2026-10-20 10:26:27
ᠮᠠᠨ᠎ᠤ ᠤᠯᠤᠰ 《ᠬᠠᠮᠤᠭ᠎ᠤᠨ ᠴᠢᠩᠭ᠎ᠠ ᠨᠢᠮᠪᠠᠢ》 ᠪᠠᠷᠢᠮᠵᠢᠶ᠎ᠠ ᠪᠦᠬᠦᠢ ᠰᠡᠷᠭᠡᠢᠯᠡᠯᠲᠡ᠎ᠶᠢᠨ ᠱᠤᠭᠤᠮ ᠢ ᠪᠠᠲᠤ ᠪᠡᠬᠢ ᠪᠠᠢᠭᠤᠯᠵᠤ᠂ ᠢᠳᠡᠭᠡᠨ᠎ᠦ ᠠᠮᠤᠷ ᠲᠦᠪᠰᠢᠨ᠎ᠦ ᠲᠤᠬᠠᠢ ᠨᠡᠶ᠋ᠢᠲᠡ 1775 ᠵᠦᠢᠯ᠎ᠦᠨ ᠤᠯᠤᠰ ᠤᠨ ᠪᠠᠷᠢᠮᠵᠢᠶ᠎ᠠ᠎ᠶᠢ ᠨᠡᠢᠲᠡᠯᠡᠵᠦ᠂ ᠲᠠᠷᠢᠶᠠᠨ ᠭᠠᠵᠠᠷ ᠡᠴᠡ ᠬᠣᠭᠣᠯᠠᠨ ᠰᠢᠷᠡᠭᠡ ᠬᠦᠷᠲᠡᠯᠡᠬᠢ ᠪᠦᠭᠦ ᠶᠠᠪᠤᠴᠠ᠎ᠳᠤ ᠴᠥᠮ ᠵᠢᠷᠤᠮᠯᠠᠬᠤ ᠪᠠᠷᠢᠮᠵᠢᠶ᠎ᠠ᠎ᠲᠠᠢ ᠪᠤᠯᠭᠠᠬ᠍ᠰᠠᠨ ᠪᠥᠭᠡᠳ ᠢᠳᠡᠭᠡᠨ᠎ᠦ ᠵᠦᠢᠯ᠎ᠦᠨ ᠲᠣᠭᠠᠴᠢᠯᠠᠭᠰᠠᠨ ᠲᠡᠮᠳᠡᠭ ᠱᠣᠰᠢᠭ᠎ᠠ᠎ᠶᠢ ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ ᠢᠳᠡᠭᠡᠨ᠎ᠦ ᠵᠦᠢᠯ᠎ᠦᠨ ᠮᠡᠳᠡᠭᠡ ᠵᠠᠩᠭᠢ᠎ᠶᠢ ᠨᠠᠩ ᠳᠥᠭᠦᠮ ᠲᠦᠷᠬᠡᠨ ᠪᠥᠭᠡᠳ ᠥᠨᠳᠥᠷ ᠪᠦᠲᠦᠮᠵᠢᠲᠡᠶ ᠪᠣᠯᠭᠠᠵᠠᠢ᠃
ᠡᠨᠡ ᠪᠣᠯ ᠰᠤᠷᠪᠤᠯᠵᠢᠯᠠᠬ᠍ᠴᠢ᠎ᠶᠢᠨ 10 ᠰᠠᠷ᠎ᠠ᠎ᠶᠢᠨ 18 ᠤ᠋ ᠡᠳᠦᠷ 《ᠶᠣᠰᠣ᠌ ᠰᠤᠷᠲᠠᠬᠤᠨ᠎ᠢ ᠡᠷᠬᠢᠮᠯᠡᠨ ᠬᠠᠤᠯᠢ᠎ᠶᠢ ᠰᠠᠬᠢᠵᠤ᠂ ᠢᠳᠡᠭᠡᠨ᠎ᠦ ᠠᠮᠤᠷ ᠲᠦᠪᠰᠢᠨ ᠢ ᠬᠠᠮᠲᠤ᠎ᠪᠠᠷ ᠡᠳ᠋ᠯᠡᠬᠦᠢ ︱ ᠪᠦᠭᠦ ᠬᠡᠯᠬᠢᠶ᠎ᠡ᠎ᠶᠢᠨ ᠬᠢᠨᠠᠯᠲᠠ ᠬᠠᠮᠢᠶᠠᠷᠤᠯᠲᠠ ᠶᠢ ᠭᠦᠨᠵᠡᠭᠡᠢᠷᠡᠭᠦᠯᠦᠶ᠎ᠡ》 ᠬᠡᠬᠦ ᠭᠣᠣᠯ ᠰᠡᠳᠦᠪᠲᠦ 2026 ᠣᠨ᠎ᠤ ᠪᠦᠭᠦ ᠤᠯᠤᠰ᠎ᠤᠨ ᠢᠳᠡᠭᠡᠨ᠎ᠦ ᠠᠮᠤᠷ ᠲᠦᠪᠰᠢᠨ᠎ᠦ ᠤᠬᠠᠭᠤᠯᠭ᠎ᠠ ᠶᠢᠨ ᠭᠠᠷᠠᠭ᠎ᠤᠨ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠭᠣᠣᠯ ᠰᠡᠳᠦᠪᠲᠦ ᠡᠳᠦᠷ᠎ᠦᠨ ᠠᠵᠢᠯᠯᠠᠭ᠎ᠠ ᠡᠴᠡ ᠣᠢᠯᠠᠭᠠᠭᠰᠠᠨ ᠮᠡᠳᠡᠭᠡ ᠵᠠᠩᠭᠢ ᠪᠣᠯᠣᠨ᠎ᠠ᠃
ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠦᠨ ᠢᠳᠡᠭᠡᠨ᠎ᠦ ᠵᠦᠢᠯ᠎ᠦᠨ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ᠂ ᠮᠠᠨ᠎ᠤ ᠤᠯᠤᠰ ᠲᠦᠭᠰᠢᠭᠦᠷᠢ ᠶᠢ ᠬᠢᠨᠠᠨ ᠬᠡᠮᠵᠢᠵᠦ ᠦᠨᠡᠯᠡᠨ ᠵᠢᠱ᠌ᠢᠬᠦ᠎ᠪᠡᠨ ᠦᠷᠭᠦᠯᠵᠢᠯᠡᠨ ᠴᠢᠩᠭᠠᠳᠬᠠᠵᠤ᠂ ᠢᠳᠡᠭᠡᠨ᠎ᠦ ᠵᠦᠢᠯ᠎ᠦᠨ ᠠᠮᠤᠷ ᠲᠦᠪᠰᠢᠨ᠎ᠦ ᠭᠡᠮ ᠰᠤᠭᠤᠭ᠎ᠢ ᠴᠠᠭ ᠲᠤᠬᠠᠢ ᠳ᠋ᠤᠨᠢ ᠢᠯᠭᠠᠨ ᠲᠠᠨᠢᠵᠤ᠂ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠬᠤ᠎ᠪᠠᠨ ᠴᠢᠩᠭᠠᠳᠬᠠᠨ᠂ 《ᠡᠪᠡᠳᠴᠢᠨ ᠠᠮᠠ᠎ᠪᠠᠷ ᠣᠷᠣᠬᠤ》 ᠨᠢᠭᠡᠳᠦᠭᠡᠷ ᠪᠣᠭᠣᠮᠲᠠ᠎ᠶᠢ ᠰᠠᠢᠲᠤᠷ ᠰᠠᠬᠢᠨ᠎ᠠ᠃ ᠡᠭᠦᠨ ᠡᠴᠡ ᠭᠠᠳᠠᠨ᠎ᠠ᠂ ᠢᠳᠡᠭᠡᠨ᠎ᠦ ᠠᠮᠤᠷ ᠲᠦᠪᠰᠢᠨ ᠪᠠ ᠰᠢᠮ᠎ᠡ ᠲᠡᠵᠢᠭᠡᠯ᠎ᠢ ᠵᠣᠬᠢᠴᠠᠭᠤᠯᠤᠨ ᠠᠬᠢᠭᠤᠯᠵᠤ᠂ ᠰᠤᠷᠤᠬ᠍ᠴᠢᠳ᠎ᠤᠨ ᠬᠣᠭᠣᠯᠠ᠂ ᠨᠠᠰᠤᠲᠠᠢᠴᠤᠳ᠎ᠤᠨ ᠬᠣᠭᠣᠯᠠ ᠵᠡᠷᠭᠡ ᠭᠣᠣᠯᠳᠠᠯᠭ᠎ᠠ᠎ᠲᠠᠢ ᠬᠥᠮᠥᠰ᠎ᠦᠨ ᠬᠣᠭᠣᠯᠠ ᠤᠮᠳᠠ᠎ᠶᠢᠨ ᠵᠢᠯᠣᠭᠣᠳᠤᠯᠭ᠎ᠠ᠎ᠶᠢ ᠴᠢᠩᠭᠠᠳᠬᠠᠨ᠂ ᠬᠡᠦᠬᠡᠳ ᠪᠠᠭᠠᠴᠤᠳ᠎ᠤᠨ ᠮᠠᠷᠢᠶᠠᠲᠠᠢ ᠪᠠᠢᠬᠤ ᠵᠡᠷᠭᠡ 11 ᠵᠦᠢᠯ᠎ᠦᠨ ᠢᠳᠡᠭᠡᠨ ᠤᠮᠳᠠᠭᠠᠨ ᠤ ᠵᠢᠯᠣᠭᠣᠳᠤᠯᠭ᠎ᠠ᠎ᠶᠢ ᠨᠡᠢᠳᠡᠯᠡᠵᠤ᠂ 《ᠲᠣᠰᠣ᠌ ᠢᠳᠡᠬᠦ ᠵᠢ ᠪᠠᠭᠠᠰᠬᠠᠬᠤ᠂ ᠪᠤᠷᠴᠠᠭ᠎ᠢ ᠢᠯᠡᠬᠦᠦ ᠢᠳᠡᠬᠦ᠂ ᠦᠨᠢᠶᠡᠨ ᠰᠦ ᠤᠤᠭᠤᠬᠤ ᠵᠢ ᠴᠢᠬᠤᠯᠠᠴᠢᠯᠠᠬᠤ》᠂ 《ᠢᠳᠡᠰᠢᠨ ᠨᠣᠭᠣᠭ᠎ᠠ ᠵᠢᠮᠢᠰ᠂ ᠪᠦᠭᠦ ᠠᠮᠤ ᠪᠤᠳᠠᠭ᠎ᠠ ᠪᠠ ᠤᠰᠤᠨ ᠭᠠᠷᠤᠯᠲᠠ᠎ᠶᠢ ᠢᠯᠡᠭᠦᠦ ᠢᠳᠡᠬᠦ》 ᠵᠡᠷᠭᠡ ᠵᠦᠢ ᠵᠣᠬᠢᠰᠲᠠᠢ ᠢᠳᠡᠭᠡᠨ ᠤᠮᠳᠠᠭᠠᠨ᠎ᠤ ᠣᠢᠯᠠᠭᠠᠭᠳᠠᠬᠤᠨ᠎ᠢ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨᠴᠢ ᠢᠳᠡᠭᠡᠨ ᠤᠮᠳᠠᠭᠠᠨ᠎ᠤ ᠳᠠᠳᠬᠠᠯ᠎ᠲᠠᠢ ᠪᠤᠯᠬᠤ᠎ᠶᠢ ᠠᠬᠢᠭᠤᠯᠤᠨ᠎ᠠ ᠭᠡᠵᠦ ᠢᠯᠡᠳᠬᠡᠪᠡ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 10 ᠰᠠᠷ᠎ᠠ᠎ᠶᠢᠨ 18᠎ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃