ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-10-21 11:49:34

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

ᠲᠦᠷᠦᠬᠦᠭᠡᠨ᠂ ᠦᠪᠤᠷ ᠮᠣᠩᠭᠤᠯ ᠴᠠᠬᠢᠯᠭᠠᠨ ᠲᠣᠤᠷ ᠤ᠋ᠨ ᠶᠡᠬᠡ ᠬᠡᠪᠴᠢᠶᠡᠨ ᠤ᠋ ᠴᠠᠬᠢᠯᠭᠠᠨ ᠵᠣᠭᠰᠤᠭᠰᠠᠨ ᠭᠡᠷᠩ ᠤ᠋ᠨ ᠬᠠᠮᠳᠤᠷᠬᠠᠰᠠᠨ ᠪᠠᠴᠢᠮ ᠪᠠᠶ᠋ᠢᠳᠠᠯ ᠢ᠋ ᠠᠷᠭᠠᠴᠠᠭᠠᠬᠤ ᠰᠣᠷᠢᠯᠲᠠ ᠬᠢᠪᠠ᠃

ᠲᠣᠰ ᠤᠳᠠᠭᠠᠨ ᠤ᠋ ᠰᠣᠷᠢᠯᠲᠠ ᠨᠢ  ᠥᠪᠦᠷ  ᠮᠣᠩᠭᠤᠯ ᠤ᠋ᠨ ᠳᠤᠮᠳᠠ ᠪᠠᠷᠠᠭᠤᠨ ᠬᠡᠰᠡᠭ  ᠤᠨᠴᠠᠭᠠᠢ ᠠᠭᠤᠷ ᠠᠮᠢᠰᠬᠤᠯ ᠡᠴᠡ ᠡᠭᠦᠰᠦᠭᠰᠡᠨ ᠦᠶᠡᠷ ᠤᠰᠤᠲᠤᠯ᠂ ᠭᠠᠵᠠᠷ ᠵᠦᠢ ᠶ᠋ᠢᠨ ᠭᠠᠮᠰᠢᠭ ᠵᠡᠷᠭᠡ ᠣᠯᠠᠨ ᠭᠠᠮᠰᠢᠭ ᠡᠴᠡ ᠪᠣᠯᠤᠭᠰᠠᠨ ᠴᠠᠬᠢᠯᠭᠠᠨ ᠬᠠᠩᠭᠠᠬᠤ ᠲᠦᠬᠦᠭᠡᠷᠦᠮᠵᠢ ᠡᠪᠳᠡᠭᠳᠡᠨ ᠰᠦᠢᠳᠬᠦ᠂ ᠪᠥᠬᠦ᠌ ᠣᠷᠤᠨ ᠪᠦᠰᠡ ᠳ᠋ᠤ ᠶᠡᠭᠡ ᠬᠡᠪᠴᠢᠶ᠎ᠡ ᠪᠡᠷ ᠴᠠᠬᠢᠯᠭᠠᠨ ᠵᠣᠭᠰᠤᠬᠤ᠂ ᠴᠢᠮᠡᠭᠡ ᠬᠤᠯᠪᠤᠭ᠎ᠠ ᠲᠠᠰᠤᠷᠠᠬᠤ᠂ ᠬᠦᠮᠦᠨ ᠬᠠᠷ᠎ᠠ ᠬᠠᠰᠢᠬᠳᠠᠬᠤ ᠵᠡᠷᠭᠡ ᠭᠡᠨᠡᠳᠲᠡ ᠶ᠋ᠢᠨ ᠠᠶᠤᠯ ᠲᠦᠭᠰᠢᠭᠦᠷᠢ ᠳ᠋ᠤ ᠴᠢᠭᠯᠡᠭᠦᠯᠦᠨ᠂ ᠪᠥᠬᠦ᠌ ᠶᠠᠪᠤᠴᠠ ᠶ᠋ᠢᠨ ᠪᠠᠴᠢᠮ ᠪᠠᠶ᠋ᠢᠳᠠᠯ ᠢ᠋ ᠠᠷᠭᠠᠴᠠᠭᠠᠨ ᠰᠢᠢᠳᠪᠦᠷᠢᠯᠡᠬᠦ᠌ ᠠᠵᠢᠯ  ᠢ᠋ ᠥᠷᠨᠢᠭᠦᠯᠵᠦ᠍᠂ ᠥᠪᠦᠷ ᠮᠣᠩᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠡᠴᠡ  ᠪᠠᠴᠢᠮ  ᠪᠠᠶ᠋ᠢᠳᠠᠯ  ᠢ᠋  ᠠᠷᠭᠠᠴᠠᠭᠠᠬᠤ  ᠡᠩᠨᠡᠭᠡ ᠵᠢ  ᠲᠡᠷᠡ ᠳᠠᠷᠤᠢ ᠳ᠋ᠤᠨᠢ ᠳᠣᠭᠢᠷᠠᠭᠤᠯᠤᠨ ᠲᠤᠬᠠᠢ ᠶ᠋ᠢᠨ ᠲᠠᠯᠠᠪᠤᠷ᠎ᠲᠤ᠌  ᠣᠴᠢᠭᠤᠯᠵᠤ᠂ ᠬᠦᠮᠦᠨ ᠠᠪᠤᠷᠠᠬᠤ ᠪᠠ ᠲᠥᠬᠦᠭᠡᠷᠦᠮᠵᠢ  ᠵᠢ  ᠵᠠᠪᠳᠤᠨ ᠵᠠᠰᠠᠬᠤ  ᠠᠵᠢᠯ ᠢ᠋  ᠥᠷᠨᠢᠭᠦᠯᠪᠡ᠃

ᠲᠣᠰ ᠤᠳᠠᠭᠠᠨ ᠤ᠋ ᠰᠣᠷᠢᠯᠲᠠ ᠳ᠋ᠤ ᠰᠢᠨᠵᠢᠯᠡᠬᠦ᠌  ᠤᠬᠠᠭᠠᠨ  ᠲᠸᠭᠨᠢᠭ  ᠮᠡᠷᠭᠡᠵᠢᠯ ᠢ᠋ᠶ᠋ᠡᠷ  ᠪᠠᠴᠢᠮ ᠪᠠᠶ᠋ᠢᠳᠠᠯ  ᠢ᠋ ᠠᠷᠭᠠᠴᠠᠭᠠᠵᠤ ᠠᠶᠤᠯ ᠡᠴᠡ ᠠᠪᠤᠷᠠᠬᠤ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠳᠠᠭᠠᠭᠤᠯᠢ ᠣᠳᠤᠨ ᠤ᠋ ᠠᠯᠤᠰ ᠰᠡᠷᠡᠯ᠂ ᠡᠭᠴᠡ ᠪᠤᠰᠬᠤ ᠨᠢᠰᠬᠡᠯ᠂ ᠵᠢᠯᠤᠭᠤᠴᠢ ᠥᠬᠡᠢ ᠨᠢᠰᠬᠡᠯ᠂ ᠣᠶᠤᠨᠴᠢ ᠲᠣᠭᠤᠷᠢᠨ ᠪᠠᠶ᠋ᠢᠴᠠᠭᠠᠬᠤ ᠮᠠᠰᠢᠨ ᠬᠥᠮᠦᠨ ᠵᠡᠷᠭᠡ ᠲᠥᠬᠦᠭᠡᠷᠦᠮᠵᠢ ᠵᠢ ᠨᠡᠢᠳᠭᠡᠵᠦ᠂ ᠪᠣᠰᠤᠭ᠎ᠠ ᠴᠣᠭᠴᠠᠲᠤ᠌ ᠰᠡᠷᠡᠮᠵᠢ ᠶ᠋ᠢᠨ ᠲᠣᠣᠷ ᠢ᠋ ᠪᠠᠶ᠋ᠢᠭᠤᠯᠤᠨ᠂ ᠵᠢᠯᠤᠭᠤᠳᠬᠤ ᠰᠢᠢᠳᠪᠦᠷᠢᠲᠦ᠍ ᠪᠣᠳᠤᠯᠭ᠎ᠠ ᠲᠣᠭᠲᠠᠭᠠᠬᠤ ᠳ᠋ᠤ ᠨᠠᠷᠢᠯᠢᠭ ᠣᠨᠤᠴᠠᠲᠠᠢ ᠲᠤᠭ᠎ᠠ ᠪᠠᠷᠢᠮᠲᠠ ᠶ᠋ᠢᠨ ᠲᠤᠯᠭᠠᠭᠤᠷᠢᠯᠠᠯ ᠬᠠᠩᠭᠠᠪᠠ᠃ ᠰᠣᠷᠢᠯᠲᠠ ᠳ᠋ᠤ ᠤᠰᠤᠨ ᠡᠴᠨ ᠠᠪᠤᠷᠠᠨ ᠲᠤᠰᠠᠯᠠᠯᠳᠠ᠂ ᠨᠤᠷᠠᠭᠠᠵᠤ ᠠᠷᠢᠯᠭᠠᠬᠤ᠂ ᠥᠨᠳᠦᠷ ᠣᠭᠲᠠᠷᠭᠤᠢ ᠳ᠋ᠡᠬᠢ ᠠᠪᠤᠷᠠᠨ ᠲᠤᠰᠠᠯᠠᠯᠳᠠ ᠵᠡᠷᠭᠡ ᠠᠪᠤᠷᠠᠨ ᠲᠤᠰᠠᠯᠠᠬᠤ  ᠲᠥᠷᠦᠯ ᠢ᠋ ᠡᠮᠬᠢ ᠵᠢᠷᠤᠮ ᠲᠠᠢ᠎ᠪᠠᠷ ᠥᠷᠨᠢᠭᠦᠯᠵᠦ᠍᠂ 500 ᠺᠢᠯᠤᠸᠤᠯᠲ ᠤ᠋ᠨ ᠪᠠᠴᠢᠮ ᠪᠠᠶ᠋ᠢᠳᠠᠯ ᠢ᠋  ᠠᠷᠭᠠᠴᠠᠭᠠᠬᠤ ᠰᠤᠪᠤᠷᠭ᠎ᠠ ᠵᠢ ᠪᠤᠰᠬᠠᠬᠤ᠂ ᠴᠠᠬᠢᠯᠭᠠᠨ ᠲᠦᠭᠡᠭᠡᠬᠦ ᠲᠣᠤᠷ ᠤ᠋ᠨ ᠭᠡᠮᠲᠦᠯ ᠢ᠋  ᠰᠢᠢᠳᠪᠦᠷᠢᠯᠡᠬᠦ᠂ ᠪᠠᠴᠢᠮ ᠪᠠᠶ᠋ᠢᠳᠠᠯ ᠢ᠋ ᠠᠷᠭᠠᠴᠠᠭᠠᠬᠤ ᠴᠠᠬᠢᠯᠭᠠᠨ ᠡᠭᠦᠰᠭᠡᠭᠴᠢ ᠶ᠋ᠢᠨ ᠴᠠᠬᠢᠯᠭᠠᠨ ᠬᠠᠨᠭᠭᠠᠬᠤ ᠵᠢ ᠪᠠᠲᠤᠯᠠᠬᠤ᠂ ᠠᠷᠠᠳ ᠤ᠋ᠨ ᠠᠮᠢᠳᠤᠷᠠᠯ ᠤ᠋ᠨ ᠴᠠᠬᠢᠯᠭᠠᠨ ᠲᠣᠣᠷ ᠢ᠋ ᠲᠦᠷᠭᠡᠨ ᠵᠣᠬᠢᠶᠠᠨ ᠪᠠᠶ᠋ᠢᠭᠤᠯᠬᠤ ᠵᠡᠷᠭᠡ ᠵᠠᠪᠳᠤᠨ ᠰᠡᠯᠪᠢᠨ ᠵᠠᠰᠠᠬᠤ ᠠᠵᠢᠯ ᠢ᠋ ᠵᠡᠷᠭᠡ ᠳ᠋ᠤᠨᠢ ᠶᠠᠪᠤᠬᠳᠠᠭᠤᠯᠪᠠ᠃ ᠤᠯᠠᠨ ᠬᠡᠯᠪᠡᠷᠢ ᠶ᠋ᠢᠨ ᠣᠶᠤᠨᠴᠢ ᠠᠶᠤᠯ ᠡᠴᠡ  ᠠᠪᠤᠷᠠᠬᠤ  ᠲᠣᠨᠤᠭᠯᠠᠯ ᠢ᠋  ᠪᠣᠳᠠᠲᠤ᠌ ᠪᠠᠶ᠋ᠢᠯᠳᠤᠭᠠᠨ ᠤ᠋ ᠬᠡᠷᠡᠭᠯᠡᠯᠲᠡ ᠳ᠋ᠤ ᠣᠷᠤᠭᠤᠯᠵᠤ᠂ ᠴᠠᠬᠢᠯᠭᠠᠨ ᠬᠦᠴᠦᠨ ᠤ᠋ ᠪᠠᠴᠢᠮ ᠪᠠᠶ᠋ᠢᠳᠠᠯ ᠢ᠋ ᠠᠷᠭᠠᠴᠠᠭᠠᠨ ᠰᠢᠢᠳᠪᠦᠷᠢᠯᠡᠬᠦ ᠳ᠋ᠤ   ᠬᠥᠮᠦᠨ  ᠤ᠋   ᠬᠦᠴᠦ ᠎ᠪᠠᠷ ᠭᠤᠤᠯᠯᠠᠭᠤᠯᠬᠤ ᠡᠴᠡ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ᠶ᠋ᠡᠷ ᠴᠢᠳᠠᠪᠤᠷᠢ ᠣᠯᠭᠤᠬᠤ᠂ ᠣᠶᠤᠨᠴᠢ ᠥᠨᠳᠦᠷ ᠪᠦᠲᠦᠮᠵᠢᠲᠡᠢ ᠪᠤᠯᠭᠠᠬᠤ ᠲᠡᠢᠰᠢ ᠬᠡᠯᠪᠡᠷᠢ ᠪᠠᠨ ᠬᠤᠪᠢᠷᠠᠭᠤᠯᠤᠬᠰᠠᠨ ᠦᠷ᠎ᠡ  ᠪᠦᠲᠦᠮᠵᠢ  ᠵᠢ  ᠭᠦᠢᠴᠡᠳ ᠢᠯᠡᠷᠡᠭᠦᠯᠪᠡ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面