2026-10-15 17:05:10

ᠤᠢᠷᠠᠳᠦ᠂ ᠳ᠋ᠦᠩᠱᠧᠩ ᠳᠤᠭᠤᠷᠢᠭ ᠤ᠋ᠨ 《ᠨᠡᠢᠭᠡᠮ ᠳᠤᠭᠤᠷᠢᠭ ᠤ᠋ᠨ ᠬᠦᠷᠰᠢ ᠵᠡᠷᠭᠡᠯᠡᠳᠡᠭᠡ ᠶ᠋ᠢᠨ ᠨᠠᠢᠷ》 ᠲᠢᠶᠠᠨ ᠵᠢᠶᠤᠤ ᠵᠡᠭᠡᠯᠢ ᠭᠤᠳᠤᠮᠵᠢᠳᠦ ᠶᠠᠪᠤᠭᠳᠠᠵᠤ᠂ ᠳᠠᠪᠤᠨ ᠨᠡᠢᠭᠡᠮ ᠳᠤᠭᠤᠷᠢᠭ ᠡᠴᠡ ᠬᠦᠷᠦᠯᠴᠡᠨ ᠢᠷᠡᠭᠰᠡᠨ 1500 ᠭᠠᠷᠤᠢ ᠰᠠᠭᠤᠭᠠᠯᠢ ᠠᠷᠠᠳ ᠤᠷᠤᠯᠴᠠᠵᠠᠢ᠃ ᠳᠤᠰ ᠠᠵᠢᠯᠯᠠᠭ᠎ᠠ ᠵᠢ ᠲᠢᠶᠠᠨ ᠵᠢᠶᠤᠤ ᠵᠡᠭᠡᠯᠢ ᠭᠤᠳᠤᠮᠵᠢ ᠡᠴᠡ ᠭᠤᠤᠯᠯᠠᠨ ᠡᠷᠬᠢᠯᠡᠵᠡᠢ᠃ ᠠᠵᠢᠯᠯᠠᠭ᠎ᠠ ᠨᠢ ᠠᠯᠪᠠᠨ ᠵᠢᠷᠤᠮ ᠤ᠋ᠨ ᠡᠮᠴᠢᠯᠡᠭᠡ᠂ ᠠᠯᠪᠠᠨ ᠵᠢᠷᠤᠮ ᠤ᠋ᠨ ᠭᠡᠵᠢᠭᠡ ᠵᠠᠰᠠᠬᠤ᠂ ᠬᠠᠤᠯᠢ ᠴᠠᠭᠠᠵᠠ ᠶ᠋ᠢᠨ ᠦᠢᠯᠡᠴᠢᠯᠡᠭᠡ ᠬᠠᠩᠭᠠᠬᠤ᠂ ᠠᠵᠢᠯ ᠤᠯᠭᠤᠯᠳᠠ᠂ ᠰᠢᠨᠵᠢᠯᠡᠬᠦ ᠤᠬᠠᠭᠠᠨ ᠢ᠋ ᠳᠦᠬᠡᠮᠡᠯᠵᠢᠬᠦᠯᠬᠦ ᠰᠤᠨᠢᠷᠬᠠᠯᠳᠤ ᠠᠵᠢᠯᠯᠠᠭ᠎ᠠ᠂ ᠠᠷᠠᠳ ᠲᠤ᠌ ᠳᠦᠬᠦᠮ ᠦᠵᠡᠬᠦᠯᠬᠦ ᠦᠢᠯᠡᠴᠢᠯᠡᠭᠡ ᠵᠡᠷᠭᠡ ᠴᠢᠳᠠᠮᠵᠢᠲᠤ ᠳᠤᠭᠤᠷᠢᠭ ᠳᠤᠬᠢᠷᠠᠭᠤᠯᠤᠨ᠂ ᠰᠠᠭᠤᠭᠠᠯᠢ ᠠᠷᠠᠳ ᠰᠠᠢᠨ ᠳᠤᠷ᠎ᠠ ᠡᠴᠡ ᠪᠡᠨ ᠤᠷᠤᠯᠴᠠᠵᠤ᠂ ᠬᠦᠷᠰᠢ ᠵᠡᠷᠭᠡᠯᠡᠳᠡᠭᠡᠵᠢᠨ ᠬᠤᠭᠤᠷᠤᠨᠳᠤᠬᠢ ᠬᠠᠷᠢᠯᠴᠠᠭ᠎ᠠ ᠪᠡᠨ ᠴᠢᠩᠭᠠᠳᠬᠠᠨ᠂ ᠨᠦᠬᠦᠷᠰᠡᠭ ᠡᠶ᠎ᠡ ᠨᠠᠢᠷᠳᠠᠢ ᠨᠡᠢᠭᠡᠮ ᠳᠤᠭᠤᠷᠢᠭ ᠢ᠋ ᠪᠠᠢᠭᠤᠯᠬᠤ ᠵᠢ ᠠᠬᠢᠭᠤᠯᠤᠭᠰᠠᠨ ᠪᠠᠢᠨ᠎ᠠ᠃ ᠵᠢᠷᠤᠭ ᠪᠤᠯ ᠰᠠᠭᠤᠭᠠᠯᠢ ᠠᠷᠠᠳ ᠰᠢᠨᠵᠢᠯᠡᠬᠦ ᠤᠬᠠᠭᠠᠨ ᠢ᠋ ᠳᠦᠬᠡᠮᠡᠯᠵᠢᠬᠦᠯᠬᠦ ᠰᠤᠨᠢᠷᠬᠠᠯᠳᠤ ᠠᠵᠢᠯᠯᠠᠭᠠᠳᠦ ᠤᠷᠤᠯᠴᠠᠵᠤ ᠪᠠᠢᠭ᠎ᠠ ᠨᠢ᠃
ᠰᠤᠷᠪᠤᠯᠵᠢᠯᠠᠭᠴᠢ ᠪᠤᠶᠠᠠᠡᠨᠡᠷᠢᠯ ᠰᠡᠬᠦᠳᠡᠷᠯᠡᠪᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃