ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-09-24 09:45:26

ᠵᠣᠬᠢᠶᠠᠭ᠍ᠴᠢ᠄ ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ ᠯᠢ ᠾᠧᠩ ᠣᠩᠱᠢᠭ᠍ᠰᠠᠨ ᠣᠳᠠᠭ᠎ᠠ᠄ 3

— ᠪᠦᠬᠦ ᠤᠯᠤᠰ᠎ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠦ ᠤᠬᠠᠭᠤᠯᠭ᠎ᠠ᠎ᠶᠢᠨ ᠰᠠᠷ᠎ᠠ᠎ᠶᠢᠨ ᠠᠩᠬᠠᠷᠤᠯ᠎ᠤᠨ ᠴᠡᠭ᠎ᠦᠨ ᠰᠢᠷᠪᠢᠯᠲᠡ


ᠡᠨᠡ ᠵᠢᠯ ᠎ᠦᠨ ᠪᠥᠬᠥ ᠤᠯᠤᠰ ᠎ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠦ ᠤᠬᠠᠭᠤᠯᠭ᠎ᠠ ᠵᠢᠨ ᠰᠠᠷ᠎ᠠ᠎ᠶᠢᠨ ᠴᠠᠭ ᠨᠢ 9 ᠰᠠᠷ᠎ᠠ᠎ᠶᠢᠨ 1 ᠡᠴᠡ 9 ᠰᠠᠷ᠎ᠠ᠎ᠶᠢᠨ 30᠎ᠤ᠋ ᠡᠳᠦᠷ ᠪᠣᠯᠣᠨ᠎ᠠ᠃ ᠬᠡᠦᠬᠡᠳ ᠰᠠᠭᠠᠲᠠᠭᠤᠯᠬᠤ ᠦᠢᠯᠡᠴᠢᠯᠡᠭᠡ ᠨᠢ ᠨᠢᠯᠬ᠎ᠠ ᠬᠡᠦᠬᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠶᠢ ᠬᠡᠷᠬᠢᠨ ᠨᠡᠩ ᠰᠠᠢᠲᠤᠷ ᠰᠠᠬᠢᠨ ᠬᠠᠮᠠᠭᠠᠯᠠᠬᠤ ᠪᠤᠢ?ᠰᠤᠷᠪᠤᠯᠵᠢᠯᠠᠭ᠍ᠴᠢ ᠣᠢᠷ᠎ᠠ᠎ᠳᠤ ᠣᠯᠠᠨ ᠭᠠᠵᠠᠷ᠎ᠢᠶᠠᠷ ᠰᠤᠷᠪᠤᠯᠵᠢᠯᠠᠵᠤ᠂ ᠬᠡᠦᠬᠡᠳ ᠰᠠᠭᠠᠲᠠᠭᠤᠯᠬᠤ ᠦᠢᠯᠡᠴᠢᠯᠡᠭᠡ ᠨᠢ ᠭᠡᠷ ᠪᠦᠯᠢ᠎ᠳᠦ ᠲᠥᠬᠥᠮ ᠳᠦᠳᠡ ᠪᠠ ᠬᠠᠯᠠᠭᠤᠨ ᠳᠤᠯᠠᠭᠠᠨ ᠦᠭᠴᠦ ᠪᠠᠢᠭ᠎ᠠ ᠵᠢ ᠤᠢᠯᠠᠭᠠᠪᠠ᠃

ᠭᠡᠷ᠎ᠤᠨ ᠡᠭᠦᠳᠡᠨ᠎ᠳᠡᠬᠢ ᠬᠡᠦᠬᠡᠳ ᠰᠠᠭᠠᠲᠠᠭᠤᠯᠬᠤ ᠬᠦᠷᠢᠶᠡᠯᠡᠩ ᠨᠢ 《ᠰᠠᠨᠠᠭ᠎ᠠ ᠠᠮᠤᠷ ᠬᠡᠦᠬᠡᠳ ᠰᠠᠭᠠᠲᠠᠭᠤᠯᠬᠤ》 ᠵᠢ ᠨᠠᠩ ᠳᠦᠭᠡᠮᠡᠯᠵᠢᠭᠦᠯᠪᠡ

ᠭᠤᠸᠠᠨᠭᠵᠸᠦ ᠬᠤᠳᠠ᠎ᠶᠢᠨ ᠶᠤᠸᠠᠢ ᠰᠢᠸ᠋ ᠲᠣᠭᠣᠷᠢᠭ᠋ ᠎ᠤᠨ ᠪᠦᠲᠦᠭᠡᠨ ᠪᠠᠢᠭᠤᠯᠤᠯᠲᠠ ᠵᠡᠭᠡᠯᠢ᠎ᠳᠦ᠂ ᠨᠡᠢᠭᠡᠮ ᠲᠣᠭᠣᠷᠢᠭ᠋᠎ᠤᠨ ᠨᠠᠮ᠎ᠤᠨ ᠭᠡᠰᠢᠭᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠤᠳᠤ᠎ᠶᠢᠨ ᠪᠠᠢᠭ᠎ᠠ ᠵᠢᠭ᠍ᠰᠠᠭᠠᠯ᠎ᠤᠨ ᠭᠠᠵᠠᠷ᠎ᠢ ᠰᠢᠯᠢᠳᠡᠭᠵᠢᠭᠦᠯᠦᠨ ᠥᠭᠡᠷᠡᠴᠢᠯᠡᠭᠰᠡᠨ ᠵᠡᠭᠡᠯᠢ ᠭᠤᠳᠤᠮᠵᠢ᠎ᠶᠢᠨ ᠲᠦᠭᠡᠮᠡᠯ ᠬᠠᠷᠠᠭᠠᠯᠵᠠᠯᠲᠤ ᠬᠡᠦᠭᠡᠳ ᠰᠠᠭᠠᠲᠠᠭᠤᠯᠬᠤ ᠬᠦᠷᠢᠶᠡᠯᠡᠩ᠎ᠳᠦ᠂ ᠬᠡᠦᠬᠡᠳ᠎ᠦᠳ ᠪᠠᠭ᠍ᠰᠢ᠎ᠶᠢᠨ᠎ᠢᠶᠠᠨ ᠳᠠᠭᠠᠭᠤᠯᠭ᠎ᠠ᠎ᠪᠠᠷ ᠲᠣᠭᠯᠠᠭᠠᠮ ᠲᠤᠭᠯᠠᠵᠠᠭᠠᠨ᠎ᠠ᠃ ᠶᠠᠭ ᠰᠠᠢᠬᠠᠨ ᠪᠥᠬᠥ ᠤᠯᠤᠰ᠎ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠦ ᠤᠬᠠᠭᠤᠯᠭ᠎ᠠ᠎ᠶᠢᠨ ᠰᠠᠷ᠎ᠠ᠎ᠶᠢᠨ ᠨᠡᠭᠡᠭᠡᠯᠲᠡ᠎ᠶᠢᠨ ᠡᠳᠦᠷ ᠲᠤᠬᠢᠶᠠᠵᠤ᠂ ᠬᠡᠳᠦᠨ ᠭᠡᠷ᠎ᠦᠨ ᠠᠬᠠᠮᠠᠳ ᠬᠢᠴᠢᠶᠡᠯ᠎ᠦᠨ ᠭᠡᠷ᠎ᠦᠨ ᠭᠠᠳᠠᠨ᠎ᠠ ᠡᠴᠡ ᠴᠣᠩᠬᠣ᠌᠎ᠪᠠᠷ ᠨᠠᠷᠢᠨ ᠬᠢᠨᠠᠮᠠᠭᠠᠢ ᠦᠵᠡᠵᠡᠭᠡᠵᠤ ᠪᠠᠢᠯ᠎ᠠ᠃

《ᠥᠩᠭᠡᠷᠡᠭᠰᠡᠨ᠎ᠳᠦ ᠬᠡᠦᠬᠡᠳ ᠰᠠᠭᠠᠲᠠᠭᠤᠯᠬᠤ ᠪᠠᠢᠭᠤᠯᠤᠮᠵᠢ᠎ᠶᠢ ᠳᠠᠩᠳᠠ ᠬᠣᠯᠠ ᠪᠥᠭᠡᠳ ᠥᠨᠳᠥᠷ ᠦᠨ᠎ᠡ᠎ᠲᠠᠢ ᠭᠡᠵᠦ ᠪᠣᠳᠣᠳᠠᠭ ᠪᠠᠢᠭᠰᠠᠨ᠂ ᠠᠰᠠᠷ᠎ᠤᠨ ᠳᠤᠤᠷ᠎ᠠ ᠭᠠᠷᠴᠢᠬᠠᠨ᠎ᠠ ᠭᠡᠵᠤ ᠶᠡᠷᠦ ᠪᠤᠳᠤᠵᠤ ᠤᠯᠤᠭ᠎ᠠ ᠦᠭᠡᠢ᠂ ᠨᠢᠭᠡ ᠰᠠᠷ᠎ᠠ ᠰᠠᠶᠢ ᠬᠣᠶᠠᠷ ᠮᠢᠩᠭ᠎ᠠ ᠭᠠᠷᠤᠢᠬᠠᠨ ᠲᠥᠭᠥᠷᠢᠭ᠎ᠤᠨ ᠰᠦᠢᠳᠬᠡᠯ ᠬᠤᠷᠢᠶᠠᠨ᠎ᠠ》 ᠭᠡᠵᠦ ᠤᠢᠷᠠᠬᠠᠨ ᠠᠮᠢᠳᠤᠷᠠᠨ ᠰᠠᠭᠤᠳᠠᠭ ᠯᠢ ᠠᠪᠠᠬᠠᠢ ᠰᠤᠷᠪᠤᠯᠵᠢᠯᠠᠭ᠍ᠴᠢ᠎ᠳᠤ ᠬᠡᠯᠡᠪᠡ᠃

ᠶᠤᠸᠠᠢ ᠰᠢᠸ᠋ ᠲᠣᠭᠣᠷᠢᠭ᠋᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠲᠣᠪᠴᠢᠶ᠎ᠠ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ᠂ ᠬᠠᠭᠤᠴᠢᠨ ᠬᠣᠲᠠ᠎ᠶᠢᠨ ᠲᠣᠭᠣᠷᠢᠭ᠋ ᠪᠣᠯᠤᠭᠰᠠᠨ᠎ᠤ ᠬᠤᠪᠢ᠎ᠳᠤ᠂ ᠶᠤᠸᠠᠢ ᠰᠢᠸ᠋᠎ᠶᠢᠨ ᠣᠷᠣᠨ ᠵᠠᠢ᠎ᠶᠢᠨ ᠡᠬᠢ ᠪᠠᠶᠠᠯᠢᠭ᠋ ᠬᠤᠮᠰᠠᠳᠠᠵᠤ᠂ ᠲᠤᠬᠠᠢ᠎ᠶᠢᠨ ᠭᠠᠵᠠᠷ᠎ᠤᠨ ᠬᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠨᠠᠮ᠎ᠤᠨ ᠭᠡᠰᠢᠭᠦᠨ ᠪᠠ ᠣᠯᠠᠨ ᠲᠦᠮᠡᠨ᠎ᠦ ᠦᠢᠯᠡᠴᠢᠯᠡᠭᠡᠨ᠎ᠤ ᠲᠥᠪ᠎ᠲᠦ 《ᠬᠡᠦᠬᠡᠳ ᠰᠠᠭᠠᠲᠠᠭᠤᠯᠬᠤ ᠠᠵᠢᠯ᠎ᠢ ᠤᠷᠤᠭᠤᠯᠬᠤ》᠂ ᠠᠯᠪᠠᠨ᠎ᠡᠴᠡ ᠪᠠᠢᠭᠤᠯᠵᠤ ᠢᠵᠢ ᠪᠦᠷᠢᠳᠦᠭᠦᠯᠦᠨ 《ᠬᠡᠦᠬᠡᠳ ᠰᠠᠭᠠᠲᠠᠭᠤᠯᠬᠤ ᠠᠵᠢᠯ᠎ᠢ ᠬᠢᠬᠦ》᠂ ᠵᠠᠰᠠᠭ ᠎ᠤᠨ ᠤᠷᠳᠤᠨ ᠡᠴᠡ ᠰᠢᠭᠤᠳ ᠬᠠᠮᠢᠶᠠᠷᠴᠤ ᠪᠠᠢᠭ᠎ᠠ ᠤᠯᠤᠰ᠎ᠤᠨ ᠦᠮᠴᠢᠯᠡᠯᠳᠦ ᠠᠯᠪᠠᠨ᠎ᠤ ᠭᠡᠷ ᠪᠠᠢᠰᠢᠩ᠎ᠳ᠋ᠦ 《ᠬᠡᠦᠬᠡᠳ ᠰᠠᠭᠠᠲᠠᠭᠤᠯᠬᠤ ᠭᠠᠵᠠᠷ᠎ᠢ ᠪᠠᠢᠭᠤᠯᠬᠤ》᠂ ᠠᠯᠪᠠᠨ᠎ᠤ ᠭᠡᠷ ᠪᠠᠢᠰᠢᠩ᠎ᠢ 《 ᠬᠡᠦᠬᠡᠳ ᠰᠠᠭᠠᠲᠠᠭᠤᠯᠬᠤ ᠎ᠳᠦ ᠬᠡᠷᠡᠭᠯᠡᠬᠦ ᠪᠤᠯᠭᠠᠨ ᠦᠭᠡᠷᠡᠴᠢᠯᠡᠬᠦ》 ᠵᠡᠷᠭᠡ ᠵᠠᠭᠪᠤᠷ᠎ᠢ ᠰᠦᠪᠡᠭᠴᠢᠯᠡᠨ ᠭᠠᠷᠭᠠᠵᠤ᠂ ᠪᠥᠬᠥ ᠲᠤᠭᠤᠷᠢᠭ᠎ᠤᠨ ᠪᠣᠶ ᠪᠦᠬᠦᠢ ᠵᠡᠭᠡᠯᠢ ᠭᠤᠳᠤᠮᠵᠢ᠎ᠳᠤ 《ᠡᠭᠦᠳᠡᠨ᠎ᠳᠡᠬᠢ》᠂ 《ᠠᠰᠠᠷ᠎ᠤᠨ ᠳᠤᠤᠷᠠᠬᠢ》 ᠠᠯᠪᠠᠨ ᠡᠴᠡ ᠡᠷᠬᠢᠯᠡᠵᠤ ᠠᠷᠠᠳ ᠡᠴᠡ ᠡᠵᠡᠨᠭᠨᠡᠭᠰᠡᠨ ᠵᠡᠭᠡᠯᠢ ᠭᠤᠳᠤᠮᠵᠢ ᠵᠢᠨ ᠲᠦᠭᠡᠮᠡᠯ ᠬᠠᠷᠠᠭᠠᠯᠵᠠᠯᠲᠦ ᠬᠡᠦᠬᠡᠳ ᠰᠠᠭᠠᠲᠠᠭᠤᠯᠬᠤ ᠬᠦᠷᠢᠶᠡᠯᠡᠩ᠎ᠢ ᠪᠠᠢᠭᠤᠯᠵᠠᠢ ᠭᠡᠵᠤ ᠲᠠᠨᠢᠯᠴᠠᠭᠤᠯᠪᠠ᠃

ᠱᠧᠨᠵᠧᠨ᠎ᠳᠦ᠂ ᠨᠡᠢᠭᠡᠮ ᠲᠣᠭᠣᠷᠢᠭ᠋᠎ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠦ ᠴᠡᠭ᠎ᠢ ᠨᠡᠶ᠋ᠢᠲᠡ 800 ᠭᠠᠷᠤᠢ ᠪᠠᠢᠭᠤᠯᠵᠤ᠂ ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠦ ᠨᠡᠢᠭᠡᠮ ᠲᠣᠭᠣᠷᠢᠭ᠋᠎ᠤᠨ ᠪᠦᠷᠬᠦᠴᠡ᠎ᠶᠢᠨ ᠨᠣᠷᠮ᠎ᠠ 99%᠎ᠳᠤ ᠬᠥᠷᠪᠡ; ᠴᠠᠩᠱᠠ᠎ᠳᠤ᠂ ᠪᠦᠬᠦ ᠬᠤᠳᠠ᠎ᠶᠢᠨ ᠬᠡᠦᠬᠡᠳ ᠰᠠᠭᠠᠲᠠᠭᠤᠯᠬᠤ ᠤᠷᠤᠨ ᠪᠠᠢᠷᠢ 5.34 ᠲᠦᠮᠡ᠎ᠳᠦ ᠬᠦᠷᠴᠦ᠂ ᠲᠦᠭᠡᠮᠡᠯ ᠬᠠᠷᠠᠭᠠᠯᠵᠠᠯᠲᠦ᠎ᠬᠡᠦᠬᠡᠳ ᠰᠠᠭᠠᠲᠠᠭᠤᠯᠬᠤ ᠤᠷᠤᠨ ᠪᠠᠢᠷᠢ 91.7% ᠵᠢ ᠡᠵᠡᠯᠡᠪᠡ ᠁ 《ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠦ ᠲᠣᠣᠷ》 ᠢ᠋ ᠤᠯᠠᠮ᠎ᠡᠴᠡ ᠤᠯᠠᠮ ᠨᠢᠭ᠍ᠲᠠ ᠰᠦᠯᠵᠢᠵᠦ᠂ 《ᠭᠡᠷ᠎ᠦᠨ ᠡᠭᠦᠳᠡᠨ᠎ᠳᠡᠭᠡᠨ ᠬᠡᠦᠬᠡᠳ ᠰᠠᠭᠠᠲᠠᠭᠤᠯᠬᠤ ᠪᠠᠢᠭᠤᠯᠤᠮᠵᠢ᠎ᠳᠦ ᠣᠷᠣᠬᠤ》 ᠬᠦᠰᠡᠯ ᠡᠷᠡᠮᠡᠯᠵᠡᠯ᠎ᠢ ᠪᠣᠳᠠᠲᠤ ᠠᠬᠤᠢ ᠪᠣᠯᠭᠠᠨ ᠬᠤᠪᠢᠷᠠᠭᠤᠯᠪᠠ᠃

ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠲᠣᠭ᠎ᠠ ᠪᠠᠷᠢᠮᠲᠠ᠎ᠳᠤ ᠬᠠᠷᠠᠭᠤᠯᠤᠭᠰᠠᠨ ᠵᠢᠡᠷ᠂ 2025 ᠣᠨ᠎ᠤ ᠡᠴᠦᠰ ᠪᠣᠯᠲᠠᠯ᠎ᠠ ᠮᠠᠨ᠎ᠤ ᠤᠯᠤᠰ᠎ᠲᠤ ᠨᠡᠶ᠋ᠢᠲᠡ 12.6 ᠲᠦᠮᠡᠨ ᠬᠡᠦᠬᠡᠳ ᠰᠠᠭᠠᠲᠠᠭᠤᠯᠬᠤ ᠪᠠᠢᠭᠤᠯᠤᠮᠵᠢ᠂ 666 ᠲᠦᠮᠡᠨ ᠬᠡᠦᠬᠡᠳ ᠰᠠᠭᠠᠲᠠᠭᠤᠯᠬᠤ ᠤᠷᠤᠨ ᠪᠠᠢᠷᠢ᠂ ᠪᠠᠢᠩᠭᠤ ᠰᠠᠭᠤᠭ᠎ᠠ ᠮᠢᠨᠭᠭᠠᠨ ᠬᠦᠮᠦᠨ ᠠᠮᠠ ᠳ᠋ᠦ ᠨᠤᠭᠳᠠᠬᠤ ᠬᠡᠦᠬᠡᠳ ᠰᠠᠭᠠᠲᠠᠭᠤᠯᠬᠤ ᠤᠷᠤᠨ ᠪᠠᠢᠷᠢ 4.73 ᠪᠣᠯᠵᠠᠢ᠃

ᠣᠯᠠᠨ ᠡᠰᠢᠲᠦ ᠬᠠᠩᠭᠠᠯᠭ᠎ᠠ ᠨᠢ 《ᠰᠠᠨᠠᠭ᠎ᠠ ᠠᠮᠤᠷ ᠬᠡᠦᠬᠡᠳ ᠰᠠᠭᠠᠲᠠᠭᠤᠯᠬᠤ》 ᠶ᠋ᠢ ᠨᠠᠩ ᠢᠳᠡ ᠬᠦᠴᠦᠨ᠎ᠲᠠᠢ ᠪᠣᠯᠭᠠᠪᠠ

9 ᠰᠠᠷ᠎ᠠ᠎ᠶᠢᠨ 11᠎ᠤ᠋ ᠡᠳᠦᠷ᠂ ᠰᠧᠴᠦᠸᠠᠨ ᠮᠤᠵᠢ᠎ᠶᠢᠨ ᠫᠧᠩᠵᠧᠦ ᠬᠣᠲᠠ᠎ᠶᠢᠨ ᠬᠡᠦᠬᠡᠳ ᠰᠠᠭᠠᠲᠠᠭᠤᠯᠬᠤ ᠶᠡᠷᠦᠩᠬᠡᠢᠯᠡᠭᠰᠡᠨ ᠦᠢᠯᠡᠴᠢᠯᠡᠭᠡᠨ᠎ᠦ ᠲᠥᠪ ᠵᠢᠩᠬᠢᠨᠢ᠎ᠪᠡᠷ ᠠᠰᠢᠭ᠍ᠯᠠᠯᠲᠠ᠎ᠳᠤ ᠤᠷᠤᠪᠠ᠃ ᠲᠣᠰ ᠲᠥᠪ᠎ᠢ ᠫᠧᠩᠵᠧᠦ ᠬᠣᠲᠠ᠎ᠶᠢᠨ ᠪᠠᠢᠭᠤᠯᠭ᠎ᠠ᠎ᠶᠢᠨ ᠬᠡᠦᠬᠡᠳ᠎ᠦᠨ ᠴᠡᠴᠡᠷᠯᠢᠭ᠎ᠡᠴᠡ ᠬᠣᠲᠠ ᠎ᠶᠢᠨ ᠡᠬᠡ ᠨᠢᠯᠬᠠᠰ᠎ᠤᠨ ᠡᠷᠡᠭᠦᠯ ᠮᠡᠨᠳᠦ᠎ᠶᠢ ᠬᠠᠮᠠᠭᠠᠯᠠᠬᠤ ᠬᠦᠷᠢᠶᠡᠯᠡᠩ᠎ᠲᠠᠢ ᠬᠠᠮᠲᠤᠷᠠᠨ ᠪᠡᠯᠡᠳᠬᠡᠨ ᠪᠠᠢᠭᠤᠯᠵᠤ᠂ 3 ᠨᠠᠰᠤᠨ ᠡᠴᠡ ᠳᠣᠷᠣᠭ᠍ᠰᠢᠬᠢ ᠨᠢᠯᠬ᠎ᠠ ᠬᠡᠦᠬᠡᠳ᠎ᠲᠦ ᠨᠡᠢᠳᠡᠮ ᠬᠠᠷᠠᠭᠠᠯᠵᠠᠯ ᠦᠵᠡᠭᠦᠯᠬᠦ ᠴᠢᠨᠠᠷ ᠰᠠᠢᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠨᠭᠭᠠᠬᠤ ᠵᠢ ᠵᠤᠷᠢᠪᠠ᠃

ᠡᠩ᠎ᠦᠨ ᠡᠮᠴᠢᠯᠡᠭᠡᠨ᠎ᠦ ᠪᠠᠢᠭᠤᠯᠤᠮᠵᠢ᠎ᠶᠢᠨ ᠨᠢᠯᠬ᠎ᠠ ᠬᠡᠦᠬᠡᠳ᠎ᠢ ᠨᠠᠢᠳᠠᠨ ᠬᠠᠮᠢᠶᠠᠷᠤᠭᠤᠯᠬᠤ ᠪᠠᠢᠭᠤᠯᠤᠮᠵᠢ᠎ᠲᠠᠢ ᠠᠳᠠᠯᠢ ᠦᠭᠡᠢ ᠲᠠᠯ᠎ᠠ ᠨᠢ ᠭᠡᠪᠡᠯ᠂ ᠫᠧᠩᠵᠧᠦ ᠬᠣᠲᠠ᠎ᠶᠢᠨ ᠬᠡᠦᠬᠡᠳ ᠰᠠᠭᠠᠲᠠᠭᠤᠯᠬᠤ ᠶᠡᠷᠦᠩᠬᠡᠢᠯᠡᠭᠰᠡᠨ ᠦᠢᠯᠡᠴᠢᠯᠡᠭᠡᠨ᠎ᠦ ᠲᠥᠪ ᠨᠢ ᠡᠮᠨᠡᠯᠭᠡ᠎ᠶᠢᠨ ᠬᠣᠷᠢᠶ᠎ᠡ ᠵᠢᠨ ᠲᠤᠰᠬᠠᠢ ᠡᠮᠴᠢᠯᠡᠭᠡᠨ᠎ᠦ ᠡᠬᠢ ᠪᠠᠶᠠᠯᠢᠭ᠋ ᠪᠠ ᠬᠡᠦᠬᠡᠳ᠎ᠦᠨ ᠴᠡᠴᠡᠷᠯᠢᠭ᠎ᠦᠨ ᠲᠤᠰᠬᠠᠢ ᠪᠠᠭ᠍ᠰᠢ᠎ᠶᠢᠨ ᠡᠬᠢ ᠪᠠᠶᠠᠯᠢᠭ᠋᠎ᠲᠤ ᠲᠦᠰᠢᠭᠯᠡᠵᠤ᠂ ᠬᠡᠦᠬᠡᠳ᠎ᠦᠨ ᠡᠷᠡᠭᠦᠯᠵᠢᠯ᠂ ᠡᠷᠡᠭᠦᠯ ᠮᠡᠨᠳᠦ᠎ᠶᠢᠨ ᠰᠤᠪᠢᠯᠠᠯᠲᠠ᠎ᠶᠢ ᠡᠳᠦᠷ ᠲᠤᠲᠤᠮ᠎ᠤᠨ ᠬᠡᠦᠬᠡᠳ ᠰᠠᠭᠠᠲᠠᠭᠤᠯᠬᠤ ᠬᠥᠮᠦᠵᠢᠯ᠎ᠳᠦ ᠠᠭᠤᠰᠬᠠᠨ ᠣᠷᠣᠭᠤᠯᠪᠠ᠃ ᠡᠭᠦᠨ᠎ᠦ ᠬᠠᠮᠲᠤ᠂ ᠫᠧᠩᠵᠧᠦ ᠬᠣᠲᠠ᠎ᠶᠢᠨ ᠡᠬᠡ ᠨᠢᠯᠬᠠᠰ᠎ᠤᠨ ᠡᠷᠡᠭᠦᠯᠵᠢᠯ᠎ᠦᠨ ᠬᠦᠷᠢᠶᠡᠯᠡᠩ᠎ᠦᠨ ᠬᠡᠦᠬᠡᠳ᠎ᠦᠨ ᠡᠷᠡᠭᠦᠯᠵᠢᠯ᠎ᠦᠨ ᠲᠤᠰᠬᠠᠢ ᠮᠡᠷᠭᠡᠵᠢᠯᠲᠡᠨ᠎ᠦ ᠪᠦᠯᠬᠦᠮ ᠲᠣᠭᠲᠠᠮᠠᠯ ᠬᠤᠭᠤᠴᠠᠭ᠎ᠠ᠎ᠲᠠᠢ᠎ᠪᠠᠷ ᠬᠦᠷᠢᠶᠡᠯᠡᠩ᠎ᠳᠦ ᠣᠷᠣᠵᠤ᠂ ᠪᠣᠶ᠋ᠢᠵᠢᠯᠲᠠ᠎ᠶᠢᠨ ᠦᠨᠡᠯᠡᠯᠲᠡ᠂ ᠰᠢᠮ᠎ᠡ ᠲᠡᠵᠢᠭᠡᠯ᠎ᠦᠨ ᠵᠢᠯᠣᠭᠣᠳᠤᠯᠭ᠎ᠠ ᠪᠠ ᠪᠠᠴᠢᠮ ᠪᠠᠢᠳᠠᠯ᠎ᠢ ᠠᠷᠭᠠᠴᠠᠭᠠᠬᠤ ᠪᠣᠯᠪᠠᠰᠤᠷᠠᠯ ᠥᠷᠨᠢᠭᠦᠯᠬᠦ᠎ᠶᠢᠨ ᠬᠠᠮᠲᠤ ᠭᠡᠷ᠎ᠦᠨ ᠠᠬᠠᠮᠠᠳ᠎ᠤᠨ ᠬᠢᠴᠢᠶᠡᠯ᠎ᠦᠨ ᠲᠠᠩᠬᠢᠮ᠎ᠢ ᠪᠠᠢᠩᠭᠤ ᠨᠡᠭᠡᠭᠡᠵᠦ᠂ 0 — 3 ᠨᠠᠰᠤᠨ ᠎ᠤ ᠨᠢᠯᠬ᠎ᠠ ᠬᠡᠦᠬᠡᠳ᠎ᠲᠦ ᠭᠡᠷ᠎ᠦᠨ ᠡᠭᠦᠳᠡᠨ᠎ᠳᠡᠬᠢ 《ᠡᠷᠡᠭᠦᠯ ᠮᠡᠨᠳᠦ᠎ᠶᠢᠨ ᠬᠠᠮᠢᠶᠠᠷᠤᠭ᠍ᠴᠢ》 ᠲᠣᠬᠢᠷᠠᠭᠤᠯᠵᠤ ᠥᠭᠪᠠ᠃

ᠪᠠᠢᠬᠤ ᠡᠴᠡ ᠰᠢᠯᠢᠳᠡᠭ ᠪᠣᠯᠵᠤ᠂ 《ᠡᠮᠴᠢᠯᠡᠬᠦ ᠪᠠ ᠪᠣᠢᠵᠢᠭᠤᠯᠬᠤ᠎ᠶᠢ ᠤᠶᠠᠯᠳᠤᠭᠤᠯᠬᠤ》 ᠨᠢ ᠣᠯᠠᠨ ᠭᠠᠵᠠᠷ᠎ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠭᠦ᠎ᠶᠢᠨ ᠴᠢᠬᠤᠯᠠ ᠭᠠᠷᠳᠠᠴᠠ ᠪᠣᠯᠵᠠᠢ᠃ ᠵᠢᠨᠠᠨ ᠬᠣᠲᠠ《ᠡᠷᠡᠭᠦᠯ ᠮᠡᠨᠳᠦ᠎ᠶᠢᠨ ᠳᠡᠳ᠋ ᠬᠦᠷᠢᠶᠡᠯᠡᠩ᠎ᠦᠨ ᠳᠠᠷᠤᠭ᠎ᠠ》 ᠵᠢᠨ ᠳᠦᠷᠢᠮ᠎ᠢ ᠰᠢᠨ᠎ᠡ᠎ᠶᠢ ᠡᠭᠦᠳᠦᠨ ᠬᠡᠷᠡᠭᠵᠢᠭᠦᠯᠵᠦ᠂ ᠭᠤᠷᠪᠠᠨ ᠬᠦᠬᠡ ᠳᠡᠰ ᠎ᠤᠨ ᠡᠮᠨᠡᠯᠭᠡ᠎ᠶᠢᠨ ᠬᠣᠷᠢᠶ᠎ᠠ᠎ᠶᠢᠨ ᠡᠮᠨᠡᠯᠭᠡ᠎ᠶᠢᠨ ᠠᠵᠢᠯᠲᠠᠨ᠎ᠢ ᠰᠣᠩᠭᠣᠨ ᠲᠣᠮᠢᠯᠠᠵᠤ ᠳᠣᠷᠣᠭ᠍ᠰᠢ ᠪᠠᠭᠤᠯᠭᠠᠵᠤ ᠬᠡᠦᠬᠡᠳ ᠰᠠᠭᠠᠲᠠᠭᠤᠯᠬᠤ ᠪᠠᠢᠭᠤᠯᠤᠮᠵᠢ᠎ᠶᠢ ᠪᠠᠢᠩᠭᠤᠵᠢᠭᠤᠯᠤᠨ ᠨᠢᠭᠡ ᠨᠢᠭᠡ᠎ᠪᠡᠷ ᠵᠢᠯᠣᠭᠣᠳᠤᠭᠤᠯᠪᠠ; ᠴᠧᠩᠳᠦ᠋ ᠬᠣᠲᠠ 2021 ᠣᠨ ᠡᠴᠡ ᠡᠬᠢᠯᠡᠨ ᠬᠡᠦᠬᠡᠳ ᠰᠠᠭᠠᠲᠠᠭᠤᠯᠬᠤ ᠪᠠᠢᠭᠤᠯᠤᠮᠵᠢ ᠶ᠋ᠢᠨ ᠡᠷᠡᠭᠦᠯ ᠮᠡᠨᠳᠦ ᠶ᠋ᠢᠨ ᠬᠠᠮᠢᠶᠠᠷᠤᠭ᠍ᠴᠢ ᠶ᠋ᠢᠨ ᠳᠦᠷᠢᠮ ᠢ᠋ ᠰᠦᠪᠡᠭᠴᠢᠯᠡᠨ ᠪᠠᠢᠭᠤᠯᠵᠤ᠂ ᠪᠦᠭᠦ ᠬᠣᠲᠠ ᠶ᠋ᠢᠨ ᠬᠡᠦᠬᠡᠳ ᠰᠠᠭᠠᠲᠠᠭᠤᠯᠬᠤ ᠪᠠᠢᠭᠤᠯᠤᠮᠵᠢ ᠶ᠋ᠢᠨ ᠡᠷᠡᠭᠦᠯ ᠮᠡᠨᠳᠦ ᠶ᠋ᠢᠨ ᠬᠠᠮᠢᠶᠠᠷᠤᠭ᠍ᠴᠢ ᠶ᠋ᠢᠨ ᠲᠣᠬᠢᠷᠠᠭᠤᠯᠤᠯᠲᠠ ᠶ᠋ᠢᠨ ᠨᠣᠷᠮ᠎ᠠ ᠶ᠋ᠢ 100% ᠳ᠋ᠦ ᠬᠦᠷᠭᠡᠪᠡ᠃

ᠰᠤᠷᠪᠤᠯᠵᠢᠯᠠᠬ᠍ᠴᠢ᠎ᠶᠢᠨ ᠣᠢᠯᠠᠭᠠᠭᠰᠠᠨ᠎ᠢᠶᠠᠷ᠂ ᠵᠠᠷᠢᠮ ᠭᠠᠵᠠᠷ ᠣᠷᠣᠨ ᠲᠤᠬᠠᠢ᠎ᠶᠢᠨ ᠭᠠᠵᠠᠷ᠎ᠤᠨ ᠭᠠᠵᠠᠷ ᠨᠤᠲᠤᠭ ᠠᠭᠤᠳᠠᠮ ᠬᠥᠮᠥᠨ ᠠᠮᠠ ᠴᠥᠭᠡᠨ᠂ ᠲᠠᠷᠠᠬᠠᠢ ᠪᠤᠲᠠᠷᠬᠠᠢ ᠤᠷᠤᠰᠢᠨ ᠰᠠᠭᠤᠷᠢᠰᠢᠵᠤ ᠪᠠᠢᠬᠤ ᠪᠣᠳᠠᠲᠤ ᠪᠠᠢᠳᠠᠯ ᠎ᠳᠤ ᠴᠢᠭᠯᠡᠭᠦᠯᠦᠨ᠂ ᠣᠨᠴᠠᠯᠢᠭ᠍ᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠎ᠶᠢ ᠰᠢᠨ᠎ᠡ ᠎ᠶᠢ ᠡᠭᠦᠳᠦᠨ ᠰᠦᠪᠡᠭᠴᠢᠯᠡᠵᠦ ᠪᠠᠢᠨ᠎ᠠ᠃ ᠵᠢᠱ᠌ᠢᠶᠡᠯᠡᠪᠡᠯ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ《ᠲᠣᠭᠲᠠᠮᠠᠯ ᠥᠷᠲᠡᠭᠡ᠎ᠪᠡᠷ ᠰᠠᠭᠤᠷᠢ᠎ᠶᠢ ᠪᠠᠲᠤᠯᠠᠬᠤ + ᠨᠠᠷᠢᠯᠢᠭ᠋ ᠤᠨᠤᠴᠠᠳᠠᠢ ᠪᠡᠷ ᠡᠷᠦᠬᠡ᠎ᠳᠦ ᠬᠦᠨᠵᠡᠬᠡᠢᠷᠡᠨ ᠵᠢᠯᠤᠭᠤᠳᠬᠤ》 ᠣᠨᠴᠠᠯᠢᠭ᠍ᠲᠤ ᠵᠠᠭᠪᠤᠷ᠎ᠢ ᠰᠦᠪᠡᠭᠴᠢᠯᠡᠵᠦ᠂ ᠬᠡᠦᠬᠡᠳ ᠰᠠᠭᠠᠲᠠᠭᠤᠯᠬᠤ ᠪᠠᠢᠭᠤᠯᠤᠮᠵᠢ᠂ ᠡᠬᠡ ᠨᠢᠯᠬᠠᠰ᠎ᠤᠨ ᠡᠷᠡᠭᠦᠯᠵᠢᠯ ᠵᠡᠷᠭᠡ ᠬᠦᠴᠦᠨ ᠎ᠢ ᠨᠢᠭᠡᠳᠦᠯᠲᠡᠢ ᠲᠦᠯᠦᠪᠵᠢᠬᠦᠯᠦᠨ ᠨᠡᠢᠳᠬᠡᠬᠦ᠂ ᠥᠰᠦᠯᠲᠡ ᠪᠤᠶ᠋ᠢᠵᠢᠯᠲᠠ᠎ᠶᠢᠨ ᠬᠢᠨᠠᠨ ᠬᠡᠮᠵᠢᠯᠲᠡ᠂ ᠭᠡᠷ ᠳᠤᠨᠢ ᠠᠮᠤᠷ ᠲᠦᠪᠰᠢᠨ ᠬᠠᠷᠠᠭᠠᠯᠵᠠᠨ ᠠᠰᠠᠷᠠᠬᠤ᠂ ᠰᠢᠨᠵᠢᠯᠡᠬᠦ ᠤᠬᠠᠭᠠᠨᠴᠢ᠎ᠪᠠᠷ ᠬᠡᠦᠬᠡᠳ ᠪᠣᠢᠵᠢᠭᠤᠯᠬᠤ ᠤᠬᠠᠭᠤᠯᠤᠨ ᠲᠠᠢᠯᠪᠤᠷᠢᠯᠠᠬᠤ ᠵᠡᠷᠭᠡ ᠦᠢᠯᠡᠴᠢᠯᠡᠭᠡ᠎ᠶᠢ ᠥᠷᠨᠢᠭᠦᠯᠪᠡ᠃

ᠲᠥᠷᠥ᠎ᠶᠢᠨ ᠪᠣᠳᠣᠯᠭ᠎ᠠ ᠵᠢᠨ ᠬᠠᠮ ᠠᠷᠭ᠎ᠠ ᠬᠡᠮᠵᠢᠶ᠎ᠠ ᠨᠢ 《ᠬᠡᠦᠭᠡᠳ᠎ᠢᠶᠡᠨ ᠬᠦᠷᠭᠡᠵᠦ ᠲᠡᠢᠯᠬᠦ ᠰᠠᠨᠠᠭ᠎ᠠ ᠠᠮᠤᠷ ᠬᠦᠷᠭᠡᠵᠦ ᠲᠡᠢᠯᠬᠦ ᠪᠤᠯᠭᠠᠵᠤ》 ᠣᠯᠠᠨ ᠭᠡᠷ ᠪᠦᠯᠢ᠎ᠳᠦ ᠠᠰᠢᠭ᠋ ᠬᠦᠷᠲᠡᠭᠡᠪᠡ

ᠪᠦᠭᠦ ᠤᠯᠤᠰ᠎ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠦ ᠤᠬᠠᠭᠤᠯᠭ᠎ᠠ᠎ᠶᠢᠨ ᠰᠠᠷ᠎ᠠ ᠪᠣᠯ ᠦᠢᠯᠡᠴᠢᠯᠡᠭᠡᠨ᠎ᠦ ᠦᠵᠡᠭᠦᠯᠭᠡ᠎ᠶᠢᠨ ᠴᠣᠩᠬᠣ᠌ ᠪᠤᠯᠬᠤ᠎ᠪᠠᠷ ᠪᠠᠷᠠᠬᠤ ᠦᠭᠡᠢ ᠨᠠᠩ ᠴᠤ᠌ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ᠎ᠶᠢᠨ ᠲᠦᠷᠬᠡᠳᠬᠡᠬᠦᠷ ᠮᠥᠨ᠃ ᠡᠯ᠎ᠡ ᠭᠠᠵᠠᠷ᠎ᠤᠨ ᠭᠢᠨ ᠤᠬᠠᠭᠤᠯᠭ᠎ᠠ᠎ᠶᠢᠨ ᠰᠠᠷ᠎ᠠ᠎ᠪᠠᠷ ᠠᠵᠠ ᠲᠣᠭᠢᠶᠠᠯ ᠪᠤᠯᠭᠠᠵᠤ᠂ ᠬᠡᠦᠬᠡᠳ ᠰᠠᠭᠠᠲᠠᠭᠤᠯᠬᠤ ᠦᠢᠯᠡᠴᠢᠯᠡᠭᠡ᠎ᠶᠢ ᠲᠦᠭ ᠲᠦᠮᠡᠨ ᠠᠢᠯ ᠡᠷᠦᠭᠡ᠎ᠳᠦ ᠦᠨᠡᠨ ᠬᠦ᠌ ᠬᠦᠷᠭᠡᠵᠦ ᠪᠠᠢᠨ᠎ᠠ᠃

ᠰᠢᠶᠠᠮᠧᠨ ᠬᠣᠲᠠ 2026 ᠣᠨ᠎ᠤ 1 ᠰᠠᠷ᠎ᠠ᠎ᠶᠢᠨ 1 ᠤ᠋ ᠡᠳᠦᠷ᠎ᠡᠴᠡ ᠡᠬᠢᠯᠡᠨ ᠬᠦᠬᠦᠬᠦᠯ ᠬᠡᠤᠬᠡᠳ᠎ᠤᠨ ᠠᠩᠬᠢ᠂ ᠬᠡᠦᠬᠡᠳ ᠰᠠᠭᠠᠲᠠᠭᠤᠯᠬᠤ ᠠᠩᠭᠢ ᠵᠡᠷᠭᠡ᠎ᠳᠦ ᠵᠣᠷᠢᠭ᠍ᠵᠢᠭᠤᠯᠤᠯ᠎ᠤᠨ ᠴᠢᠨᠠᠷᠲᠠᠢ ᠱᠠᠩᠨᠠᠯ ᠬᠥᠬᠢᠭᠦᠯᠦᠯ ᠵᠢᠴᠢ ᠲᠦᠷᠢᠶᠡᠰᠦᠨ ᠮᠥᠩᠭᠥ᠎ᠶᠢ ᠬᠠᠰᠤᠵᠤ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢ ᠵᠠᠯᠭᠠᠨ ᠬᠡᠷᠡᠭᠵᠢᠭᠦᠯᠵᠦ᠂ 《ᠬᠥᠷᠰᠢ ᠵᠡᠷᠭᠡᠯᠡᠳᠡᠭᠡ᠎ᠪᠡᠨ ᠬᠠᠢᠷᠠᠯᠠᠵᠤ ᠨᠢᠯᠬᠠᠰ᠎ᠢᠶᠠᠨ ᠬᠠᠮᠠᠭᠠᠯᠠᠬᠤ》 ᠨᠡᠶ᠋ᠢᠲᠡ᠎ᠶᠢᠨ ᠠᠰᠠᠷᠠᠮᠵᠢ᠎ᠶᠢᠨ ᠬᠡᠦᠬᠡᠳ ᠰᠠᠭᠠᠲᠠᠭᠤᠯᠬᠤ ᠲᠤᠷᠰᠢᠯᠲᠠ᠎ᠶᠢᠨ ᠦᠢᠯᠡᠴᠢᠯᠡᠭᠡ᠎ᠶᠢ ᠰᠢᠨ᠎ᠡ᠎ᠶᠢ ᠡᠭᠦᠳᠦᠨ ᠭᠠᠷᠭᠠᠵᠤ᠂ ᠲᠦᠷᠦᠯ ᠵᠦᠢᠯ᠎ᠤᠨ ᠬᠤᠭᠤᠴᠠᠭᠠᠨ᠎ᠳᠦ 5 ᠲᠦᠮᠡ ᠭᠠᠷᠤᠢ ᠬᠥᠮᠥᠨ ᠤᠳᠠᠭ᠎ᠠ᠎ᠳᠦ ᠦᠢᠯᠡᠴᠢᠯᠡᠭᠡ ᠬᠠᠩᠭᠠᠪᠠ; ᠨᠠᠨᠵᠢᠩ ᠬᠤᠳᠠ ᠪᠦᠲᠦᠭᠡᠨ ᠪᠠᠢᠭᠤᠯᠤᠯᠲᠠ᠎ᠶᠢᠨ ᠨᠥᠬᠥᠪᠦᠷᠢ᠂ ᠡᠵᠡᠩᠨᠡᠯᠲᠡ᠎ᠶᠢᠨ ᠨᠥᠬᠥᠪᠦᠷᠢ᠂ ᠵᠢᠱ᠌ᠢᠶ᠎ᠡ ᠦᠵᠡᠭᠦᠯᠵᠦ ᠱᠠᠩᠨᠠᠬᠤ ᠵᠡᠷᠭᠡ ᠤᠯᠠᠨ ᠲᠠᠯ᠎ᠠ᠎ᠶᠢᠨ ᠳᠡᠮᠵᠢᠯᠭᠡ᠎ᠶᠢᠨ ᠲᠣᠭᠲᠠᠴᠠ᠎ᠶᠢ ᠪᠠᠢᠭᠤᠯᠪᠠ ᠁

ᠨᠠᠨᠵᠢᠩ ᠬᠣᠲᠠ᠎ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ᠂ ᠲᠤᠬᠠᠢ᠎ᠶᠢᠨ ᠭᠠᠵᠠᠷ᠎ᠤᠨ ᠭᠢᠨ ᠰᠢᠨ᠎ᠡ᠎ᠪᠡᠷ ᠪᠠᠢᠭᠤᠯᠤᠭᠰᠠᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠᠢᠭᠤᠯᠤᠮᠵᠢ ᠪᠠ ᠨᠡᠢᠭᠡᠮ ᠲᠣᠭᠣᠷᠢᠭ᠋᠎ᠤᠨ ᠬᠡᠦᠬᠡᠳ ᠰᠠᠭᠠᠲᠠᠭᠤᠯᠬᠤ ᠴᠡᠭ᠎ᠲᠦ ᠨᠢᠭᠡ ᠯᠠ ᠤᠳᠠᠭ᠎ᠠ ᠵᠢᠨ ᠴᠢᠨᠠᠷᠳᠠᠢ 10 ᠡᠴᠡ 40 ᠲᠦᠮᠡᠨ ᠲᠥᠭᠥᠷᠢᠭ᠎ᠦᠨ ᠨᠥᠬᠥᠪᠦᠷᠢ ᠥᠭᠴᠦ᠂ ᠬᠡᠦᠬᠡᠳ᠎ᠦᠨ ᠴᠡᠴᠡᠷᠯᠢᠭ᠎ᠲᠦ ᠬᠡᠦᠬᠡᠳ ᠰᠠᠭᠠᠲᠠᠭᠤᠯᠬᠤ ᠠᠩᠭᠢ ᠭᠠᠷᠭᠠᠬᠤ᠎ᠳᠤ ᠠᠩᠭᠢ ᠪᠦᠷᠢ᠎ᠳᠦ 5 ᠡᠴᠡ 10 ᠲᠦᠮᠡᠨ ᠲᠥᠭᠥᠷᠢᠭ᠎ᠦᠨ ᠨᠥᠬᠥᠪᠦᠷᠢ ᠥᠭᠴᠦ᠂ ᠪᠠᠢᠭᠤᠯᠤᠮᠵᠢ᠎ᠶᠢ ᠠᠵᠢᠯᠯᠠᠭᠤᠯᠤᠭᠰᠠᠨ᠎ᠤ ᠳᠠᠷᠠᠭ᠎ᠠ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠤᠷᠤᠨ ᠪᠠᠢᠷᠢ ᠪᠦᠷᠢ᠎ᠳᠦ ᠵᠢᠯ ᠪᠤᠯᠭᠠᠨ 2000 ᠡᠴᠡ 3000 ᠲᠥᠭᠥᠷᠢᠭ᠎ᠦᠨ ᠨᠥᠬᠥᠪᠦᠷᠢ ᠥᠭᠬᠦ᠎ᠶᠢᠨ ᠬᠠᠮᠲᠤ ᠳᠠᠩᠰᠠᠯᠠᠭᠤᠯᠤᠬᠰᠠᠨ ᠪᠠᠢᠭᠤᠯᠤᠮᠵᠢ᠂ ᠵᠢᠱ᠌ᠢᠶ᠎ᠡ ᠦᠵᠡᠭᠦᠯᠭᠦ ᠪᠠᠢᠭᠤᠯᠤᠮᠵᠢ ᠵᠢᠴᠢ ᠴᠢᠨᠠᠷ ᠰᠠᠢᠲᠠᠢ ᠬᠡᠯᠬᠢᠶ᠎ᠡ ᠲᠥᠷᠥᠯ ᠲᠡᠮᠳᠡᠭ᠎ᠢ ᠲᠠᠰ ᠬᠤᠪᠢᠶᠠᠨ ᠲᠥᠷᠥᠯ ᠬᠤᠪᠢᠶᠠᠨ ᠱᠠᠩᠨᠠᠬᠤ᠎ᠶᠢ ᠬᠡᠷᠡᠭᠵᠢᠭᠦᠯᠪᠡ ᠭᠡᠵᠦ ᠲᠠᠨᠢᠯᠴᠠᠭᠤᠯᠤᠯ᠎ᠠ᠃

ᠣᠢᠷ᠎ᠠ᠎ᠶᠢᠨ ᠵᠢᠯ᠎ᠦᠳ᠎ᠲᠦ᠂ ᠮᠠᠨ᠎ᠤ ᠤᠯᠤᠰ ᠲᠥᠷᠥ᠎ᠶᠢᠨ ᠪᠣᠳᠣᠯᠭ᠎ᠠ᠎ᠶᠢᠨ 《ᠬᠠᠮ ᠠᠷᠭ᠎ᠠ ᠬᠡᠮᠵᠢᠶ᠎ᠡ》 ᠨᠡᠢᠲᠡᠯᠡᠵᠦ᠂ ᠬᠡᠦᠬᠡᠳ ᠰᠠᠭᠠᠲᠠᠭᠤᠯᠬᠤ ᠦᠢᠯᠡᠴᠢᠯᠡᠭᠡ᠎ᠶᠢ 《ᠪᠠᠢᠬᠤ ᠡᠰᠡᠬᠦ》 ᠡᠴᠡ《ᠰᠠᠢᠨ ᠡᠰᠡᠬᠦ》 ᠲᠡᠢᠰᠢ ᠲᠦᠷᠭᠡᠨ ᠬᠤᠪᠢᠷᠠᠭᠤᠯᠬᠤ᠎ᠶᠢ ᠠᠬᠢᠭᠤᠯᠵᠤ ᠪᠠᠢᠨ᠎ᠠ᠃ ᠵᠢᠱ᠌ᠢᠶᠡᠯᠡᠪᠡᠯ᠂ ᠬᠡᠦᠬᠡᠳ ᠰᠠᠭᠠᠲᠠᠭᠤᠯᠬᠤ ᠲᠥᠬᠦᠭᠡᠷᠦᠮᠵᠢ᠎ᠶᠢᠨ ᠬᠡᠷᠡᠭᠯᠡᠬᠦ ᠭᠠᠵᠠᠷ᠎ᠢ ᠬᠤᠪᠢᠶᠠᠷᠢᠯᠠᠨ ᠰᠠᠯᠭᠠᠵᠤ ᠬᠡᠷᠡᠭᠯᠡᠬᠦ ᠭᠠᠵᠠᠷ᠎ᠤᠨ ᠭᠠᠷᠴᠠᠭ᠎ᠲᠤ ᠣᠷᠣᠭᠤᠯᠵᠤ᠂ ᠬᠡᠦᠬᠡᠳ ᠰᠠᠭᠠᠲᠠᠭᠤᠯᠬᠤ ᠪᠠᠢᠭᠤᠯᠤᠮᠵᠢ᠎ᠶᠢᠨ ᠤᠰᠤ ᠴᠠᠭᠢᠯᠭᠠᠨ ᠬᠡᠢ ᠳᠤᠯᠠᠭᠠᠯᠠᠭ᠎ᠠ᠎ᠶᠢ ᠰᠠᠭᠤᠭᠠᠯᠢ ᠠᠷᠠᠳ᠎ᠤᠨ ᠠᠮᠢᠳᠤᠷᠠᠯ᠎ᠤᠨ ᠲᠥᠷᠥᠯ᠎ᠦᠨ ᠦᠨ᠎ᠡ ᠬᠠᠩᠰᠢ᠎ᠪᠠᠷ ᠬᠡᠷᠡᠭᠵᠢᠭᠦᠯᠬᠦ; 《ᠬᠡᠦᠬᠡᠳ ᠰᠠᠭᠠᠲᠠᠭᠤᠯᠬᠤ ᠶᠡᠷᠦᠩᠬᠡᠢᠯᠡᠭᠰᠡᠨ ᠦᠢᠯᠡᠴᠢᠯᠡᠭᠡᠨ᠎ᠦ ᠲᠥᠪ᠎ᠦᠨ ᠬᠣᠯᠪᠣᠭᠳᠠᠯ ᠪᠦᠬᠦᠢ ᠠᠵᠢᠯ᠎ᠢ ᠴᠢᠩᠭᠠᠳᠬᠠᠬᠤ ᠲᠤᠬᠠᠢ ᠮᠡᠳᠡᠭᠳᠡᠯ》 ᠢ᠋ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ᠎ᠤᠨ ᠭᠢᠨ ᠲᠤᠬᠠᠢ᠎ᠶᠢᠨ ᠭᠠᠵᠠᠷ᠎ᠤᠨ ᠬᠥᠮᠥᠨ ᠠᠮᠠ᠎ᠶᠢᠨ ᠬᠡᠪᠴᠢᠶ᠎ᠡ᠂ ᠬᠡᠦᠬᠡᠳ ᠰᠠᠭᠠᠲᠠᠭᠤᠯᠬᠤ ᠦᠢᠯᠡᠴᠢᠯᠡᠬᠡ ᠵᠢᠨ ᠬᠡᠷᠡᠭᠴᠡᠭᠡ᠂ ᠠᠵᠤ ᠠᠬᠤᠢ ᠨᠡᠢᠭᠡᠮ᠎ᠦᠨ ᠬᠥᠭᠵᠢᠯᠲᠡ ᠵᠡᠷᠭᠡ ᠪᠣᠳᠠᠲᠠᠢ ᠪᠠᠢᠳᠠᠯ᠎ᠢ ᠶᠡᠷᠦᠩᠬᠡᠢᠯᠡᠨ ᠪᠣᠳᠣᠯᠬᠢᠯᠠᠵᠤ᠂ ᠬᠡᠪᠴᠢᠶ᠎ᠡ ᠨᠢ ᠲᠣᠬᠢᠷᠠᠮᠵᠢᠲᠠᠢ᠂ ᠲᠣᠨᠣᠭ ᠲᠥᠬᠦᠭᠡᠷᠦᠮᠵᠢ ᠨᠢ ᠲᠣᠬᠢᠷᠠᠮᠵᠢᠲᠠᠢ᠂ ᠴᠢᠳᠠᠮᠵᠢ ᠨᠢ ᠪᠦᠷᠢᠨ ᠲᠡᠭᠦᠯᠳᠡᠷ ᠬᠡᠦᠬᠡᠳ ᠰᠠᠭᠠᠲᠠᠭᠤᠯᠬᠤ ᠶᠡᠷᠦᠩᠬᠡᠢᠯᠡᠭᠰᠡᠨ ᠦᠢᠯᠡᠴᠢᠯᠡᠭᠡᠨ᠎ᠦ ᠲᠥᠪ᠎ᠢ ᠪᠠᠶ᠋ᠢᠭᠤᠯᠬᠤ ᠬᠡᠷᠡᠭᠲᠡᠢ ᠭᠡᠵᠦ ᠳᠤᠷᠠᠳᠪᠠ᠃

ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠬᠥᠮᠥᠨ ᠠᠮᠠ ᠭᠡᠷ ᠪᠦᠯᠢ᠎ᠶᠢᠨ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ᠂ ᠲᠠᠷᠠᠭᠠᠴᠢ᠎ᠶᠢᠨ ᠠᠯᠬᠤᠮ᠎ᠳᠤ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤ᠎ᠪᠠᠷ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠪᠠ ᠬᠡᠥᠬᠡᠳ ᠬᠦᠮᠦᠵᠢᠭᠦᠯᠬᠦ ᠠᠵᠢᠯ᠎ᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ᠎ᠶᠢ ᠬᠥᠭᠵᠢᠭᠦᠯᠵᠦ᠂ ᠴᠢᠨᠠᠷ ᠰᠠᠢᠲᠠᠢ ᠬᠠᠩᠭᠠᠯᠭ᠎ᠠ᠎ᠶᠢ ᠦᠷᠭᠦᠯᠵᠢᠯᠡᠨ ᠥᠷᠭᠡᠳᠬᠡᠵᠦ᠂ ᠬᠡᠦᠬᠡᠳ ᠰᠠᠭᠠᠲᠠᠭᠤᠯᠬᠤ ᠦᠨ᠎ᠡ᠎ᠶᠢ ᠪᠠᠭᠤᠷᠠᠭᠤᠯᠤᠨ᠂ ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠵᠦ᠂ ᠣᠯᠠᠨ ᠲᠦᠮᠡᠨ᠎ᠢ ᠬᠡᠦᠬᠡᠳ ᠰᠠᠭᠠᠲᠠᠭᠤᠯᠵᠤ ᠳᠡᠶ᠋ᠢᠯᠭᠦ᠂ ᠬᠡᠦᠬᠡᠳ᠎ᠢᠶᠡᠨ ᠰᠠᠭᠠᠲᠠᠭᠤᠯᠤᠭᠤᠯᠬᠤ ᠴᠢᠳᠠᠯ ᠲᠠᠢ ᠪᠠᠢᠬᠤ᠂ ᠰᠠᠢᠳᠤᠷ ᠬᠡᠦᠬᠡᠳ ᠰᠠᠭᠠᠲᠠᠭᠤᠯᠬᠤ ᠪᠤᠯᠭᠠᠵᠤ᠂ ᠭᠡᠷ ᠪᠦᠯᠢ᠎ᠶᠢᠨ ᠬᠡᠦᠬᠡᠳ ᠪᠣᠢᠵᠢᠭᠤᠯᠬᠤ ᠲᠠᠯ᠎ᠠ᠎ᠪᠠᠷ ᠭᠢ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠦᠨᠡᠨ ᠬᠦ᠌ ᠰᠢᠢᠳᠪᠦᠷᠢᠯᠡᠨ᠎ᠡ ᠭᠡᠵᠦ ᠢᠯᠡᠳᠬᠡᠪᠡ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ ᠴᠠᠬᠢᠯᠭᠠᠨ ᠮᠡᠳᠡᠭᠡ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面