2026-10-15 10:48:56
ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ 《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠲᠦᠭᠰᠢᠭᠦᠷᠢ ᠶ᠋ᠢ ᠬᠠᠮᠳᠤ ᠪᠡᠷ ᠵᠦᠪᠳᠡᠬᠦ ᠪᠠ ᠪᠠᠢᠳᠠᠯ ᠢ᠋ ᠵᠠᠳᠠᠯᠬᠤ ᠠᠵᠢᠯ ᠤ᠋ᠨ ᠳᠦᠷᠢᠮᠵᠢᠯ》 ᠢ᠋ ᠲᠤᠭᠤᠷᠪᠢᠨ ᠳᠤᠭᠳᠠᠭᠠᠵᠤ᠂ ᠡᠯ᠎ᠠ ᠱᠠᠳᠤᠨ ᠤ᠋ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠤ᠋ᠨ ᠲᠦᠭᠰᠢᠭᠦᠷᠢ ᠶ᠋ᠢ ᠮᠠᠭᠠᠳᠯᠠᠬᠤ᠂ ᠰᠡᠷᠡᠮᠵᠢᠯᠡᠭᠦᠯᠬᠦ᠂ ᠰᠢᠢᠳᠪᠤᠷᠢᠯᠡᠬᠦ ᠪᠠ ᠬᠤᠯᠪᠤᠭᠠᠯᠠᠨ ᠬᠦᠳᠡᠯᠦᠯᠴᠡᠬᠦ ᠴᠢᠳᠠᠪᠤᠷᠢ ᠶ᠋ᠢ ᠪᠦᠲᠦᠮᠵᠢᠳᠠᠢ ᠴᠢᠩᠭᠠᠳᠬᠠᠬᠤ ᠳ᠋ᠤ ᠪᠠᠷᠢᠮᠵᠢᠶ᠎ᠠ ᠬᠡᠪ ᠬᠠᠩᠭᠠᠵᠤ᠂ ᠤᠷᠢᠳᠴᠢᠯᠡᠨ ᠰᠡᠷᠭᠡᠢᠯᠡᠬᠦ ᠬᠡᠯᠪᠡᠷᠢ ᠶ᠋ᠢᠨ ᠬᠢᠨᠠᠯᠳᠠ ᠬᠠᠮᠢᠶᠠᠷᠤᠯᠳᠠ ᠶ᠋ᠢᠨ ᠰᠢᠨ᠎ᠠ ᠵᠠᠭᠪᠤᠷ ᠢ᠋ ᠴᠤᠭᠴᠠᠯᠠᠬᠤ ᠵᠢ ᠠᠬᠢᠭᠤᠯᠪᠠ ᠃
ᠠᠵᠢᠯ ᠤ᠋ᠨ ᠳᠦᠷᠢᠮᠵᠢᠯ ᠳ᠋ᠤ᠂ ᠦᠪᠡᠷᠳᠡᠭᠡᠨ ᠵᠠᠰᠠᠬᠤ ᠤᠷᠤᠨ᠂ ᠠᠢᠮᠠᠭ ᠬᠤᠳᠠ᠂ ᠬᠤᠰᠢᠭᠤ ᠰᠢᠶᠠᠨ ᠭᠤᠷᠪᠠᠨ ᠱᠠᠳᠤᠨ ᠤ᠋ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠤ᠋ᠨ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠲᠦᠭᠰᠢᠭᠦᠷᠢ ᠶ᠋ᠢ ᠬᠠᠮᠳᠤ ᠪᠡᠷ ᠵᠦᠪᠳᠡᠬᠦ ᠪᠠ ᠪᠠᠢᠳᠠᠯ ᠢ᠋ ᠵᠠᠳᠠᠯᠬᠤ ᠠᠵᠢᠯ ᠳ᠋ᠡᠬᠢ ᠡᠭᠦᠷᠭᠡ ᠬᠠᠷᠢᠭᠤᠴᠠᠯᠭ᠎ᠠ ᠪᠤᠯᠤᠨ ᠠᠵᠢᠯ ᠤ᠋ᠨ ᠬᠤᠪᠢᠶᠠᠷᠢᠯᠠᠯ ᠢ᠋ ᠨᠠᠷᠢᠯᠢᠭ ᠳᠤᠳᠤᠷᠬᠠᠢᠯᠠᠵᠠᠢ᠃ ᠪᠠᠰᠠ ᠪᠤᠳᠠᠳᠤ ᠪᠠᠢᠳᠠᠯ ᠢ᠋ ᠦᠨᠳᠦᠰᠦᠯᠡᠨ᠂ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠬᠤ ᠪᠠᠢᠭᠤᠯᠤᠮᠵᠢ ᠶ᠋ᠢ ᠠᠵᠢᠯ ᠤ᠋ᠨ ᠰᠢᠰᠲ᠋ᠧᠮ ᠳ᠋ᠤ ᠤᠷᠤᠭᠤᠯᠵᠤ᠂ ᠤᠴᠢᠷ ᠶᠠᠪᠤᠳᠠᠯ ᠤ᠋ᠨ ᠡᠷᠬᠡ ᠳ᠋ᠤ ᠰᠠᠭᠤᠷᠢᠯᠠᠭᠰᠠᠨ᠂ ᠳᠡᠭᠡᠷ᠎ᠡ ᠳᠤᠤᠷ᠎ᠠ ᠱᠠᠳᠤ ᠨᠡᠪᠳᠡᠷᠡᠯᠴᠡᠭᠰᠡᠨ᠂ ᠬᠤᠯᠪᠤᠭᠳᠠᠯ ᠪᠦᠬᠦᠢ ᠪᠠᠢᠭᠤᠯᠤᠮᠵᠢ ᠬᠠᠮᠵᠢᠯᠴᠠᠭᠰᠠᠨ ᠬᠠᠷᠢᠭᠤᠴᠠᠯᠭ᠎ᠠ ᠶ᠋ᠢᠨ ᠰᠢᠰᠲᠧᠮ ᠢ᠋ ᠠᠩᠬ᠎ᠠ ᠠᠯᠬᠤᠮ ᠪᠠᠢᠭᠤᠯᠪᠠ᠃
ᠠᠵᠢᠯ ᠤ᠋ᠨ ᠳᠦᠷᠢᠮᠵᠢᠯ ᠳ᠋ᠤ ᠪᠠᠰᠠ ᠡᠮ ᠤ᠋ᠨ ᠵᠦᠢᠯᠡᠰ ᠤ᠋ᠨ ᠠᠵᠤ ᠦᠢᠯᠡᠰ ᠤ᠋ᠨ ᠬᠦᠭᠵᠢᠯᠳᠡ ᠶ᠋ᠢᠨ ᠰᠢᠨ᠎ᠠ ᠪᠠᠢᠳᠠᠯ ᠵᠢᠴᠢ ᠬᠢᠨᠠᠯᠳᠠ ᠬᠠᠮᠢᠶᠠᠷᠤᠯᠳᠠ ᠶ᠋ᠢᠨ ᠠᠵᠢᠯ ᠤ᠋ᠨ ᠰᠢᠨ᠎ᠠ ᠱᠠᠭᠠᠷᠳᠠᠯᠭ᠎ᠠ ᠳ᠋ᠤ ᠠᠩᠬᠠᠷᠤᠯ ᠶ᠋ᠢᠡᠨ ᠲᠦᠪᠯᠡᠷᠡᠭᠦᠯᠵᠤ᠂ ᠱᠠᠳᠤ ᠳᠠᠪᠬᠤᠷᠭ᠎ᠠ ᠠᠯᠤᠰᠯᠠᠨ᠂ ᠰᠠᠯᠠᠭ᠎ᠠ ᠮᠦᠴᠢᠷ ᠠᠯᠤᠰᠯᠠᠨ ᠬᠠᠮᠳᠤ ᠪᠡᠷ ᠵᠦᠪᠳᠡᠬᠦ ᠠᠵᠢᠯ ᠢ᠋ ᠨᠠᠷᠢᠯᠢᠭᠵᠢᠭᠤᠯᠤᠨ ᠳᠡᠭᠦᠯᠳᠡᠷᠵᠢᠭᠦᠯᠵᠠᠢ᠃ ᠡᠭᠦᠨ ᠳ᠋ᠤ ᠬᠠᠭᠠᠰ ᠵᠢᠯ ᠪᠠ ᠪᠦᠲᠦᠨ ᠵᠢᠯ ᠤ᠋ᠨ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠪᠠᠢᠳᠠᠯ ᠤ᠋ᠨ ᠵᠠᠳᠠᠯᠤᠯᠳᠠ ᠶ᠋ᠢᠨ ᠠᠭᠤᠯᠭ᠎ᠠ ᠶ᠋ᠢ ᠳᠤᠭᠳᠠᠭᠠᠵᠤ᠂ ᠡᠯ᠎ᠠ ᠱᠠᠳᠤᠨ ᠤ᠋ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠬᠢᠨᠠᠨ ᠬᠠᠮᠢᠶᠠᠷᠬᠤ ᠭᠤᠤᠯ ᠴᠤᠭᠴᠠ ᠶ᠋ᠢᠨ ᠤᠳᠤᠬᠢ ᠪᠠᠢᠳᠠᠯ᠂ ᠭᠤᠤᠯᠳᠠᠯᠭ᠎ᠠ ᠲᠠᠢ ᠬᠦᠷᠢᠶᠡᠨ ᠤ᠋ ᠲᠦᠭᠰᠢᠭᠦᠷᠢ᠂ ᠰᠢᠨ᠎ᠠ ᠡᠵᠡᠩᠨᠡᠯᠳᠡ ᠶ᠋ᠢᠨ ᠬᠡᠯᠪᠡᠷᠢ ᠰᠢᠨ᠎ᠠ ᠵᠠᠭᠪᠤᠷ ᠤ᠋ᠨ ᠦᠷᠢᠰᠦᠯᠳᠦᠭᠡᠨ᠂ ᠬᠢᠨᠠᠯᠳᠠ ᠬᠠᠮᠢᠶᠠᠷᠤᠯᠳᠠ ᠶ᠋ᠢᠨ ᠠᠵᠢᠯ ᠤ᠋ᠨ ᠳᠤᠳᠠᠭᠤᠳᠠᠯ ᠵᠡᠷᠭᠡ ᠬᠠᠷᠠᠭᠠᠰᠤ ᠡᠴᠡ ᠡᠮ ᠤ᠋ᠨ ᠵᠦᠢᠯᠡᠰ ᠤ᠋ᠨ ᠠᠮᠦᠷ ᠲᠦᠪᠰᠢᠨ ᠤ᠋ ᠪᠠᠢᠳᠠᠯ ᠵᠢᠴᠢ ᠬᠦᠭᠵᠢᠯᠳᠡ ᠶ᠋ᠢᠨ ᠬᠠᠨᠳᠤᠰᠢ ᠶ᠋ᠢ ᠪᠦᠬᠦ ᠲᠠᠯ᠎ᠠ ᠪᠡᠷ ᠰᠤᠳᠤᠯᠤᠨ ᠮᠠᠭᠠᠳᠯᠠᠵᠤ᠂ ᠪᠤᠳᠠᠳᠠᠢ ᠪᠦᠭᠡᠳ ᠲᠤᠰᠠᠳᠠᠢ ᠰᠢᠯᠢᠳᠡᠭᠵᠢᠭᠦᠯᠦᠨ ᠰᠠᠢᠵᠢᠷᠠᠭᠤᠯᠬᠤ ᠠᠷᠭ᠎ᠠ ᠬᠡᠮᠵᠢᠶ᠎ᠠ ᠬᠢᠭᠡᠳ ᠠᠵᠢᠯ ᠤ᠋ᠨ ᠰᠠᠨᠠᠭᠤᠯᠭ᠎ᠠ ᠭᠠᠷᠭᠠᠬᠤ ᠶ᠋ᠢ ᠱᠠᠭᠠᠷᠳᠠᠪᠠ᠃
ᠠᠵᠢᠯ ᠤ᠋ᠨ ᠳᠦᠷᠢᠮᠵᠢᠯ ᠳ᠋ᠤ᠂ ᠬᠠᠮᠳᠤ ᠪᠡᠷ ᠵᠦᠪᠳᠡᠬᠦ ᠪᠠ ᠪᠠᠢᠳᠠᠯ ᠢ᠋ ᠵᠠᠳᠠᠯᠬᠤ ᠶᠠᠪᠤᠴᠠ ᠳ᠋ᠡᠬᠢ ᠳᠠᠩᠰᠠ ᠡᠪᠬᠡᠮᠡᠯ ᠤ᠋ᠨ ᠬᠠᠮᠢᠶᠠᠷᠤᠯᠳᠠ ᠪᠠ ᠮᠡᠳᠡᠭᠡ ᠵᠠᠩᠬᠢ ᠶ᠋ᠢ ᠨᠢᠭᠤᠴᠠᠯᠠᠬᠤ ᠠᠵᠢᠯ ᠳ᠋ᠤ ᠨᠦᠬᠦᠪᠤᠷᠢ ᠳᠤᠭᠳᠠᠭᠠᠯ ᠭᠠᠷᠭᠠᠬᠤ ᠶ᠋ᠢᠨ ᠬᠠᠮᠳᠤ ᠡᠯ᠎ᠠ ᠱᠠᠳᠤᠨ ᠤ᠋ ᠲᠦᠭᠰᠢᠭᠦᠷᠢ ᠶ᠋ᠢᠨ ᠳᠤᠬᠢᠶ᠎ᠠ ᠶ᠋ᠢ ᠴᠤᠭᠯᠠᠭᠤᠯᠬᠤ᠂ ᠦᠨᠡᠯᠡᠨ ᠵᠢᠱ᠌ᠢᠬᠦ ᠠᠵᠢᠯ ᠤ᠋ᠨ ᠵᠢᠷᠦᠮ ᠢ᠋ ᠳᠤᠳᠤᠷᠬᠠᠢᠯᠠᠵᠤ᠂ ᠡᠯ᠎ᠠ ᠱᠠᠳᠤᠨ ᠤ᠋ ᠬᠠᠮᠳᠤ ᠪᠡᠷ ᠵᠦᠪᠳᠡᠬᠦ ᠬᠤᠷᠠᠯ ᠤ᠋ᠨ ᠵᠤᠬᠢᠶᠠᠨ ᠪᠠᠢᠭᠤᠯᠬᠤ ᠬᠡᠯᠪᠡᠷᠢ᠂ ᠤᠷᠤᠯᠴᠠᠬᠤ ᠬᠦᠮᠦᠰ᠂ ᠬᠤᠷᠠᠯ ᠤ᠋ᠨ ᠬᠦᠲᠦᠯᠪᠤᠷᠢ ᠵᠢᠴᠢ ᠦᠷ᠎ᠠ ᠳ᠋ᠦᠩ ᠤ᠋ᠨ ᠮᠡᠳᠡᠭᠦᠯᠦᠯᠳᠡ ᠵᠡᠷᠭᠡ ᠳ᠋ᠤ ᠲᠤᠰᠬᠠᠢ ᠳᠤᠭᠳᠠᠭᠠᠯ ᠭᠠᠷᠭᠠᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃