ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-09-22 11:25:28

ᠵᠣᠬᠢᠶᠠᠭ᠍ᠴᠢ᠄ ᠪᠤᠤ ᠢᠤᠢ ᠶᠢᠡᠭ ᠣᠩᠱᠢᠭ᠍ᠰᠠᠨ ᠣᠳᠠᠭ᠎ᠠ᠄ 3

ᠲᠦᠷᠦᠬᠦᠬᠡᠨ᠂ ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠬᠦᠮᠤᠨ ᠤ᠋ ᠬᠦᠴᠤᠨ ᠤ᠋ ᠡᠬᠢ ᠪᠠᠶᠠᠯᠢᠭ ᠪᠠ ᠨᠠᠢᠬᠡᠮ ᠤ᠋ᠨ ᠪᠠᠲᠤᠯᠠᠭ᠎ᠠ ᠵᠢᠨ ᠲᠢᠡᠭᠬᠢᠮ ᠡᠴᠠ ᠤᠢᠯᠠᠭᠠᠭᠰᠠᠨ ᠶ᠋ᠢᠡᠷ᠂ ᠪᠠᠶᠠᠨᠨᠠᠭᠤᠷ ᠬᠤᠳᠠ ᠠᠵᠢᠯ ᠣᠯᠭᠣᠯᠲᠠ ᠎ᠶᠢᠨ ᠦᠢᠯᠡᠴᠢᠯᠡᠭᠡ ᠎ᠶᠢ ᠨᠡᠢᠭᠡᠮ ᠲᠣᠭᠣᠷᠢᠭ᠋᠎ᠲᠤ ᠬᠦᠷᠬᠡᠬᠦ ᠶ᠋ᠢ ᠶᠡᠬᠡ᠎ᠪᠡᠷ ᠠᠬᠢᠭᠤᠯᠵᠤ᠂《ᠭᠡᠷ᠎ᠦᠨ ᠡᠭᠦᠳᠡᠨ᠎ᠳᠡᠬᠢ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠦᠷᠳᠡᠭᠡ》 ᠶ᠋ᠢ ᠪᠠᠢᠭᠤᠯᠵᠤ᠂ 《15 ᠮᠢᠨᠦ᠋ᠲ᠎ᠦᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠣᠭᠣᠷᠢᠭ᠋》᠎ᠢ᠋ ᠨᠢᠭ᠍ᠲᠠ ᠰᠦᠯᠵᠢᠵᠦ᠂ ᠤᠯᠠᠨ ᠲᠦᠮᠡᠨ᠎ᠢ ᠬᠠᠪᠰᠤᠷᠤᠨ ᠣᠢᠷ᠎ᠠ ᠬᠠᠪᠢ᠎ᠳᠤᠨᠢ ᠠᠵᠢᠯ ᠣᠯᠭᠤᠵᠤ ᠣᠷᠣᠯᠭ᠎ᠠ᠎ᠶᠢ ᠨᠢ ᠨᠡᠮᠡᠭᠳᠡᠭᠦᠯᠪᠡ᠃

ᠤᠢᠯᠠᠭᠠᠭᠰᠠᠨ ᠶ᠋ᠢᠡᠷ᠂ ᠪᠥᠬᠥ ᠬᠣᠲᠠ ᠨᠠᠮ᠎ᠤᠨ ᠭᠡᠰᠢᠬᠦᠨ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ᠎ᠲᠦ ᠲᠦᠰᠢᠭᠯᠡᠨ 129 ᠡᠷᠦᠬᠡ᠎ᠶᠢᠨ ᠬᠡᠷ ᠤ᠋ᠨ ᠡᠬᠦᠲᠠᠨ ᠳ᠋ᠡᠬᠢ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠥᠷᠲᠡᠭᠡ᠎ᠶᠢ ᠪᠠᠢᠭᠤᠯᠵᠤ᠂ ᠠᠷᠰᠠᠷ ᠠᠵᠢᠯ᠎ᠤᠨ ᠵᠠᠬ᠎ᠠ ᠳᠡᠯᠭᠡᠭᠦᠷ᠂ ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠵᠤ᠂ ᠠᠵᠢᠯ ᠠᠯᠳᠠᠭᠰᠠᠳ᠂ ᠨᠠᠰᠤ ᠠᠬᠢᠭ᠍ᠰᠠᠨ ᠬᠥᠮᠥᠰ᠂ ᠬᠦᠴᠢᠷᠳᠡᠯᠲᠡᠢ ᠣᠯᠠᠨ ᠲᠦᠮᠡᠨ᠎ᠳᠦ ᠲᠤᠰᠬᠠᠢ ᠡᠬᠡ ᠲᠠᠩᠰᠠ ᠪᠠᠢᠭᠤᠯᠵᠤ᠂《ᠨᠢᠭᠡ ᠡᠷᠦᠬᠡ᠎ᠳᠦ ᠨᠢᠭᠡ ᠲᠠᠩᠰᠠ ᠡᠪᠬᠡᠮᠡᠯ᠎ᠲᠠᠢ ᠪᠠᠢᠬᠤ᠂ ᠨᠢᠭᠡ ᠬᠥᠮᠥᠨ᠎ᠳᠦ ᠨᠢᠭᠡ ᠠᠷᠭ᠎ᠠ ᠪᠣᠳᠣᠯᠭ᠎ᠠ᠎ᠲᠠᠢ ᠪᠠᠢᠬᠤ》 ᠨᠠᠷᠢᠯᠢᠭ ᠤᠨᠤᠴᠠᠲᠠᠢ᠎ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠠ ᠵᠢ ᠬᠡᠷᠡᠭᠵᠢᠭᠦᠯᠵᠦ᠂ ᠠᠵᠢᠯ᠎ᠤᠨ ᠪᠠᠢᠷᠢ᠎ᠶᠢᠨ ᠲᠠᠨᠢᠯᠴᠠᠭᠤᠯᠭ᠎ᠠ᠂ ᠲᠥᠷᠥ᠎ᠶᠢᠨ ᠪᠣᠳᠣᠯᠭ᠎ᠠ᠎ᠶᠢᠨ ᠯᠠᠪᠯᠠᠭ᠎ᠠ᠂ ᠤᠷ᠎ᠠ ᠮᠡᠷᠬᠡᠵᠢᠯ ᠤ᠋ᠨ ᠪᠣᠯᠪᠠᠰᠤᠷᠠᠯ᠎ᠤᠨ ᠨᠡᠷ᠎ᠡ ᠮᠡᠳᠡᠭᠦᠯᠬᠦ ᠨᠢᠭᠡ ᠥᠷᠲᠡᠭᠡᠴᠢᠯᠡᠭᠰᠡᠨ ᠮᠠᠶᠢᠭ᠋᠎ᠤᠨ ᠦᠢᠯᠡᠴᠢᠯᠡᠭᠡ ᠬᠠᠩᠭᠠᠵᠤ᠂ ᠪᠠᠰᠠ ᠭᠡᠷ᠎ᠦᠨ ᠡᠭᠦᠳᠡᠨ᠎ᠳᠡᠬᠢ ᠲᠤᠰᠬᠠᠢ ᠲᠠᠯᠠᠪᠤᠷ ᠤᠷᠢᠵᠤ ᠡᠯᠰᠡᠬᠦ ᠴᠤᠭᠯᠠᠭᠠᠨ᠎ᠢ ᠪᠠᠢᠩᠭᠤᠵᠢᠭᠤᠯᠤᠨ ᠥᠷᠨᠢᠭᠦᠯᠵᠦ᠂ ᠲᠣᠬᠢᠷᠠᠭᠰᠠᠨ ᠠᠵᠢᠯ᠎ᠤᠨ ᠪᠠᠢᠷᠢ ᠬᠠᠩᠭᠠᠵᠤ ᠥᠭᠪᠡ᠃ ᠲᠤᠬᠠᠢ᠎ᠶᠢᠨ ᠭᠠᠵᠠᠷ᠎ᠤᠨ ᠬᠢᠨ ᠨᠡᠢᠭᠡᠮ᠎ᠦᠨ ᠪᠠᠲᠤᠯᠠᠭ᠎ᠠ᠎ᠶᠢᠨ ᠨᠥᠬᠥᠪᠦᠷᠢ᠂ ᠦᠢᠯᠡᠰ ᠪᠤᠰᠬᠠᠬᠤ ᠵᠢᠭᠡᠯᠡᠯᠭᠡ᠂ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ᠎ᠶᠢ ᠲᠥᠪᠬᠢᠨᠡᠭᠦᠯᠬᠦ ᠵᠡᠷᠭᠡ ᠣᠯᠠᠨ ᠵᠦᠢᠯ᠎ᠦᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠶᠠᠬᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠵᠢᠬᠤ ᠲᠠᠷᠢᠶᠠᠯᠠᠬᠤ ᠣᠷᠣᠨ᠎ᠤ ᠣᠯᠠᠨ ᠲᠦᠮᠡᠨ᠎ᠳᠦ ᠬᠠᠨᠳᠤᠭᠤᠯᠤᠨ ᠠᠵᠢᠯ ᠣᠯᠭᠣᠬᠤ ᠠᠷᠭ᠎ᠠ ᠵᠠᠮ᠎ᠢ ᠥᠷᠭᠡᠳᠬᠡᠵᠠᠢ᠃

ᠣᠳᠣᠬᠠᠨ᠎ᠳᠤ᠂ ᠪᠦᠬᠦ ᠬᠣᠲᠠ᠎ᠶᠢᠨ ᠬᠣᠲᠠ ᠪᠠᠯᠭᠠᠰᠤᠨ᠎ᠳᠤ 4677 ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ ᠠᠵᠢᠯ ᠣᠯᠬᠤ᠎ᠳᠤ ᠬᠦᠴᠢᠷᠲᠡᠢ 1121 ᠬᠥᠮᠥᠨ᠎ᠳᠦ ᠠᠵᠢᠯ ᠣᠯᠭᠣᠪᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面