2026-09-28 16:59:10
ᠨᠠᠢ᠍ᠮᠠᠳᠤᠭᠠᠷ ᠬᠤᠭᠤᠴᠠᠭᠠᠨ ᠤ᠋ 《ᠤᠷᠳᠤᠰ ᠬᠣᠲᠠ ᠳ᠋ᠤ ᠴᠤᠭᠯᠠᠷᠠᠵᠤ ᠨᠡᠢᠭᠡᠮ ᠤ᠋ᠨ ᠠᠵᠢᠯ ᠢ᠋ ᠶᠠᠷᠢᠯᠴᠠᠵᠠᠭᠠᠶᠠ》 ᠭᠡᠬᠦ ᠭᠣᠣᠯ ᠰᠡᠳᠦᠪᠲᠦ ᠨᠡᠢᠭᠡᠮ ᠤ᠋ᠨ ᠠᠵᠢᠯ ᠤ᠋ᠨ ᠰᠣᠯᠢᠯᠴᠠᠭᠠᠨ ᠤ᠋ ᠠᠵᠢᠯᠯᠠᠭ᠎ᠠ ᠳᠦᠷᠦᠬᠦᠭᠡᠨ ᠬᠢᠶ᠎ᠠ ᠪᠠᠭ᠍ᠰᠢ ᠲᠣᠭᠣᠷᠢᠭ᠋ ᠲᠤ᠌ ᠶᠠᠪᠤᠭᠳᠠᠪᠠ᠃ ᠪᠦᠬᠦ ᠤᠯᠤᠰ ᠤ᠋ᠨ ᠨᠡᠢᠭᠡᠮ ᠤ᠋ᠨ ᠠᠵᠢᠯ ᠤ᠋ᠨ ᠬᠦᠷᠢᠶᠡᠨ ᠤ᠋ ᠲᠤᠰᠬᠠᠢ ᠮᠡᠷᠭᠡᠵᠢᠯᠲᠡᠨ ᠪᠣᠯᠣᠨ ᠡᠮᠦᠨ᠎ᠡ ᠹᠷᠣᠨᠲ ᠤ᠋ᠨ ᠠᠵᠢᠯᠲᠠᠨ᠂ ᠬᠣᠲᠠ ᠲᠣᠭᠣᠷᠢᠭ᠋ ᠬᠣᠶᠠᠷ ᠱᠠᠲᠤᠨ ᠤ᠋ ᠬᠠᠮᠢᠶ᠎ᠠ ᠪᠦᠬᠦᠢ ᠰᠠᠯᠠᠭ᠎ᠠ ᠮᠥᠴᠢᠷ ᠤ᠋ᠨ ᠬᠠᠷᠢᠭᠤᠴᠠᠯᠭᠠᠲᠠᠨ᠂ ᠦᠨᠳᠦᠰᠦᠨ ᠱᠠᠲᠤᠨ ᠤ᠋ ᠨᠡᠢᠭᠡᠮ ᠤ᠋ᠨ ᠠᠵᠢᠯᠲᠠᠨ ᠤ᠋ ᠲᠥᠯᠥᠭᠡᠯᠡᠭᠴᠢᠳ ᠵᠡᠷᠭᠡ 110 ᠭᠠᠷᠤᠢ ᠬᠥᠮᠥᠨ ᠬᠤᠷᠠᠯ ᠳ᠋ᠤ ᠣᠷᠣᠯᠴᠠᠪᠠ᠃
ᠳᠤᠰ ᠠᠵᠢᠯᠯᠠᠭ᠎ᠠ 《ᠰᠢᠨ᠎ᠡ ᠠᠶᠠᠨ᠂ ᠰᠢᠨ᠎ᠡ ᠡᠭᠦᠷᠭᠡ᠂ ᠰᠢᠨ᠎ᠡ ᠦᠢᠯᠡᠴᠢᠯᠡᠭᠡ — ᠰᠢᠨ᠎ᠡ ᠴᠠᠭ ᠦᠶ᠎ᠡ ᠵᠢᠨ ᠣᠷᠳᠣᠰ ᠬᠤᠳᠠ ᠵᠢᠨ ᠨᠡᠢᠭᠡᠮ ᠤ᠋ᠨ ᠠᠵᠢᠯ ᠤ᠋ᠨ ᠲᠤᠰᠬᠠᠢ ᠮᠡᠷᠭᠡᠵᠢᠯ ᠤ᠋ᠨ ᠦᠢᠯᠡᠴᠢᠯᠡᠭᠡᠨ ᠤ᠋ ᠴᠢᠨᠠᠷ ᠰᠠᠢᠲᠠᠢ ᠬᠥᠭᠵᠢᠯᠲᠡ ᠵᠢᠨ ᠠᠷᠭ᠎ᠠ ᠵᠠᠮ ᠢ᠋ ᠬᠠᠢᠨ ᠰᠦᠪᠡᠭᠴᠢᠯᠡᠶ᠎ᠠ》 ᠭᠡᠬᠦ ᠭᠣᠣᠯ ᠰᠡᠳᠦᠪᠤᠨ ᠲᠤᠭᠤᠷᠢᠨᠳᠤ ᠲᠦᠷᠦ ᠵᠢᠨ ᠪᠣᠳᠣᠯᠭ᠎ᠠ ᠵᠢ ᠰᠤᠳᠤᠯᠤᠨ ᠰᠤᠷᠤᠯᠴᠠᠬᠤ᠂ ᠳᠤᠬᠠᠢᠯᠠᠭᠰᠠᠨ ᠠᠵᠢᠯ ᠢ᠋ ᠰᠤᠳᠤᠯᠤᠨ ᠶᠠᠷᠢᠯᠴᠠᠬᠤ᠂ ᠡᠬᠢ ᠪᠠᠶᠠᠯᠢᠭ᠋ ᠢ᠋ ᠵᠣᠯᠭᠠᠭᠤᠯᠬᠤ ᠵᠡᠷᠭᠡ ᠵᠢᠨ ᠲᠤᠬᠠᠢ ᠶᠠᠷᠢᠯᠴᠠᠭ᠎ᠠ ᠦᠷᠨᠢᠬᠦᠯᠦᠨ᠂ ᠨᠡᠢᠭᠡᠮ ᠤ᠋ᠨ ᠠᠵᠢᠯᠲᠠᠨᠤ ᠴᠢᠳᠠᠪᠤᠷᠢᠲᠠᠨ ᠢ᠋ ᠬᠥᠮᠥᠵᠢᠭᠦᠯᠬᠦ ᠪᠠ ᠦᠨᠳᠦᠰᠦᠨ ᠱᠠᠲᠤᠨ ᠤ᠋ ᠵᠠᠰᠠᠯᠲᠠ ᠵᠢᠨ ᠣᠳᠣᠬᠢᠴᠢᠯᠠᠯᠲᠠ ᠵᠢᠨ ᠪᠦᠲᠦᠭᠡᠨ ᠪᠠᠢᠭᠤᠯᠤᠯᠲᠠ ᠵᠢᠨ ᠰᠢᠨ᠎ᠡ ᠠᠷᠭ᠎ᠠ ᠵᠠᠮ ᠤ᠋ᠨ ᠳᠤᠬᠠᠢ ᠬᠠᠮᠲᠤ ᠪᠠᠷ ᠬᠠᠢᠨ ᠰᠦᠪᠡᠭᠴᠢᠯᠡᠵᠡᠢ᠃
ᠲᠤᠰ ᠠᠵᠢᠯᠯᠠᠭ᠎ᠠ ᠵᠢ ᠦᠪᠦᠷ ᠮᠤᠩᠭᠤᠯᠤᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠨᠡᠢᠭᠡᠮ ᠤ᠋ᠨ ᠠᠵᠢᠯ ᠤ᠋ᠨ ᠬᠡᠯᠲᠡᠰ ᠬᠢᠨᠡᠨ ᠵᠢᠯᠤᠭᠣᠳᠴᠤ᠂ ᠣᠷᠳᠣᠰ ᠬᠤᠳᠠ ᠵᠢᠨ ᠨᠠᠮ ᠤ᠋ᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠤᠷᠳᠤᠰ ᠬᠤᠳᠠ ᠵᠢᠨ ᠨᠠᠮ ᠤ᠋ᠨ ᠬᠣᠷᠢᠶ᠎ᠠ ᠵᠢᠨ ᠨᠡᠢᠭᠡᠮ ᠤ᠋ᠨ ᠠᠵᠢᠯ ᠤ᠋ᠨ ᠬᠡᠯᠲᠡᠰ᠂ ᠤᠷᠳᠤᠰ ᠬᠤᠳᠠ ᠵᠢᠨ ᠠᠷᠠᠳ ᠤ᠋ᠨ ᠶᠠᠪᠤᠳᠠᠯ ᠤ᠋ᠨ ᠲᠣᠪᠴᠢᠶ᠎ᠠ ᠭᠣᠣᠯᠯᠠᠨ ᠡᠷᠬᠢᠯᠡᠪᠡ᠃ ᠠᠵᠢᠯᠯᠠᠭ᠎ᠠ ᠳᠡᠭᠡᠷ᠎ᠡ ᠳᠦᠷᠦ ᠶ᠋ᠢᠨ ᠪᠤᠳᠤᠯᠭ᠎ᠠ᠂ ᠳᠦᠷᠦᠯ ᠵᠦᠢᠯ᠂ ᠵᠠᠰᠠᠭ ᠪᠠ ᠨᠡᠢᠭᠡᠮ ᠤ᠋ᠨ ᠵᠤᠬᠢᠶᠠᠨ ᠪᠠᠢᠭᠤᠯᠤᠯᠳᠠ᠂ ᠪᠤᠳᠠᠳᠤ ᠠᠵᠢᠯ ᠤ᠋ᠨ ᠳᠤᠬᠠᠢ ᠪᠤᠯᠪᠠᠰᠤᠷᠠᠯ ᠵᠡᠷᠭᠡ ᠳᠦᠷᠪᠡᠨ ᠶᠡᠬᠡ ᠤᠨᠴᠠᠯᠢᠭᠳᠤ ᠬᠡᠰᠡᠭ ᠢ᠋ ᠳᠤᠬᠢᠷᠠᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠤ᠋ᠳ ᠨᠡᠢᠭᠡᠮ ᠤ᠋ᠨ ᠠᠵᠢᠯᠲᠠᠨ ᠤ᠋ ᠴᠢᠳᠠᠪᠤᠷᠢᠲᠠᠨ ᠤ᠋ ᠪᠠᠢᠭᠤᠯᠤᠯᠲᠠ᠂ ᠦᠨᠳᠦᠰᠦᠨ ᠱᠠᠲᠤᠨ ᠤ᠋ ᠨᠡᠢᠭᠡᠮ ᠤ᠋ᠨ ᠠᠵᠢᠯ ᠤ᠋ᠨ ᠥᠷᠲᠡᠭᠡᠨᠤ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ᠋ ᠢ᠋ ᠨᠡᠮᠡᠭᠳᠡᠭᠦᠯᠬᠦ ᠵᠢᠨ ᠲᠣᠭᠣᠷᠢᠨ ᠳ᠋ᠤ ᠲᠣᠰ ᠭᠠᠵᠠᠷ ᠣᠷᠣᠨ ᠤ᠋ ᠪᠠᠨ ᠲᠤᠷᠰᠢᠯᠭ᠎ᠠ ᠪᠠ ᠠᠷᠭ᠎ᠠ ᠬᠢᠳᠡᠯ ᠢ᠋ ᠬᠤᠪᠢᠶᠠᠯᠴᠠᠵᠠᠢ᠃
ᠲᠣᠰ ᠠᠵᠢᠯᠯᠠᠭ᠎ᠠ ᠶᠡᠬᠡ ᠳᠡᠭᠡᠳᠦ ᠰᠤᠷᠭᠠᠭᠤᠯᠢ᠂ ᠡᠮᠴᠢᠯᠡᠭᠡᠨ ᠤ᠋ ᠪᠠᠢᠭᠤᠯᠤᠮᠵᠢ᠂ ᠨᠡᠢᠭᠡᠮ ᠤ᠋ᠨ ᠠᠵᠢᠯ ᠤ᠋ᠨ ᠪᠠᠢᠭᠤᠯᠤᠮᠵᠢ ᠵᠡᠷᠭᠡ ᠣᠯᠠᠨ ᠲᠠᠯ᠎ᠠ ᠵᠢᠨ ᠵᠣᠯᠭᠠᠯᠴᠠᠭ᠎ᠠ ᠬᠠᠮᠲᠤᠷᠠᠯᠴᠠᠭ᠎ᠠ ᠵᠢ ᠠᠬᠢᠭᠤᠯᠤᠨ᠂ ᠣᠶᠤᠨᠲᠤ ᠨᠡᠢᠭᠡᠮ ᠤ᠋ᠨ ᠠᠵᠢᠯ ᠤ᠋ᠨ ᠪᠦᠲᠦᠭᠡᠨ ᠪᠠᠢᠭᠤᠯᠤᠯᠲᠠ᠂ ᠰᠤᠷᠭᠠᠭᠤᠯᠢ ᠪᠠ ᠣᠷᠣᠨ ᠨᠤᠲᠤᠭ ᠤ᠋ᠨ ᠬᠠᠮᠲᠤᠷᠠᠯᠴᠠᠭ᠎ᠠ᠂ ᠲᠤᠰᠬᠠᠢ ᠲᠥᠷᠥᠯ ᠤ᠋ᠨ ᠨᠡᠢᠭᠡᠮ ᠤ᠋ᠨ ᠠᠵᠢᠯ ᠤ᠋ᠨ ᠦᠢᠯᠡᠴᠢᠯᠡᠭᠡ ᠵᠡᠷᠭᠡ ᠬᠦᠷᠢᠶ᠎ᠡ ᠴᠠᠷᠠᠭ᠎ᠠ ᠳ᠋ᠤ ᠬᠠᠮᠳᠤᠷᠠᠨ ᠠᠵᠢᠯᠯᠠᠬᠤ ᠰᠠᠨᠠᠮᠵᠢ ᠶ᠋ᠢᠨ ᠬᠡᠷ᠎ᠡ ᠳᠤᠭᠳᠠᠭᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃