2026-10-15 17:09:36
ᠦᠬᠠᠢ ᠬᠣᠲᠠ᠎ᠶᠢᠨ ᠤᠳᠠ ᠵᠢᠨ ᠲᠤᠬᠤᠢ ᠲᠣᠭᠣᠷᠢᠭ᠋᠎ᠤᠨ ᠰᠤᠬᠠᠢ᠎ᠲᠤ ᠵᠡᠭᠡᠯᠢ ᠭᠤᠳᠤᠮᠵᠢ᠎ᠶᠢᠨ ᠵᠧᠨ ᠬᠤᠸᠠ ᠨᠡᠢᠭᠡᠮ ᠲᠣᠭᠣᠷᠢᠭ᠋᠎ᠤᠨ 《ᠤᠷᠠᠨ ᠳᠠᠷᠬᠠᠨ ᠪᠦᠯᠬᠦᠮ》᠎ᠳ᠋ᠤ ᠣᠷᠣᠯᠴᠠᠭᠰᠠᠨ ᠰᠠᠭᠤᠭᠠᠯᠢ ᠠᠷᠠᠳ ᠦᠪᠡᠷ᠎ᠤᠨ ᠪᠦᠳᠦᠬᠡᠭᠰᠡᠡ ᠴᠠᠭᠠᠰᠤᠨ ᠬᠠᠢᠴᠢᠯᠠᠮᠠᠯ᠂ ᠬᠠᠳᠬᠤᠮᠠᠯ ᠵᠡᠷᠬᠡ ᠪᠦᠲᠦᠭᠡᠯ᠎ᠨᠢ ᠠᠯᠢ ᠨᠢᠭᠡᠨ ᠡᠳᠦᠷ ᠪᠡᠯᠡᠭ᠎ᠤᠨ ᠬᠤᠪᠢ ᠪᠠᠷ ᠬᠠᠷᠢᠶᠠᠲᠤ ᠣᠷᠣᠨ᠎ᠤ ᠠᠵᠤ ᠠᠬᠤᠢᠯᠠᠯ᠎ᠳᠤ ᠬᠦᠷᠦᠨ᠎ᠠ ᠭᠡᠳᠡᠭ᠎ᠢ ᠪᠤᠳᠤᠵᠤ ᠣᠯᠤᠭ᠎ᠠ ᠦᠭᠡᠢ᠃ ᠨᠡᠩ ᠰᠠᠨᠠᠭᠠᠨ᠎ᠡᠴᠡ ᠭᠠᠳᠠᠭᠤᠷ ᠨᠢ᠂ ᠠᠵᠤ ᠠᠬᠤᠢᠯᠠᠯ ᠴᠤ᠌ ᠴᠢᠳᠠᠯ᠎ᠤᠨ ᠬᠢᠷᠢ᠎ᠪᠡᠷ᠎ᠢᠶᠡᠨ ᠨᠡᠢᠭᠡᠮ ᠲᠣᠭᠣᠷᠢᠭ᠋᠎ᠲᠤ ᠠᠴᠢ ᠲᠤᠰᠠ ᠬᠠᠷᠢᠭᠤᠯᠠᠵᠤ᠂ ᠡᠨᠡ ᠬᠦ᠌ ᠬᠠᠷᠢᠯᠴᠠᠠ ᠬᠠᠯᠠᠮᠵᠢᠯᠠᠭᠰᠠᠠ ᠬᠠᠢᠷ᠎ᠠ ᠬᠠᠯᠠᠮᠵᠢ ᠨᠢ ᠲᠡᠳᠡᠨ ᠤ ᠰᠡᠳᠬᠢᠯ᠎ᠢ ᠲᠤᠯᠠᠭᠠᠴᠠᠭᠤᠯᠤᠭᠰᠠᠠ ᠪᠠᠢᠨ᠎ᠠ᠃
ᠨᠠᠮᠤᠷ᠎ᠤᠨ ᠨᠢᠬᠡ ᠦᠳᠡ᠎ᠶᠢᠨ ᠡᠮᠦᠨ᠎ᠡ᠂ ᠵᠧᠨ ᠬᠤᠸᠠ ᠨᠡᠢᠭᠡᠮ ᠲᠣᠭᠣᠷᠢᠭ᠋᠎ᠤᠨ 《ᠤᠷᠠᠨ ᠳᠠᠷᠬᠠᠨ ᠪᠦᠯᠬᠦᠮ》 ᠤ᠋ᠨ ᠠᠵᠢᠯᠯᠠᠭᠠᠨ᠎ᠦ ᠲᠠᠰᠤᠭ᠎ᠲᠤ 8 ᠬᠦᠮᠦᠨ ᠬᠦᠷᠢᠶᠡᠯᠡᠨ ᠰᠠᠭᠤᠵᠤ᠂ ᠠᠩᠬᠠᠷᠤᠯ᠎ᠢᠶᠠᠨ ᠲᠥᠪᠯᠡᠷᠡᠭᠦᠯᠦᠨ ᠬᠠᠢᠴᠢᠯᠠᠮᠠᠯ ᠬᠠᠢᠴᠢᠯᠠᠨ᠎ᠠ᠃ ᠲᠡᠳᠡᠨ ᠤ ᠭᠠᠷ᠎ᠲᠠᠬᠢ ᠬᠠᠢᠴᠢ ᠨᠢ ᠴᠠᠭᠠᠰᠤ᠎ᠶᠢ ᠰᠦᠯᠵᠢᠨ ᠬᠠᠢᠴᠢᠯᠠᠬᠰᠠᠭᠠᠷ ᠨᠢᠭᠡᠨ ᠤᠷᠠᠨ ᠰᠠᠢᠬᠠᠨ ᠠᠯᠲᠠᠨ ᠵᠢᠭᠠᠰᠤᠨ᠎ᠤ ᠵᠢᠷᠤᠭ ᠠᠭᠠᠵᠢᠮ᠎ᠢᠶᠠᠷ ᠢᠯᠡᠷᠡᠯ᠎ᠡ᠃
《ᠣᠯᠠᠨ᠎ᠢᠶᠠᠷ᠎ᠢᠶᠠᠨ ᠪᠢᠲᠡᠭᠡᠢ ᠶᠠᠭᠠᠷᠠ᠂ ᠤᠷᠢᠳ᠎ᠢᠶᠠᠷ ᠪᠣᠷᠣ᠌ ᠲᠥᠯᠥᠪ᠎ᠢ ᠨᠢ ᠬᠠᠢᠴᠢᠯᠠᠵᠤ᠂ ᠳᠠᠷᠠᠭ᠎ᠠ ᠨᠢ ᠨᠠᠷᠢᠨ ᠵᠦᠢᠯᠡᠰ᠎ᠢ ᠨᠢ ᠬᠠᠢᠴᠢᠯᠠᠭᠠᠷᠠᠢ》 ᠭᠡᠵᠦ ᠸᠠᠩ ᠨᠢᠩ ᠰᠢᠷᠡᠭᠡᠨ᠎ᠦ ᠬᠠᠵᠠᠭᠤ᠎ᠳᠤ ᠵᠣᠭᠰᠣᠨ᠂ ᠨᠢᠭᠡ ᠲᠠᠯ᠎ᠠ᠎ᠪᠠᠷ ᠵᠢᠱ᠌ᠢᠶ᠎ᠡ ᠦᠵᠡᠭᠦᠯᠵᠦ᠂ ᠨᠦᠬᠦᠬᠡ ᠲᠠᠯ᠎ᠠ᠎ᠪᠠᠷ ᠨᠠᠮ ᠳᠠᠭᠤᠨ᠎ᠢᠶᠡᠷ ᠨᠦᠬᠦᠳ ᠵᠢᠠᠨ ᠰᠠᠨᠠᠭᠤᠯᠤᠨ᠎ᠠ᠃ ᠸᠠᠩ ᠨᠢᠩ ᠪᠣᠯ ᠨᠡᠢᠭᠡᠮ ᠲᠣᠭᠣᠷᠢᠭ᠋᠎ᠤᠨ ᠠᠯᠳᠠᠷᠲᠤ ᠴᠠᠭᠠᠰᠤᠨ ᠬᠠᠢᠴᠢᠯᠠᠮᠠᠯ᠎ᠤᠨ 《ᠤᠷᠠᠨ ᠳᠠᠷᠬᠠᠨ》 ᠪᠣᠯᠬᠤ ᠪᠥᠭᠡᠳ ᠵᠧᠨ ᠬᠤᠸᠠ ᠨᠡᠢᠭᠡᠮ ᠲᠣᠭᠣᠷᠢᠭ᠋᠎ᠤᠨ 《ᠤᠷᠠᠨ ᠳᠠᠷᠬᠠᠨ ᠪᠦᠯᠬᠦᠮ》 ᠤ᠋ᠨ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠲᠦᠷᠦᠯ ᠵᠦᠢᠯ᠎ᠦᠨ ᠵᠢᠯᠤᠭᠣᠳᠤᠭᠴᠢ ᠪᠠᠭ᠍ᠰᠢ ᠪᠣᠯᠣᠨ᠎ᠠ᠃ ᠰᠠᠷ᠎ᠠ ᠪᠦᠷᠢ ᠲᠣᠭᠲᠠᠮᠠᠯ ᠪᠤᠰᠤ ᠪᠡᠷ ᠰᠠᠭᠤᠭᠠᠯᠢ ᠠᠷᠠᠳ᠎ᠢ ᠳᠠᠭᠠᠭᠤᠯᠤᠨ ᠴᠠᠭᠠᠰᠤᠨ ᠬᠠᠢᠴᠢᠯᠠᠮᠠᠯ ᠬᠠᠢᠴᠢᠯᠠᠨ᠎ᠠ᠃ ᠳᠠᠷᠠᠭ᠎ᠠ ᠨᠢ ᠡᠳᠡᠭᠡᠷ ᠴᠠᠭᠠᠰᠤᠨ ᠬᠠᠢᠴᠢᠯᠠᠮᠠᠯ᠎ᠤᠨ ᠪᠦᠲᠦᠭᠡᠯ᠎ᠢ ᠨᠢᠭᠡ ᠬᠤᠪᠢ ᠪᠡᠯᠡᠭ ᠪᠣᠯᠭᠠᠨ ᠬᠠᠷᠢᠶᠠᠲᠤ ᠣᠷᠣᠨ᠎ᠤ ᠨᠢᠭᠡᠨ ᠠᠵᠤ ᠠᠬᠤᠢᠯᠠᠯ᠎ᠳᠤ ᠬᠦᠷᠭᠡᠳᠡᠭ᠃
ᠣᠳᠣᠬᠠᠨ᠎ᠳᠤ 《ᠤᠷᠠᠨ ᠳᠠᠷᠬᠠᠨᠪᠦᠯᠬᠦᠮ》 ᠤ᠋ᠨ ᠡᠨᠡ ᠬᠦ᠌ ᠵᠢᠵᠢᠭᠬᠡᠨ ᠭᠠᠵᠠᠷ᠎ᠲᠤ ᠰᠠᠭᠤᠭᠠᠯᠢ ᠠᠷᠠᠳ ᠭᠠᠷ ᠤᠷᠠᠯᠠᠯ ᠰᠤᠷᠴᠤ᠂ ᠬᠥᠷᠰᠢ ᠵᠡᠷᠭᠡᠯᠡᠳᠡᠭᠡ᠎ᠶᠢᠨ᠎ᠢᠶᠡᠨ ᠬᠠᠢᠷ᠎ᠠ ᠰᠡᠳᠬᠢᠯᠭᠡ᠎ᠶᠢ ᠣᠯᠣᠭᠰᠠᠨ ᠪᠥᠭᠡᠳ ᠪᠠᠰᠠ ᠥᠭᠡᠷ᠎ᠡ ᠨᠢᠭᠡ ᠵᠦᠢᠯ᠎ᠦᠨ ᠠᠷᠭ᠎ᠠ ᠮᠠᠶᠢᠭ᠋᠎ᠢᠶᠠᠷ ᠳᠠᠮᠵᠢᠭᠤᠯᠤᠨ ᠨᠡᠢᠭᠡᠮ ᠲᠣᠭᠣᠷᠢᠭ᠋᠎ᠤᠨ ᠵᠠᠰᠠᠯᠲᠠ᠎ᠳᠤ ᠨᠢᠭᠡ ᠬᠤᠪᠢ ᠬᠦᠴᠦᠨ ᠨᠡᠮᠡᠷᠢ ᠦᠵᠡᠭᠦᠯᠵᠡᠢ᠃
ᠵᠧᠨ ᠬᠤᠸᠠ ᠨᠡᠢᠭᠡᠮ ᠲᠣᠭᠣᠷᠢᠭ᠋ ᠤᠳᠠ ᠵᠢᠨ ᠲᠤᠬᠤᠢ ᠲᠣᠭᠣᠷᠢᠭ᠋᠎ᠤᠨ ᠠᠭᠤᠷᠬᠠᠢ᠎ᠶᠢᠨ ᠣᠷᠣᠨ᠎ᠤ ᠵᠠᠬ᠎ᠠ᠎ᠳᠤ ᠪᠠᠢᠷᠢᠯᠠᠵᠤ᠂ ᠲᠤᠬᠠᠢ᠎ᠶᠢᠨ ᠵᠢᠯ᠎ᠳᠦ ᠨᠡᠭᠦᠷᠡᠰᠦᠨ ᠠᠭᠤᠷᠬᠠᠢ᠎ᠶᠢ ᠨᠡᠭᠡᠭᠡᠨ ᠮᠠᠯᠲᠠᠵᠤ᠂ ᠡᠨᠳᠡᠬᠢ ᠨᠢ ᠦᠬᠠᠢ ᠬᠤᠳᠠ᠎ᠶᠢᠨ ᠰᠠᠭᠤᠷᠢ ᠪᠣᠯᠵᠤ᠂ ᠦᠶ᠎ᠡ ᠦᠶ᠎ᠡ᠎ᠶᠢᠨ ᠠᠭᠤᠷᠬᠠᠢ᠎ᠶᠢᠨ ᠠᠵᠢᠯᠴᠢᠳ ᠡᠨᠳᠡ ᠰᠠᠭᠤᠷᠢᠰᠢᠪᠠ᠃ ᠴᠠᠭᠠᠰᠤᠨ ᠬᠠᠢᠴᠢᠯᠠᠮᠠᠯ᠂ ᠬᠠᠳᠬᠤᠮᠠᠯ ᠵᠡᠷᠭᠡ ᠠᠷᠠᠳ᠎ᠤᠨ ᠤᠷ᠎ᠠ ᠮᠡᠷᠭᠡᠵᠢᠯ ᠨᠢ ᠠᠭᠤᠷᠬᠠᠢ᠎ᠶᠢᠨ ᠠᠵᠢᠯᠴᠢᠳ᠎ᠤᠨ ᠭᠡᠷ ᠪᠦᠯᠢ᠎ᠶᠢᠨ ᠬᠢᠨ᠎ᠤ ᠠᠮᠢᠳᠤᠷᠠᠯ᠎ᠢᠶᠡᠨ ᠴᠢᠮᠡᠬᠦ ᠤᠷᠠᠨ ᠰᠡᠳᠬᠢᠮᠵᠢ ᠪᠣᠯᠤᠭᠰᠠᠨ ᠪᠥᠭᠡᠳ ᠤᠳᠠ ᠵᠢᠨ ᠲᠤᠬᠤᠢ ᠵᠢᠨ ᠠᠭᠤᠷᠬᠠᠢ᠎ᠶᠢᠨ ᠣᠷᠣᠨ᠎ᠤ ᠬᠣᠪᠣᠷ ᠨᠠᠨᠳᠢᠨ ᠰᠣᠶᠣᠯ᠎ᠤᠨ ᠳᠤᠷᠠᠰᠤᠮᠵᠢ ᠪᠣᠯᠵᠠᠢ᠃
ᠣᠢᠷ᠎ᠠ᠎ᠶᠢᠨ ᠵᠢᠯ᠎ᠡᠴᠡ ᠨᠠᠭᠠᠰᠢ᠂ ᠠᠭᠤᠷᠬᠠᠢ᠎ᠶᠢᠨ ᠣᠷᠣᠨ᠎ᠢ ᠨᠡᠭᠦᠯᠭᠡᠨ ᠥᠭᠡᠷᠡᠴᠢᠯᠡᠬᠦ ᠪᠠ ᠬᠥᠮᠥᠨ ᠠᠮᠠ᠎ᠶᠢᠨ ᠰᠢᠯᠵᠢᠯᠲᠡ᠎ᠶᠢ ᠳᠠᠭᠠᠯᠳᠤᠨ᠂ ᠵᠧᠨ ᠬᠤᠸᠠ ᠨᠡᠢᠭᠡᠮ ᠲᠣᠭᠣᠷᠢᠭ᠋᠎ᠲᠤ ᠲᠤᠯᠭᠠᠷᠠᠵᠤ ᠪᠠᠢᠭ᠎ᠠ ᠠᠰᠠᠭᠤᠳᠠᠯ ᠨᠢᠭᠡᠳ ᠨᠢᠭᠡ᠎ᠪᠡᠷ ᠢᠯᠡᠷᠡᠪᠡ᠄ ᠨᠠᠰᠤᠲᠠᠢᠴᠤᠳ ᠤᠯᠠᠮ᠎ᠡᠴᠡ ᠤᠯᠠᠮ ᠣᠯᠠᠰᠢᠷᠠᠵᠤ᠂ ᠰᠠᠭᠤᠷᠢ ᠲᠥᠬᠦᠭᠡᠷᠦᠮᠵᠢ ᠳᠠᠭᠠᠵᠤ ᠠᠮᠵᠢᠬᠤ ᠦᠭᠡᠢ᠂ ᠰᠣᠶᠣᠯ᠎ᠤᠨ ᠠᠵᠢᠯᠯᠠᠭ᠎ᠠ ᠴᠥᠭᠡᠨ᠂ ᠤᠯᠠᠮᠵᠢᠯᠠᠯᠲᠤ ᠭᠠᠷ ᠤᠷᠠᠯᠠᠯ ᠴᠤ᠌ ᠲᠠᠰᠤᠯᠳᠠᠬᠤ ᠪᠠᠢᠳᠠᠯ᠎ᠳᠤ ᠲᠤᠯᠭᠠᠷᠠᠵᠤ ᠪᠠᠢᠨ᠎ᠠ᠃
ᠡᠲᠡᠭᠡᠷ ᠠᠯᠢ ᠣᠯᠠᠨ ᠠᠰᠠᠭᠤᠳᠠᠯ᠎ᠤᠨ ᠡᠮᠦᠨ᠎ᠡ᠂ ᠵᠧᠨ ᠬᠤᠸᠠ ᠨᠡᠢᠭᠡᠮ ᠲᠣᠭᠣᠷᠢᠭ᠋ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠵᠢᠨ ᠰᠠᠭᠤᠷᠢᠨ ᠰᠢᠪᠲᠤᠯᠤᠯᠲᠠ᠎ᠶᠢᠨ ᠴᠡᠭ ᠡᠷᠢᠵᠦ᠂《ᠪᠣᠯᠪᠠᠰᠤᠨ᠎ᠤ ᠦᠢᠯᠡᠳᠦᠯᠭᠡ + ᠤᠯᠠᠮᠵᠢᠯᠠᠯᠲᠤ ᠭᠠᠷ ᠤᠷᠠᠯᠠᠯ + ᠠᠷᠠᠳ᠎ᠲᠤ ᠠᠰᠢᠭ᠋ ᠬᠦᠷᠲᠡᠭᠡᠬᠦ 》 ᠠᠭᠤᠰᠤᠯᠴᠠᠭᠰᠠᠨ ᠵᠠᠭᠪᠤᠷ᠎ᠢ ᠬᠡᠷᠡᠭᠵᠢᠭᠦᠯᠵᠦ᠂ 《ᠤᠷᠠᠨ ᠳᠠᠷᠬᠠᠨᠪᠦᠯᠬᠦᠮ》 ᠤ᠋ᠨ ᠲᠥᠷᠥᠯ ᠲᠡᠮᠳᠡᠭ᠎ᠢ ᠪᠠᠢᠭᠤᠯᠵᠤ᠂ ᠨᠢᠭᠡ ᠲᠠᠯ᠎ᠠ᠎ᠪᠠᠷ ᠭᠠᠷ ᠤᠷᠠᠯᠠᠯ᠎ᠤᠨ ᠤᠭ ᠦᠨᠳᠦᠰᠦ᠎ᠶᠢ ᠬᠠᠮᠠᠭᠠᠯᠠᠵᠤ᠂ ᠨᠥᠭᠥᠭᠡ ᠲᠠᠯ᠎ᠠ᠎ᠪᠠᠷ ᠣᠶᠤᠨ᠎ᠤ ᠪᠣᠯᠪᠠᠰᠤᠨ᠎ᠤ ᠪᠠᠢᠭᠤᠯᠤᠯᠲᠠ ᠪᠠ ᠦᠨᠳᠦᠰᠦᠨ ᠱᠠᠲᠤᠨ᠎ᠤ ᠵᠠᠰᠠᠯᠲᠠ᠎ᠳᠤ ᠬᠦᠴᠦᠨ ᠨᠡᠮᠡᠷᠢᠯᠡᠵᠦ᠂ ᠥᠪᠡᠷ᠎ᠦᠨ ᠭᠡᠰᠡᠨ ᠬᠥᠭᠵᠢᠯᠳᠠ ᠵᠢᠨ ᠵᠠᠮ᠎ᠢᠶᠠᠨ ᠨᠡᠭᠡᠭᠡᠭᠰᠡᠨ ᠪᠠᠢᠨ᠎ᠠ᠃
ᠨᠡᠢᠭᠡᠮ ᠲᠣᠭᠣᠷᠢᠭ᠋᠎ᠡᠴᠡ ᠨᠢᠭᠡ ᠠᠵᠢᠯᠯᠠᠭᠠᠨ᠎ᠦ ᠲᠠᠰᠤᠭ ᠰᠤᠯᠠᠯᠠᠨ ᠭᠠᠷᠭᠠᠵᠤ 《ᠤᠷᠠᠨ ᠳᠠᠷᠬᠠᠨ ᠪᠦᠯᠬᠦᠮ》 ᠤ᠋ᠨ ᠠᠵᠢᠯᠯᠠᠭ᠎ᠠ᠎ᠳᠤ ᠬᠡᠷᠡᠭᠯᠡᠵᠦ᠂ ᠪᠠᠰᠠ ᠲᠤᠬᠠᠢ ᠵᠢᠨ ᠭᠠᠵᠠᠷ᠎ᠤᠨ ᠤᠯᠠᠨ 《ᠤᠷᠠᠨ ᠳᠠᠷᠬᠠᠨ》 ᠢ᠋ ᠴᠤᠭᠯᠠᠭᠤᠯᠤᠨ ᠪᠣᠯᠪᠠᠰᠤᠨ ᠦᠢᠯᠡᠳᠦᠯᠭᠡ᠎ᠶᠢᠨ ᠪᠦᠯᠬᠦᠮ᠎ᠢ ᠵᠣᠬᠢᠶᠠᠨ ᠪᠠᠶ᠋ᠢᠭᠤᠯᠬᠤ᠎ᠶᠢᠨ ᠬᠠᠮᠲᠤ ᠰᠠᠭᠤᠭᠠᠯᠢ ᠠᠷᠠᠳ᠎ᠤᠨ ᠰᠠᠨᠠᠯ᠎ᠢ ᠬᠤᠷᠢᠶᠠᠵᠤ᠂ ᠴᠠᠭᠠᠰᠤᠨ ᠬᠠᠢᠴᠢᠯᠠᠮᠠᠯ᠂ ᠬᠠᠳᠬᠤᠮᠠᠯ ᠵᠡᠷᠭᠡ ᠣᠯᠠᠨ ᠬᠢᠴᠢᠶᠡᠯ᠎ᠢ ᠨᠠᠷᠢᠨ ᠨᠢᠮᠪᠠᠢ ᠲᠥᠯᠥᠪᠯᠡᠨ᠂ ᠰᠠᠭᠤᠭᠠᠯᠢ ᠠᠷᠠᠳ᠎ᠤᠨ ᠬᠦᠷᠢᠶᠡᠯᠡᠯ᠎ᠢ ᠣᠯᠣᠭᠰᠠᠨ ᠪᠠᠢᠨ᠎ᠠ᠃
《ᠨᠢᠭᠡ ᠵᠦᠢᠯ᠎ᠦᠨ ᠭᠠᠷ ᠤᠷᠠᠯᠠᠯ ᠰᠤᠷᠴᠤ᠂ ᠠᠮᠢᠳᠤᠷᠠᠯ᠎ᠢᠶᠠᠨ ᠪᠠᠶᠠᠯᠢᠭ᠍ᠵᠢᠭᠤᠯᠤᠭᠰᠠᠨ᠎ᠢᠶᠠᠷ ᠪᠠᠷᠠᠬᠤ ᠦᠭᠡᠢ ᠪᠠᠰᠠ ᠮᠠᠰᠢ ᠣᠯᠠᠨ ᠡᠭᠡᠴᠢ ᠳᠡᠭᠦᠦ᠎ᠲᠠᠢ ᠲᠠᠨᠢᠯᠴᠠᠵᠠᠢ》᠃ ᠰᠠᠭᠤᠭᠠᠯᠢ ᠠᠷᠠᠳ ᠯᠢ ᠴᠢᠶᠣᠤ ᠯᠠᠨ ᠤᠤᠯ ᠨᠢ ᠰᠤᠯᠠ ᠰᠡᠯᠡᠭᠦᠦ ᠦᠶ᠎ᠡ᠎ᠳᠡᠭᠡᠨ ᠭᠡᠷ᠎ᠲᠡᠬᠡᠨ ᠭᠠᠷ ᠤᠲᠠᠰᠤ ᠤᠷᠤᠯᠳᠤᠬᠤ ᠪᠤᠶᠤ ᠲᠧᠯᠸᠢᠰ ᠱᠠᠭᠠᠢᠳᠠᠭ ᠪᠠᠢᠵᠠᠢ᠂ ᠤᠳᠤ ᠬᠠᠷᠢᠨ ᠭᠠᠷᠠᠭ ᠪᠦᠷᠢ 《ᠤᠷᠠᠨ ᠳᠠᠷᠬᠠᠨᠪᠦᠯᠬᠦᠮ》 ᠳ᠋ᠤ ᠣᠴᠢᠬᠤ᠎ᠶᠢ ᠯᠠ ᠬᠦᠰᠡᠨ ᠬᠦᠯᠢᠶᠡᠳᠡᠭ ᠪᠤᠯᠪᠠ᠃
ᠬᠠᠢᠴᠢ᠂ ᠬᠠᠳᠬᠤᠮᠠᠯ᠎ᠤᠨ ᠵᠡᠭᠦᠦ ᠨᠢ ᠠᠭᠤᠷᠬᠠᠢ᠎ᠶᠢᠨ ᠣᠷᠣᠨ᠎ᠤ ᠰᠠᠭᠤᠭᠠᠯᠢ ᠠᠷᠠᠳ᠎ᠤᠨ ᠠᠮᠢᠳᠤᠷᠠᠯ᠎ᠳᠤ ᠬᠡᠷᠡᠯ ᠭᠢᠯᠪᠠᠭ᠎ᠠ ᠨᠡᠮᠡᠷᠢᠯᠡᠵᠦ᠂ ᠨᠠᠩ ᠪᠠᠶᠠᠷᠯᠠᠭᠤᠰᠢᠲᠠᠢ ᠨᠢ ᠡᠲᠡᠭᠡᠷ ᠭᠠᠷ ᠤᠷᠠᠯᠠᠯ᠎ᠤᠨ ᠪᠦᠲᠦᠭᠡᠭᠳᠡᠬᠦᠨ ᠨᠢ ᠪᠠᠰᠠ ᠨᠡᠢᠭᠡᠮ ᠲᠣᠭᠣᠷᠢᠭ᠋ ᠪᠣᠯᠣᠨ ᠬᠠᠷᠢᠶ᠎ᠠ ᠣᠷᠣᠨ᠎ᠤ ᠠᠵᠤ ᠠᠬᠤᠢᠯᠠᠯ᠎ᠤᠨ ᠬᠣᠭᠣᠷᠣᠨᠳᠣᠬᠢ 《ᠬᠠᠯᠠᠭᠤᠨ ᠳᠤᠯᠠᠭᠠᠨ ᠬᠣᠯᠪᠣᠭᠠᠰᠤ》 ᠪᠣᠯᠵᠤ᠂ ᠪᠣᠯᠪᠠᠰᠤᠨ᠎ᠤ ᠦᠢᠯᠡᠳᠦᠯᠭᠡ᠎ᠶᠢᠨ 《ᠨᠠᠢᠵᠠ᠎ᠶᠢᠨ ᠲᠣᠭᠣᠷᠢᠭ᠋》 ᠢ᠋ ᠪᠦᠲᠦᠮᠵᠢᠲᠡᠶ ᠥᠷᠭᠡᠳᠬᠡᠪᠡ᠃
《ᠣᠷᠣᠯᠴᠠᠭᠰᠠᠨ ᠰᠠᠭᠤᠭᠠᠯᠢ ᠠᠷᠠᠳ ᠤᠯᠠᠮ᠎ᠡᠴᠡ ᠤᠯᠠᠮ ᠣᠯᠠᠰᠢᠷᠠᠵᠤ᠂ ᠤᠯᠠᠨ᠎ᠤ ᠤᠷ᠎ᠠ ᠮᠡᠷᠭᠡᠵᠢᠯ ᠴᠦ᠍ ᠤᠯᠠᠮ᠎ᠡᠴᠡ ᠤᠯᠠᠮ ᠰᠠᠢᠵᠢᠷᠠᠵᠤ ᠪᠠᠢᠨ᠎ᠠ᠂ ᠪᠢᠳᠡ ᠡᠭᠦᠨ᠎ᠦ ᠳᠣᠲᠣᠷᠠᠬᠢ ᠰᠢᠯᠢᠳᠡᠭ᠎ᠢ ᠨᠢ ᠰᠣᠩᠭᠣᠵᠤ ᠬᠠᠷᠢᠶᠠᠲᠦ ᠣᠷᠣᠨ᠎ᠤ᠎ᠪᠠᠨ ᠦᠬᠠᠢ᠎ᠶᠢᠨ ᠡᠨᠧᠷᠭᠢ᠎ᠶᠢᠨ ᠰᠤᠬᠠᠢ᠎ᠲᠤ ᠠᠭᠤᠷᠬᠠᠢ᠎ᠶᠢᠨ ᠦᠢᠯᠡᠰ᠎ᠦᠨ ᠺᠣᠮᠫᠠᠨᠢ ᠵᠡᠷᠭᠡ ᠠᠵᠤ ᠠᠬᠤᠢᠯᠠᠯ᠎ᠳᠤ ᠬᠦᠷᠭᠡᠪᠡ᠂ ᠪᠠᠰᠠ ᠠᠵᠤ ᠠᠬᠤᠢᠯᠠᠯ᠎ᠤᠨ ᠢᠳᠡᠪᠬᠢᠲᠡᠢ ᠬᠠᠷᠢᠭᠤ ᠲᠤᠰᠬᠠᠯ᠎ᠢ ᠣᠯᠵᠠᠢ》᠃ ᠵᠧᠨ ᠬᠤᠸᠠ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶᠠᠨ᠎ᠤ ᠱᠦᠵᠢ ᠯᠢᠦ ᠯᠢᠨ᠂ ᠰᠠᠭᠤᠭᠠᠯᠢ ᠠᠷᠠᠳ᠎ᠤᠨ ᠵᠣᠬᠢᠶᠠᠨ ᠪᠦᠲᠦᠭᠡᠭᠰᠡᠨ ᠠᠭᠤᠷᠬᠠᠢ᠎ᠶᠢᠨ ᠠᠵᠢᠯᠴᠢᠨ᠎ᠤ ᠳᠦᠷᠢ ᠲᠥᠷᠬᠦ᠎ᠲᠠᠢ ᠴᠠᠭᠠᠰᠤᠨ ᠬᠠᠢᠴᠢᠯᠠᠮᠠᠯ᠎ᠤᠨ ᠪᠦᠲᠦᠭᠡᠯ᠎ᠢ ᠰᠤᠬᠠᠢ᠎ᠲᠤ ᠠᠭᠤᠷᠬᠠᠢ᠎ᠶᠢᠨ ᠦᠢᠯᠡᠰ᠎ᠦᠨ ᠺᠣᠮᠫᠠᠨᠢ ᠮᠠᠰᠢ ᠨᠠᠨᠳᠢᠩᠨᠠᠨ ᠬᠠᠳᠠᠭᠠᠯᠠᠵᠤ᠂ ᠡᠨᠡ ᠬᠦ᠌ ᠠᠭᠤᠷᠬᠠᠢ᠎ᠶᠢᠨ ᠣᠷᠣᠨ᠎ᠤ ᠳᠤᠷᠠᠰᠤᠮᠵᠢ ᠪᠣᠯᠣᠨ ᠬᠥᠷᠰᠢ ᠵᠡᠷᠭᠡᠯᠡᠳᠡᠭᠡ᠎ᠶᠢᠨ ᠬᠠᠯᠠᠭᠤᠨ ᠳᠤᠯᠠᠭᠠᠨ᠎ᠢ ᠪᠠᠭᠲᠠᠭᠠᠭᠰᠠᠨ ᠪᠡᠯᠡᠭ ᠨᠢ ᠠᠵᠤ ᠠᠬᠤᠢᠯᠠᠯ᠎ᠤᠨ ᠭᠢᠨ ᠤ ᠰᠡᠳᠬᠢᠯ᠎ᠳᠦ ᠭᠦᠨ ᠦᠨᠳᠦᠰᠦᠯᠡᠵᠡᠢ ᠭᠡᠵᠦ ᠪᠠᠢᠨ᠎ᠠ᠃ ᠡᠨᠡ ᠵᠢᠯ᠎ᠦᠨ ᠦᠶᠡᠷ᠎ᠦᠨ ᠬᠤᠭᠤᠴᠠᠭ᠎ᠠ ᠪᠣᠯᠬᠤ᠎ᠡᠴᠡ ᠡᠮᠦᠨ᠎ᠡ᠂ ᠠᠵᠤ ᠠᠬᠤᠢᠯᠠᠯ ᠰᠠᠨᠠᠭᠠᠴᠢᠯᠠᠭ᠎ᠠ᠎ᠡᠴᠡ᠎ᠪᠠᠨ ᠨᠡᠢᠭᠡᠮ ᠲᠣᠭᠣᠷᠢᠭ᠋᠎ᠲᠠᠢ ᠬᠣᠯᠪᠤᠭᠠᠯᠠᠨ᠂ ᠨᠡᠢᠭᠡᠮ ᠲᠣᠭᠣᠷᠢᠭ᠋᠎ᠤᠨ ᠬᠡᠳᠦᠨ ᠬᠡᠰᠡᠭ ᠡᠪᠳᠡᠭᠳᠡᠭᠰᠡᠨ
ᠵᠠᠮ᠎ᠢ ᠵᠠᠰᠠᠵᠤ᠂ ᠰᠠᠭᠤᠭᠠᠯᠢ ᠠᠷᠠᠳ᠎ᠤᠨ ᠶᠠᠪᠤᠵᠤ ᠰᠠᠭᠤᠬᠤ ᠪᠠ ᠦᠶᠡᠷ᠎ᠢ ᠰᠡᠷᠭᠡᠢᠯᠡᠬᠦ ᠬᠦᠴᠢᠷ ᠠᠰᠠᠭᠤᠳᠠᠯ᠎ᠢ ᠦᠨᠡᠨ ᠬᠦ᠌ ᠰᠢᠢᠳᠪᠦᠷᠢᠯᠡᠪᠡ᠃
ᠰᠤᠷᠪᠤᠯᠵᠢᠯᠠᠬᠤ ᠵᠠᠪᠰᠠᠷ᠎ᠲᠦ᠂ ᠬᠠᠷᠢᠶᠠᠲᠤ ᠣᠷᠣᠨ᠎ᠤ ᠨᠢᠭᠡᠨ ᠪᠠᠷᠢᠯᠭ᠎ᠠ᠎ᠶᠢᠨ ᠺᠣᠮᠫᠠᠨᠢ᠎ᠶᠢᠨ ᠠᠵᠢᠯᠲᠠᠨ ᠨᠡᠢᠭᠡᠮ ᠲᠣᠭᠣᠷᠢᠭ᠋᠎ᠲᠤ ᠢᠷᠡᠪᠡ᠃ ᠡᠮᠦᠨ᠎ᠡ ᠬᠡᠳᠦᠨ ᠡᠳᠦᠷ ᠰᠠᠭᠤᠭᠠᠯᠢ ᠠᠷᠠᠳ ᠯᠢ ᠬᠦᠶ ᠯᠠᠨ᠎ᠤ ᠭᠡᠷ᠎ᠦᠨ ᠴᠠᠬᠢᠯᠭᠠᠨ ᠬᠡᠯᠬᠢᠶ᠎ᠡ ᠠᠰᠠᠭᠤᠳᠠᠯ ᠭᠠᠷᠴᠠᠢ ᠭᠡᠵᠦ ᠰᠣᠨᠣᠰᠤᠭᠠᠳ᠂ ᠠᠵᠤ ᠠᠬᠤᠢᠯᠠᠯ ᠲᠤᠰᠬᠠᠢ ᠬᠥᠮᠥᠨ ᠲᠣᠮᠢᠯᠠᠨ ᠪᠠᠢᠴᠠᠭᠠᠨ ᠵᠠᠰᠠᠭᠤᠯᠬᠤ ᠪᠡᠷ ᠢᠷᠡᠭᠦᠯᠵᠠᠢ᠃ ᠯᠢᠦ ᠯᠢᠨ ᠰᠤᠷᠪᠤᠯᠵᠢᠯᠠᠭ᠍ᠴᠢ᠎ᠳᠤ ᠬᠡᠯᠡᠬᠦ᠎ᠳᠡᠭᠡᠨ᠂ ᠠᠵᠤ ᠠᠬᠤᠢᠯᠠᠯ ᠨᠢ ᠡᠩ᠎ᠦᠨ ᠦᠶ᠎ᠡ᠎ᠳᠦ ᠰᠠᠭᠤᠭᠠᠯᠢ ᠠᠷᠠᠳ᠎ᠲᠤ ᠰᠡᠯᠪᠢᠨ ᠵᠠᠰᠠᠬᠤ ᠦᠢᠯᠡᠴᠢᠯᠡᠭᠡ ᠬᠠᠩᠭᠠᠬᠤ᠎ᠪᠠᠷ ᠪᠠᠷᠠᠬᠤ ᠦᠭᠡᠢ᠂ ᠰᠠᠭᠤᠭᠠᠯᠢ ᠠᠷᠠᠳ ᠬᠣᠲᠠ᠎ᠶᠢᠨ ᠲᠣᠭᠣᠷᠢᠭ᠋᠎ᠲᠤ ᠣᠴᠢᠵᠤ ᠠᠵᠢᠯ ᠶᠠᠪᠤᠳᠠᠯ ᠭᠦᠢᠴᠡᠳᠬᠡᠬᠦ᠎ᠳᠤ᠂ ᠠᠵᠤ ᠠᠬᠤᠢᠯᠠᠯ ᠨᠢ ᠪᠠᠰᠠ ᠵᠠᠮᠲᠠᠭᠠᠷᠠᠬᠤ ᠲᠡᠷᠭᠡ ᠲᠠᠢ ᠪᠤᠯ ᠲᠣᠰᠴᠤ ᠬᠦᠷᠭᠡᠳᠡᠭ ᠬᠡᠯ᠎ᠠ᠃
《ᠰᠠᠭᠤᠭᠠᠯᠢ ᠠᠷᠠᠳ᠎ᠤᠨ ᠪᠢᠳᠡᠨ᠎ᠳᠦ ᠪᠡᠯᠡᠭᠯᠡᠭᠰᠡᠨ ᠴᠠᠭᠠᠰᠤᠨ ᠬᠠᠢᠴᠢᠯᠠᠮᠠᠯ ᠨᠢ ᠦᠵᠡᠬᠦ᠎ᠳᠦ ᠵᠢᠵᠢᠭᠬᠡᠨ ᠪᠣᠯᠪᠠᠴᠤ ᠬᠠᠢᠷ᠎ᠠ ᠰᠡᠳᠬᠢᠯᠭᠡ ᠬᠦᠨ ᠠᠭᠤᠯᠤᠭᠳᠠᠵᠤ ᠪᠠᠢᠳᠠᠭ᠂ ᠡᠲᠡᠭᠡᠷ ᠭᠠᠷ ᠤᠷᠠᠯᠠᠯ᠎ᠤᠨ ᠪᠦᠲᠦᠭᠡᠭᠳᠡᠭᠦᠨ ᠢ᠋ ᠬᠡᠷᠡᠭᠯᠡᠭᠰᠡᠳ᠎ᠲᠤ ᠪᠦᠳᠦᠭᠡᠭᠳᠡᠬᠦᠨ ᠲᠡᠢ ᠪᠠᠨ ᠬᠠᠮᠳᠤ ᠵᠢᠵᠢᠭᠭᠡᠨ ᠪᠡᠯᠡᠭ ᠪᠣᠯᠭᠠᠨ ᠬᠡᠷᠡᠭᠯᠡᠵᠦ ᠪᠣᠯᠣᠨ᠎ᠠ᠂ ᠪᠢᠳᠠ ᠨᠡᠢᠭᠡᠮ ᠲᠣᠭᠣᠷᠢᠭ᠋᠎ᠲᠤ ᠦᠨᠳᠦᠰᠦᠯᠡᠵᠦ᠂ ᠬᠠᠮᠲᠤ᠎ᠶᠢᠨ ᠭᠡᠷ ᠣᠷᠣᠨ᠎ᠢᠶᠠᠨ ᠰᠡᠳᠬᠢᠯ ᠲᠠᠯᠪᠢᠨ ᠰᠠᠬᠢᠨ ᠬᠠᠮᠠᠭᠠᠯᠠᠪᠠᠯ ᠵᠣᠬᠢᠨ᠎ᠠ》 ᠭᠡᠵᠦ ᠠᠵᠤ ᠠᠬᠤᠢᠯᠠᠯ᠎ᠤᠨ ᠠᠵᠢᠯᠲᠠᠨ ᠮᠧᠩ ᠽᠢ ᠲᠤᠤ ᠬᠡᠯᠡᠪᠡ᠃
ᠣᠳᠣᠬᠠᠨ᠎ᠳᠤ 《ᠤᠷᠠᠨ ᠳᠠᠷᠬᠠᠨᠪᠦᠯᠬᠦᠮ》᠎ᠤ᠋ᠨ ᠪᠣᠯᠪᠠᠰᠤᠨ᠎ᠤ ᠦᠢᠯᠡᠳᠦᠯᠭᠡ᠎ᠶᠢᠨ ᠲᠥᠷᠥᠯ ᠵᠦᠢᠯ᠎ᠦᠨ ᠠᠭᠢᠯᠳᠠ᠎ᠶᠢ ᠳᠠᠭᠠᠯᠳᠤᠨ᠂ ᠨᠠᠰᠤᠲᠠᠢᠴᠤᠤᠨ ᠶᠠᠪᠤᠵᠤ ᠰᠠᠭᠤᠬᠤ ᠭᠠᠵᠠᠷ᠎ᠲᠠᠢ ᠪᠣᠯᠵᠤ᠂ ᠬᠥᠷᠰᠢ ᠵᠡᠷᠭᠡᠯᠡᠳᠡᠭᠡ᠎ᠶᠢᠨ ᠬᠢᠨ ᠶᠠᠪᠤᠯᠴᠠᠭ᠎ᠠ᠎ᠲᠠᠢ ᠪᠣᠯᠵᠤ᠂ ᠭᠠᠷ ᠤᠷᠠᠯᠠᠯ ᠤᠯᠠᠮᠵᠢᠯᠠᠨ ᠵᠠᠯᠭᠠᠮᠵᠢᠯᠠᠭᠳᠠᠬᠤ ᠪᠤᠯᠵᠤ᠂ ᠬᠠᠷᠢᠯᠴᠠᠨ ᠬᠠᠯᠠᠮᠵᠢᠯᠠᠵᠤ ᠶᠠᠪᠤᠳᠠᠭ ᠰᠠᠢᠬᠠᠨ ᠵᠠᠨᠭᠰᠢᠯ ᠨᠢ ᠴᠤ᠌ ᠨᠡᠢᠭᠡᠮ ᠲᠣᠭᠣᠷᠢᠭ᠎ᠤᠨ ᠬᠦᠴᠢᠷ ᠲᠦᠪᠡᠭ ᠠᠰᠠᠭᠤᠳᠠᠯ᠎ᠢ ᠠᠶᠠᠨᠳᠠᠭᠠᠨ ᠰᠢᠢᠳᠪᠦᠷᠢᠯᠡᠳᠡᠭ ᠪᠤᠯᠵᠠᠢ᠃
《〈ᠤᠷᠠᠨ ᠳᠠᠷᠬᠠᠨᠪᠦᠯᠬᠦᠮ〉 ᠨᠢ ᠪᠣᠯᠪᠠᠰᠤᠨ᠎ᠤ ᠦᠢᠯᠡᠳᠦᠯᠭᠡ᠎ᠶᠢ ᠵᠦᠪᠬᠡᠨ 〈ᠠᠵᠢᠯᠯᠠᠭ᠎ᠠ ᠥᠷᠨᠢᠭᠦᠯᠬᠦ〉 ᠳᠠᠪᠬᠤᠷᠭ᠎ᠠ᠎ᠳᠤ ᠵᠣᠭᠰᠣᠭᠠᠭᠰᠠᠨ ᠦᠭᠡᠢ᠂ ᠬᠠᠷᠢᠨ ᠭᠠᠷ ᠤᠷᠠᠯᠠᠯ᠎ᠢᠶᠠᠷ ᠵᠠᠭᠤᠴᠢ ᠪᠣᠯᠭᠠᠵᠤ᠂ ᠠᠵᠤ ᠠᠬᠤᠢᠯᠠᠯ᠎ᠤᠨ ᠡᠬᠢ ᠪᠠᠶᠠᠯᠢᠭ᠋᠎ᠢ ᠬᠥᠳᠡᠯᠭᠡᠵᠦ᠂ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ 〈ᠪᠣᠳᠠᠰ᠎ᠢᠶᠠᠷ ᠪᠣᠳᠠᠰ᠎ᠢ ᠰᠣᠯᠢᠬᠤ〉᠎ᠪᠠᠷ ᠳᠡᠮᠵᠢᠨ᠂ ᠨᠡᠢᠭᠡᠮ ᠲᠣᠭᠣᠷᠢᠭ᠋᠎ᠤᠨ ᠵᠠᠰᠠᠯᠲᠠ᠎ᠶᠢᠨ ᠬᠦᠴᠢᠷ ᠠᠰᠠᠭᠤᠳᠠᠯ᠎ᠢ ᠬᠠᠮᠤᠭ᠎ᠤᠨ ᠬᠠᠯᠠᠭᠤᠨ ᠳᠤᠯᠠᠭᠠᠨ᠎ᠢᠶᠠᠷ ᠲᠠᠢᠯᠬᠤ ᠠᠷᠭᠠᠵᠠᠮᠢ ᠰᠦᠪᠡᠭᠴᠢᠯᠡᠨ ᠣᠯᠣᠭᠰᠠᠨ ᠪᠠᠢᠨ᠎ᠠ》 ᠭᠡᠵᠦ ᠰᠤᠬᠠᠢ᠎ᠲᠤ ᠵᠡᠭᠡᠯᠢ ᠭᠤᠳᠤᠮᠵᠢ᠎ᠶᠢᠨ ᠨᠠᠮ᠎ᠤᠨ ᠭᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠳᠡᠳ᠋ ᠡᠷᠬᠢᠯᠡᠭᠴᠢ ᠰᠦᠩ ᠬᠠᠢ ᠲᠤᠤ ᠬᠡᠯᠡᠪᠡ᠃
[ᠰᠤᠷᠪᠤᠯᠵᠢᠯᠠᠭ᠍ᠴᠢ᠎ᠶᠢᠨ ᠡᠪᠦᠷ ᠲᠡᠮᠳᠡᠭᠯᠡᠯ]
ᠵᠧᠨ ᠬᠤᠸᠠ ᠨᠡᠢᠭᠡᠮ ᠲᠣᠭᠣᠷᠢᠭ᠋᠎ᠤᠨ 《 ᠤᠷᠠᠨ ᠳᠠᠷᠬᠠᠨ ᠪᠦᠯᠬᠦᠮ》᠎ᠤᠨ ᠬᠢᠨ ᠲᠡᠢ ᠠᠭᠤᠯᠵᠠᠭᠰᠠᠠᠤᠳᠠᠷᠠᠭᠠ᠂ ᠰᠤᠷᠪᠤᠯᠵᠢᠯᠠᠭ᠍ᠴᠢ᠎ᠶᠢᠨ ᠰᠡᠳᠬᠢᠯ᠎ᠢ ᠬᠠᠮᠤᠭ᠎ᠡᠴᠡ ᠢᠯᠡᠭᠦᠦ ᠬᠥᠳᠡᠯᠭᠡᠭᠰᠡᠨ ᠨᠢ ᠲᠡᠳᠡᠭᠡᠷ ᠨᠠᠷᠢᠯᠢᠭ᠋ ᠰᠠᠢᠬᠠᠨ ᠴᠠᠭᠠᠰᠤᠨ ᠬᠠᠢᠴᠢᠯᠠᠮᠠᠯ ᠪᠠ ᠬᠠᠳᠬᠤᠮᠠᠯ ᠪᠢᠰᠢ᠂ ᠬᠠᠷᠢᠨ ᠰᠠᠭᠤᠭᠠᠯᠢ ᠠᠷᠠᠳ ᠤᠷᠠᠨ ᠭᠠᠷ᠎ᠢᠶᠠᠷ᠎ᠢᠶᠠᠨ ᠰᠠᠢᠨ ᠰᠠᠨᠠᠭ᠎ᠠ᠎ᠶᠢ ᠳᠠᠮᠵᠢᠭᠤᠯᠵᠤ᠂ ᠠᠵᠤ ᠠᠬᠤᠢᠯᠠᠯ ᠪᠣᠳᠠᠲᠠᠢ᠎ᠶᠢ ᠡᠷᠬᠢᠮᠯᠡᠭᠰᠡᠨ ᠠᠵᠢᠯᠯᠠᠭ᠎ᠠ᠎ᠪᠠᠷ᠎ᠢᠶᠠᠨ ᠨᠡᠢᠭᠡᠮ ᠲᠣᠭᠣᠷᠢᠭ᠋᠎ᠲᠤ ᠠᠴᠢ ᠬᠠᠷᠢᠭᠤᠯᠠᠭᠰᠠᠨ ᠶᠠᠪᠤᠳᠠᠯ ᠪᠣᠯᠣᠨ᠎ᠠ᠃ ᠡᠢᠮᠦᠷᠬᠦᠦ ᠶᠠᠪᠤᠯᠴᠠᠭ᠎ᠠ᠎ᠵᠢᠨ ᠳᠤᠮᠳᠠ᠂ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠬᠠᠮᠤᠭ ᠤᠨ ᠰᠡᠳᠬᠢᠯ ᠬᠥᠳᠡᠯᠭᠡᠮ᠎ᠡ ᠳᠦᠷᠬᠦ ᠪᠤᠢ᠄ ᠲᠠᠷᠠᠬᠠᠢ ᠪᠤᠲᠠᠷᠬᠠᠢ ᠬᠦᠴᠦᠨ᠎ᠢ ᠴᠤᠭᠯᠠᠭᠤᠯᠵᠤ᠂ ᠬᠦᠨᠳᠡᠭᠳᠡᠬᠡ ᠦᠬᠡᠢ ᠡᠬᠢ ᠪᠠᠶᠠᠯᠢᠭ᠎ᠢ ᠠᠰᠢᠬᠯᠠᠵᠤ᠂ ᠭᠠᠭᠴᠠ ᠴᠢᠭᠯᠡᠯᠵᠢᠡᠷ ᠬᠦᠷᠲᠡᠭᠡᠬᠦ᠎ᠶᠢ ᠬᠠᠷᠢᠯᠴᠠᠨ ᠬᠠᠢᠷᠠᠯᠠᠵᠤ ᠬᠠᠯᠠᠮᠵᠢᠯᠠᠬᠤ ᠪᠣᠯᠭᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃