ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-09-22 11:26:46

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

ᠬᠥᠬᠡᠬᠤᠲᠠ ᠎ᠶ᠋ᠢᠨ ᠡᠮᠡᠭᠲᠡᠶ᠋ᠢᠴᠦᠳ ᠎ᠤᠨ ᠬᠤᠯᠪᠤᠭ᠎ᠠ《ᠠᠨᠠᠷ ᠎ᠤᠨ ᠦᠷ᠎ᠡ·ᠡᠮᠡᠭᠲᠡᠶ᠋ᠢᠴᠦᠳ ᠎ᠤᠨ ᠬᠠᠶ᠋ᠢᠷ᠎ᠠ 》ᠡᠷᠬᠡ᠎ᠠᠰᠢᠬ ᠎ᠢ ᠬᠠᠮᠠᠭᠠᠯᠠᠵᠤ ᠬᠠᠯᠠᠮᠵᠢᠯᠠᠨ ᠬᠠᠶ᠋ᠢᠷᠠᠯᠠᠬᠤ ᠦᠢᠯᠡᠴᠢᠯᠡᠭᠡᠨ ᠎ᠤ ᠠᠵᠢᠯᠯᠠᠭ᠎ᠠ ᠎ᠶ᠋ᠢᠨ ᠭᠤᠤᠯ ᠪᠠᠶ᠋ᠢᠷᠢᠯᠠᠭᠤᠯᠤᠯᠲᠠ᠎ᠶ᠋ᠢᠨ ᠲᠣᠭᠤᠷᠢᠨ ᠎ᠳᠤ᠂ ᠦᠨᠳᠦᠰᠦᠲᠡᠨ᠎ᠨᠦᠭᠦᠳ᠎ᠤᠨ ᠡᠮᠡᠭᠲᠡᠶ᠋ᠢᠴᠦᠳ ᠣᠯᠠᠨ ᠲᠦᠮᠡᠨ᠎ᠳ᠋ᠤ ᠲᠤᠯᠭᠠᠷᠠᠵᠤ ᠪᠠᠢᠭ᠎ᠠ ᠣᠷᠤᠭ ᠬᠡᠷ ᠪᠦᠯᠢ᠎ᠶ᠋ᠢᠨ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 9 ᠰᠠᠷ᠎ᠠ᠎ᠶ᠋ᠢᠨ 15 ᠎ᠤ᠋ ᠡᠳᠦᠷ᠂ ᠣᠷᠤᠭ ᠬᠡᠷ ᠪᠦᠯᠢ ᠎ᠶ᠋ᠢᠨ ᠵᠥᠷᠢᠴᠡᠯ ᠵᠠᠭᠤᠷᠠᠯᠳᠤᠭᠠᠨ ᠎ᠢ ᠡᠶᠡᠳᠡᠭᠦᠯᠬᠦ᠌ ᠴᠢᠳᠠᠪᠤᠷᠢ ᠎ᠶ᠋ᠢ ᠳᠡᠭᠡᠭᠰᠢᠯᠡᠭᠦᠯᠬᠦ᠌ ᠪᠣᠯᠪᠠᠰᠤᠷᠠᠯ ᠎ᠤᠨ ᠠᠩᠭᠢ ᠡᠷᠭᠢᠯᠡᠪᠡ᠃ ᠬᠦᠬᠡᠬᠤᠲᠠ᠎ᠶ᠋ᠢᠨ ᠳᠥᠷᠪᠡᠨ ᠲᠣᠭᠤᠷᠢᠭ ᠎ᠠᠴᠠ ᠢᠷᠡᠭᠰᠡᠨ 120 ᠦᠨᠳᠦᠰᠦᠨ ᠱᠠᠲᠤᠨ᠎ᠤ ᠡᠮᠡᠭᠲᠡᠢ ᠺᠠᠳ᠋ᠷ᠂ ᠰᠢᠨ᠎ᠡ᠎ᠪᠠᠷ ᠲᠣᠮᠢᠯᠠᠭᠰᠠᠨ ᠡᠮᠡᠭᠲᠡᠶ᠋ᠢᠴᠦᠳ ᠎ᠤᠨ ᠬᠤᠯᠪᠤᠭ᠎ᠠ ᠵᠢᠨ ᠲᠡᠷᠢᠭᠦᠯᠡᠭᠴᠢ ᠪᠣᠯᠪᠠᠰᠤᠷᠠᠯ᠎ᠳᠤ ᠣᠷᠤᠯᠴᠠᠵᠤ᠂ ᠪᠤᠰᠤᠳ ᠬᠤᠰᠢᠭᠤ ᠰᠢᠶᠠᠨ ᠎ᠤ ᠡᠮᠡᠭᠲᠡᠶ᠋ᠢᠴᠦᠳ᠎ᠤᠨ ᠬᠤᠯᠪᠤᠭ᠎ᠠ ᠵᠢᠨ ᠺᠠᠳ᠋ᠷᠴᠤᠳ ᠰᠦᠯᠵᠢᠶᠡᠨ ᠳᠡᠭᠡᠷᠡᠬᠢ ᠪᠤᠯᠪᠠᠰᠤᠷᠠᠯ᠎ᠳᠤ ᠣᠷᠤᠯᠴᠠᠪᠠ᠃

ᠲᠣᠰ ᠤᠳᠠᠭᠠᠨ ᠎ᠤ ᠪᠣᠯᠪᠠᠰᠤᠷᠠᠯ᠎ᠨᠢ ᠪᠥᠬᠦ᠌ ᠬᠤᠲᠠ ᠎ᠶ᠋ᠢᠨ ᠡᠯ᠎ᠡ ᠱᠠᠲᠤᠨ᠎ᠤ ᠡᠮᠡᠭᠲᠡᠶ᠋ᠢᠴᠦᠳ᠎ᠤᠨ ᠬᠤᠯᠪᠤᠭ᠎ᠠ ᠵᠢᠨ ᠡᠷᠬᠡ ᠠᠰᠢᠭ᠎ᠢ ᠬᠠᠮᠠᠭᠠᠯᠠᠬᠤ ᠺᠠᠳ᠋ᠷ᠂ ᠣᠷᠤᠭ ᠡᠶᠡᠳᠡᠭᠦᠯᠦᠭᠴᠢ ᠪᠠ ᠦᠨᠳᠦᠰᠦᠨ ᠱᠠᠲᠤᠨ᠎ᠤ ᠲᠣᠰᠭᠤᠨ᠎ᠤ ᠨᠡᠶ᠋ᠢᠭᠡᠮ ᠎ᠤᠨ ᠡᠷᠬᠡ ᠠᠰᠢᠭ᠎ᠢ ᠬᠠᠮᠠᠭᠠᠯᠠᠬᠤ ᠭᠤᠤᠯᠯᠠᠭᠴᠢ ᠬᠦᠴᠦᠨ᠎ᠳᠤ ᠬᠠᠨᠳᠤᠭᠤᠯᠵᠤ᠂ ᠦᠨᠳᠦᠰᠦᠲᠡᠨ ᠎ᠤ ᠪᠦᠯᠬᠦᠮᠳᠡᠯ᠎ᠤᠨ ᠣᠶ᠋ᠢᠯᠠᠭᠠᠭᠳᠠᠬᠤᠨ᠎ᠢ ᠬᠡᠷ᠎ᠤᠨ ᠶᠠᠪᠤᠳᠠᠯ᠎ᠢ ᠡᠶᠡᠳᠡᠭᠦᠯᠬᠦ᠌ ᠪᠥᠬᠦ᠌ ᠶᠠᠪᠤᠴᠠ᠎ᠳᠤ ᠭᠦᠨᠵᠡᠭᠡᠢ ᠠᠭᠤᠰᠤᠯᠴᠠᠭᠤᠯᠪᠠ᠃

ᠪᠣᠯᠪᠠᠰᠤᠷᠠᠯ ᠳ᠋ᠦ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠠᠤᠯᠢ᠎ᠶ᠋ᠢᠨ ᠪᠢᠴᠢᠭ》 ᠤ᠋ᠨ ᠣᠷᠤᠭ ᠭᠡᠷ ᠪᠦᠯᠢ᠎ᠶ᠋ᠢᠨ ᠬᠡᠰᠡᠭ᠂《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠮᠡᠭᠲᠡᠶ᠋ᠢᠴᠦᠳ᠎ᠤᠨ ᠡᠷᠬᠡ ᠠᠰᠢᠭ᠎ᠢ ᠪᠠᠲᠤᠯᠠᠬᠤ ᠬᠠᠤᠯᠢ》᠂《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠷ ᠪᠦᠯᠢ᠎ᠶ᠋ᠢᠨ ᠬᠦᠴᠦᠷᠬᠡᠭᠯᠡᠯ᠎ᠢ ᠡᠰᠡᠷᠭᠦᠴᠡᠬᠦ᠌ ᠬᠠᠤᠯᠢ》ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠤᠨ ᠲᠣᠭᠤᠷᠢᠨ᠎ᠳᠤ ᠭᠡᠷ ᠪᠦᠯᠢ ᠳ᠋ᠤ ᠦᠷᠭᠦᠯᠵᠢ ᠲᠣᠬᠢᠶᠠᠯᠳᠤᠳᠠᠭ ᠡᠳ᠋ ᠬᠥᠷᠦᠩᠭᠡ ᠰᠢᠢᠳᠪᠦᠷᠢᠯᠡᠬᠦ᠂ ᠦᠷ᠎ᠡ ᠬᠡᠦᠬᠡᠳ᠎ᠢᠶᠠᠨ ᠠᠰᠠᠷᠠᠨ ᠲᠡᠵᠢᠭᠡᠬᠦ᠌ ᠵᠡᠷᠭᠡ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠭᠦᠨᠵᠡᠭᠡᠢ ᠵᠠᠳᠠᠯᠤᠯᠲᠠ ᠬᠢᠪᠠ᠃ ᠤᠨᠴᠠ ᠤᠷᠢᠬᠰᠠᠨ ᠪᠠᠬᠰᠢ ᠡᠴᠡ᠂《ᠡᠶᠡᠳᠡᠭᠦᠯᠬᠦ᠌ ᠠᠷᠭ᠎ᠠ ᠪᠠ ᠤᠷ᠎ᠠ ᠮᠡᠷᠭᠡᠵᠢᠯ》ᠭᠡᠬᠦ᠌ ᠰᠡᠳᠦᠪ ᠎ᠢᠶᠠᠷ ᠬᠢᠴᠢᠶᠡᠯ ᠣᠷᠤᠵᠤ᠂ ᠪᠤᠯᠪᠠᠰᠤᠷᠠᠯ ᠳ᠋ᠦ ᠤᠷᠤᠯᠴᠠᠬᠰᠠᠳ ᠎ᠤᠨ ᠨᠡᠪᠲᠡᠷᠡᠯᠴᠡᠬᠦ᠂ ᠵᠥᠷᠢᠴᠡᠯ᠎ᠢ ᠰᠢᠢᠳᠪᠦᠷᠢᠯᠡᠬᠦ᠌ ᠤᠷ᠎ᠠ ᠮᠡᠷᠭᠡᠵᠢᠯ᠎ᠢ ᠲᠡᠭᠡᠭᠰᠢᠯᠡᠬᠦᠯᠵᠦ᠂ ᠣᠷᠤᠭ ᠬᠡᠷ ᠪᠦᠯᠢ ᠎ᠶ᠋ᠢᠨ ᠬᠦᠷᠢᠶᠡᠨ᠎ᠳᠤ ᠦᠷᠭᠦᠯᠵᠢ ᠲᠣᠬᠢᠶᠠᠯᠳᠤᠬᠤ ᠬᠠᠤᠯᠢ ᠴᠠᠭᠠᠵᠠ᠎ᠶ᠋ᠢᠨ ᠠᠰᠠᠭᠤᠳᠠᠯ ᠎ᠳᠤ ᠲᠠᠶ᠋ᠢᠯᠤᠮᠵᠢ ᠬᠢᠵᠦ᠍᠂ ᠦᠨᠳᠦᠰᠦᠨ ᠱᠠᠲᠤᠨ᠎ᠤ ᠺᠠᠳ᠋ᠷᠴᠤᠳ᠎ᠤᠨ ᠬᠠᠤᠯᠢ ᠶᠣᠰᠤᠭᠠᠷ ᠣᠯᠠᠨ ᠲᠦᠮᠡᠨ᠎ᠤ ᠠᠰᠠᠭᠤᠨ ᠯᠠᠪᠯᠠᠯᠲᠠ᠎ᠳᠤ ᠨᠠᠷᠢᠯᠢᠭ ᠣᠨᠤᠴᠠᠲᠠᠢ᠎ᠪᠠᠷ ᠬᠠᠷᠢᠭᠤᠯᠲᠠ ᠥᠭᠬᠦ᠎ᠳᠤ ᠵᠢᠯᠤᠭᠤᠳᠤᠯᠭ᠎ᠠ ᠬᠠᠩᠭᠠᠪᠠ᠃

ᠪᠣᠯᠪᠠᠰᠤᠷᠠᠯ᠎ᠳᠤ ᠣᠷᠤᠯᠴᠠᠭᠰᠠᠳ᠂ ᠲᠣᠰ ᠤᠳᠠᠭᠠᠨ ᠎ᠤ ᠪᠣᠯᠪᠠᠰᠤᠷᠠᠯ᠎ᠢᠶᠠᠷ ᠠᠵᠠ ᠲᠣᠬᠢᠶᠠᠯ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ ᠎ᠤ ᠬᠠᠮᠲᠤ᠌ ᠵᠢᠨ ᠴᠣᠭᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ᠎ᠶ᠋ᠢ ᠣᠷᠤᠭ ᠬᠡᠷ ᠪᠦᠯᠢ᠎ᠶ᠋ᠢᠨ ᠵᠥᠷᠢᠴᠡᠯ ᠵᠠᠭᠤᠷᠠᠯᠳᠤᠭᠠᠨ᠎ᠢ ᠡᠶᠡᠳᠡᠭᠦᠯᠬᠦ᠌ ᠠᠵᠢᠯ᠎ᠳᠤ ᠠᠭᠤᠰᠤᠯᠴᠠᠭᠤᠯᠵᠤ᠂ ᠴᠢᠳᠠᠪᠤᠷᠢ᠎ᠪᠠᠨ ᠨᠡᠮᠡᠭᠳᠡᠭᠦᠯᠦᠨ᠂ ᠢᠲᠡᠭᠡᠯ ᠵᠣᠷᠢᠭ᠎ᠢᠶᠠᠨ ᠨᠡᠮᠡᠭᠳᠡᠭᠦᠯᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠡᠷ ᠪᠦᠯᠢ᠎ᠶ᠋ᠢᠨ ᠡᠶ᠎ᠡ ᠨᠠᠶ᠋ᠢᠷᠠᠮᠳᠠᠭᠤ᠂ ᠬᠥᠷᠰᠢ ᠵᠡᠷᠭᠡᠯᠡᠳᠡᠭᠡ᠎ᠶ᠋ᠢᠨ ᠡᠶ᠎ᠡ ᠵᠣᠬᠢᠴᠠᠯ᠎ᠢ ᠠᠬᠢᠭᠤᠯᠤᠨ᠂ ᠣᠷᠤᠨ᠎ᠤ ᠲᠥᠪ ᠬᠤᠲᠠ᠎ᠶ᠋ᠢᠨ ᠬᠡᠷ ᠪᠦᠯᠢ᠎ᠶ᠋ᠢᠨ ᠡᠶ᠎ᠡ ᠵᠣᠬᠢᠴᠠᠯ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠬᠠᠮᠠᠭᠠᠯᠠᠬᠤ᠎ᠳᠤ ᠡᠮᠡᠭᠲᠡᠶ᠋ᠢᠴᠦᠳ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面