2026-10-13 15:40:23
ᠦᠪᠦᠷ ᠮᠤᠩᠭᠤᠯ᠎ᠤᠨ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠢᠶᠡᠷ᠂ ᠤᠢᠷ᠎ᠠ᠎ᠳᠤ᠂ ᠦᠪᠦᠷ ᠮᠤᠩᠭᠤᠯ᠎ᠤᠨ ᠵᠡᠮᠳᠡᠭᠴᠦᠳ᠎ᠦᠨ ᠬᠣᠯᠪᠣᠭ᠎ᠠ᠂ ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢᠯᠢ᠎ᠶᠢᠨ ᠶᠠᠪᠤᠳᠠᠯ᠎ᠤᠨ ᠲᠣᠪᠴᠢᠶ᠎ᠠ ᠡᠴᠡ ᠬᠠᠮᠲᠤᠷᠠᠨ ᠥᠷᠨᠢᠭᠦᠯᠦᠭᠰᠡᠨ 《ᠠᠵᠢᠯ᠎ᠤᠨ ᠪᠠᠢᠷᠢ᠎ᠶᠢ ᠥᠷᠭᠡᠳᠬᠡᠨ ᠠᠵᠢᠯ ᠣᠯᠭᠣᠯᠲᠠ᠎ᠶᠢ ᠠᠬᠢᠭᠤᠯᠬᠤ》 ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠪᠠᠶᠠᠨᠨᠠᠭᠤᠷ ᠬᠣᠲᠠ᠎ᠳᠤ ᠶᠠᠪᠤᠭᠳᠠᠪᠠ᠃
ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠶ᠎ᠳᠤ ᠠᠵᠢᠯᠲᠠᠳ ᠵᠡᠮᠳᠡᠭᠴᠦᠳ᠎ᠢ ᠲᠦᠪᠬᠢᠨᠡᠬᠦᠯᠦᠨ ᠠᠵᠢᠯ ᠣᠯᠭᠣᠬᠤ ᠠᠵᠦ ᠠᠬᠤᠢᠯᠠᠯ᠎ᠤᠨ ᠭᠠᠢᠯᠢ ᠲᠠᠲᠠᠪᠤᠷᠢ᠎ᠶᠢ ᠬᠠᠰᠤᠵᠤ ᠬᠡᠯᠲᠦᠷᠢᠭᠦᠯᠬᠦ᠂ ᠡᠯ᠎ᠡ ᠲᠥᠷᠥᠯ᠎ᠦᠨ ᠠᠵᠢᠯ ᠣᠯᠭᠣᠬᠤ᠎ᠶᠢ ᠲᠡᠳᠬᠦᠨ ᠳᠡᠮᠵᠢᠬᠦ ᠨᠥᠬᠥᠪᠦᠷᠢ ᠵᠡᠷᠭᠡ ᠭᠣᠣᠯᠳᠠᠯᠭ᠎ᠠ᠎ᠲᠠᠢ ᠲᠥᠷᠥ᠎ᠶᠢᠨ ᠪᠣᠳᠣᠯᠭ᠎ᠠ᠎ᠶᠢᠨ ᠲᠣᠭᠣᠷᠢᠨ᠎ᠳᠤ ᠲᠠᠢᠯᠤᠮᠵᠢ ᠬᠢᠵᠦ᠂ ᠠᠵᠤ ᠠᠬᠤᠢᠯᠠᠯ ᠪᠠ ᠵᠡᠮᠳᠡᠭᠴᠤᠳ᠎ᠲᠦ ᠲᠥᠷᠥ᠎ᠶᠢᠨ ᠪᠣᠳᠣᠯᠭ᠎ᠠ᠎ᠶᠢᠨ ᠤᠬᠠᠭᠤᠯᠤᠨ ᠲᠠᠢᠯᠪᠤᠷᠢᠯᠠᠯᠲᠠ ᠬᠢᠬᠦ᠎ᠶᠢᠨ ᠬᠠᠮᠲᠤ᠂ ᠵᠡᠮᠳᠡᠭᠴᠤᠳ᠎ᠤᠨ ᠮᠠᠳᠠᠭ᠎ᠲᠠᠢ ᠠᠰᠠᠭᠤᠯᠲᠠ᠎ᠵᠢ ᠬᠠᠷᠢᠭᠤᠯᠬᠤ ᠦᠢᠯᠡᠴᠢᠯᠡᠭᠡ ᠬᠠᠩᠭᠠᠵᠤ᠂ ᠠᠵᠢᠯ ᠤᠯᠵᠦ ᠦᠢᠯᠡᠰ ᠪᠤᠰᠬᠠᠬᠤ᠂ ᠨᠥᠬᠥᠪᠦᠷᠢ ᠭᠤᠶᠤᠴᠢᠯᠠᠨ ᠠᠪᠬᠤ᠂ ᠡᠷᠬᠡ ᠠᠰᠢᠭ᠋᠎ᠢ ᠪᠠᠲᠤᠯᠠᠬᠤ ᠵᠡᠷᠭᠡ ᠣᠯᠠᠨ ᠲᠦᠮᠡᠨ᠎ᠦ ᠠᠩᠬᠠᠷᠴᠤ ᠪᠠᠢᠭ᠎ᠠ ᠠᠰᠠᠭᠤᠳᠠᠯ᠎ᠳᠤ ᠨᠠᠷᠢᠨ ᠨᠢᠮᠪᠠᠢ ᠬᠠᠷᠢᠭᠤᠯᠲᠠ ᠥᠭᠪᠡ᠃ ᠡᠭᠦᠨ᠎ᠦ ᠬᠠᠮᠲᠤ ᠠᠵᠢᠯᠯᠠᠭ᠎ᠠ ᠨᠢ ᠵᠡᠮᠳᠡᠭᠴᠦᠳ᠎ᠦᠨ ᠥᠪᠡᠷ᠎ᠢ ᠪᠡᠨ ᠬᠦᠴᠦᠷᠬᠡᠭᠵᠢᠭᠦᠯᠦᠭᠰᠡᠨ ᠵᠢᠱ᠌ᠢᠶᠡᠴᠢ ᠬᠤᠪᠢ ᠬᠦᠮᠦᠨ᠎ᠢ ᠤᠷᠢᠵᠤ ᠡᠷᠴᠢ ᠵᠣᠷᠢᠭ᠋᠎ᠢ ᠬᠥᠪᠴᠢᠯᠡᠭᠰᠡᠨ ᠥᠯᠢᠭᠡᠷ᠎ᠢ ᠨᠢ ᠶᠠᠷᠢᠭᠤᠯᠵᠦ᠂ ᠥᠯᠢᠭᠡᠷ ᠳᠠᠭᠤᠷᠢᠶᠠᠯ᠎ᠤᠨ ᠬᠦᠴᠦᠨ᠎ᠢᠶᠡᠷ ᠵᠡᠮᠳᠡᠭᠴᠤᠳ᠎ᠦᠨ ᠬᠦᠴᠦᠷᠬᠡᠭᠵᠢᠬᠦ᠎ᠪᠡᠷ ᠬᠦᠴᠦᠯᠡᠨ ᠴᠢᠷᠮᠠᠢᠬᠤ᠂ ᠵᠣᠷᠢᠭ᠍ᠲᠠᠢ᠎ᠪᠠᠷ ᠠᠵᠢᠯ ᠣᠯᠬᠤ᠂ ᠢᠳᠡᠪᠬᠢᠲᠡᠢ᠎ᠪᠡᠷ ᠦᠢᠯᠡᠰ ᠪᠣᠰᠬᠠᠬᠤ᠎ᠶᠢ ᠵᠣᠷᠢᠭ᠍ᠵᠢᠭᠤᠯᠵᠤ᠂ ᠵᠡᠮᠳᠡᠭᠴᠦᠳ᠎ᠦᠨ ᠠᠵᠢᠯ ᠣᠯᠬᠤ ᠢᠲᠡᠭᠡᠯ ᠢ ᠪᠦᠲᠦᠮᠵᠢᠲᠡᠶ ᠳᠡᠭᠡᠭᠰᠢᠯᠡᠭᠦᠯᠪᠡ᠃ ᠠᠵᠢᠯᠯᠠᠭ᠎ᠠ᠎ᠶᠢᠨ ᠬᠤᠭᠤᠴᠠᠭᠠᠨ᠎ᠳᠤ᠂ ᠠᠵᠢᠯᠯᠠᠬᠤ ᠳᠤᠭᠤᠢᠯᠠᠩ ᠬᠠᠷᠢᠶ᠎ᠠ ᠣᠷᠣᠨ᠎ᠤ ᠠᠵᠤ ᠠᠬᠤᠢᠯᠠᠯ᠎ᠢᠶᠠᠷ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠂ ᠠᠵᠤ ᠠᠬᠤᠢᠯᠠᠯ᠎ᠤᠨ ᠠᠵᠢᠯᠴᠢᠨ ᠬᠡᠷᠡᠭᠯᠡᠬᠦ ᠱᠠᠭᠠᠷᠳᠠᠯᠭ᠎ᠠ᠂ ᠠᠵᠢᠯ᠎ᠤᠨ ᠪᠠᠢᠷᠢ᠎ᠶᠢᠨ ᠬᠡᠷᠡᠭᠴᠡᠭᠡ ᠵᠢᠴᠢ ᠦᠢᠯᠡᠳᠪᠦᠷᠢᠯᠡᠯ ᠡᠵᠡᠩᠨᠡᠯᠲᠡ᠎ᠶᠢᠨ ᠪᠠᠢᠳᠠᠯ᠎ᠢ ᠪᠥᠬᠥ ᠲᠠᠯ᠎ᠠ᠎ᠪᠠᠷ ᠣᠢᠯᠠᠭᠠᠨ ᠵᠢᠭ᠍ᠰᠠᠭᠠᠵᠤ᠂ ᠵᠡᠮᠳᠡᠭᠴᠤᠳ᠎ᠤᠨ ᠪᠡᠶ᠎ᠡ ᠮᠠᠬᠠᠪᠤᠳ᠎ᠤᠨ ᠨᠥᠬᠥᠴᠡᠯ᠂ ᠤᠷ᠎ᠠ ᠴᠢᠳᠠᠪᠤᠷᠢ᠎ᠶᠢᠨ ᠣᠨᠴᠠᠯᠢᠭ᠋᠎ᠲᠠᠢ ᠤᠶᠠᠯᠳᠤᠭᠤᠯᠤᠨ ᠲᠣᠬᠢᠷᠠᠮᠵᠢᠲᠠᠢ ᠠᠵᠢᠯ᠎ᠤᠨ ᠪᠠᠢᠷᠢᠬᠠᠩᠭᠠᠬᠤᠵᠢ ᠠᠬᠢᠭᠤᠯᠪᠠ᠃ ᠡᠬᠦᠨ᠎ᠤ ᠬᠠᠮᠳᠦ ᠵᠡᠮᠳᠡᠭᠴᠦᠳ᠎ᠤ᠋ᠨ ᠰᠣᠶᠣᠯ᠎ᠤᠨ ᠡᠭᠦᠳᠦᠯᠲᠡ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠳᠡᠯᠭᠡᠨ ᠦᠵᠡᠬᠦᠯᠭᠡ᠎ᠶᠢ ᠵᠡᠷᠭᠡ ᠪᠡᠷ ᠥᠷᠨᠢᠭᠦᠯᠵᠦ᠂ ᠵᠡᠮᠳᠡᠭᠴᠦᠳ᠎ᠤᠨ ᠣᠷᠣᠯᠭ᠎ᠠ᠎ᠶᠢ ᠨᠡᠮᠡᠭᠳᠡᠭᠦᠯᠬᠦ ᠵᠠᠮ ᠢ ᠥᠷᠭᠡᠳᠬᠡᠪᠡ᠃
ᠲᠣᠰ ᠠᠵᠢᠯᠯᠠᠭ᠎ᠠ ᠨᠢ ᠵᠡᠮᠳᠡᠭᠴᠦᠳ ᠪᠠ ᠠᠵᠤ ᠠᠬᠤᠢᠯᠠᠯ᠎ᠤᠨ ᠬᠤᠭᠤᠷᠤᠨᠳᠤᠬᠢ ᠵᠤᠯᠭᠠᠯᠴᠠᠭ᠎ᠠ᠎ᠵᠢᠨ ᠬᠦᠬᠦᠷᠭᠡ ᠪᠠᠢᠭᠤᠯᠵᠦ᠂ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ ᠪᠠ ᠴᠢᠳᠠᠪᠤᠷᠢᠲᠠᠨ᠎ᠤ ᠵᠤᠯᠭᠠᠯᠴᠠᠭ᠎ᠠ᠎ᠵᠢᠨ ᠲᠡᠪᠴᠡᠩ ᠬᠠᠩᠭᠠᠵᠦ᠂ ᠵᠡᠮᠳᠡᠭᠴᠤᠳ ᠢ ᠳᠡᠳᠬᠦᠵᠦ ᠵᠡᠮᠳᠡᠭᠴᠤᠳ ᠢ ᠲᠤᠰᠠᠯᠠᠬᠤ ᠤᠢᠯᠠᠭᠠᠬᠳᠠᠬᠤᠨ ᠢ ᠬᠦᠮᠦᠰ᠎ᠤᠨ ᠰᠡᠳᠬᠢᠯ᠎ᠳᠤ ᠬᠦᠨ ᠬᠠᠳᠠᠩᠰᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃