᠴᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃