ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-10-08 09:59:21

ᠵᠣᠬᠢᠶᠠᠭ᠍ᠴᠢ᠄ ᠪᠤᠶᠠᠠᠡᠨᠡᠷᠢᠯ ᠣᠩᠱᠢᠭ᠍ᠰᠠᠨ ᠣᠳᠠᠭ᠎ᠠ᠄ 3

《ᠲᠣᠮᠣ᠌ ᠤᠯᠤᠰ ᠤ᠋ᠨ ᠤᠷᠠᠨ ᠲᠠᠷᠬᠠᠨ ᠠᠵᠤ ᠠᠬᠤᠢᠯᠠᠯ ᠢ᠋ ᠲᠤᠰᠠᠯᠠᠬᠤ ᠤᠮᠠᠷᠠᠳᠤ ᠬᠢᠯᠢ ᠳ᠋ᠡᠬᠢ ᠠᠶᠠᠯᠠᠯ》 ᠤ᠋ᠨ ᠠᠵᠢᠯᠯᠠᠭ᠎ᠠ ᠵᠢᠴᠢ 2026 ᠣᠨ ᠤ᠋ ᠥᠪᠡᠷᠲᠡᠭᠡᠨ ᠵᠠᠰᠠᠬᠤ ᠣᠷᠣᠨ ᠤ᠋ ᠤᠮᠠᠷᠠᠲᠤ ᠬᠢᠯᠢ ᠵᠢᠨ ᠤᠷᠠᠨ ᠲᠠᠷᠬᠠᠨ ᠢ᠋ ᠬᠥᠮᠥᠵᠢᠭᠦᠯᠬᠦ ᠡᠲᠡᠭᠡᠳ ᠤ᠋ᠨ ᠬᠣᠶᠠᠳᠤᠭᠠᠷ ᠬᠤᠭᠤᠴᠠᠭᠠᠨ ᠤ᠋ ᠪᠣᠯᠪᠠᠰᠤᠷᠠᠯ ᠤ᠋ᠨ ᠪᠦᠯᠬᠦᠮ ᠳᠦᠷᠦᠬᠦᠭᠡᠨ ᠣᠷᠳᠣᠰ ᠬᠤᠳᠠ ᠳ᠋ᠤ ᠠᠵᠤ ᠠᠬᠤᠢᠯᠠᠯ ᠢ᠋ ᠲᠤᠰᠠᠯᠠᠬᠤ ᠦᠢᠯᠡᠳᠦᠯᠭᠡ ᠵᠢᠨ ᠠᠵᠢᠯᠯᠠᠭ᠎ᠠ ᠥᠷᠨᠢᠭᠦᠯᠵᠦ᠂ ᠣᠷᠣᠨ ᠤ᠋ ᠳᠣᠲᠣᠨ᠎ᠠ ᠭᠠᠳᠠᠨ᠎ᠠ ᠡᠴᠠ ᠢᠷᠡᠭᠰᠡᠨ ᠲᠣᠮᠣ᠌ ᠤᠯᠤᠰ ᠤ᠋ᠨ ᠤᠷᠠᠨ ᠲᠠᠷᠬᠠᠨ᠂ ᠤᠮᠠᠷᠠᠲᠤ ᠬᠢᠯᠢ ᠵᠢᠨ ᠤᠷᠠᠨ ᠲᠠᠷᠬᠠᠨ ᠢ᠋ ᠬᠥᠮᠥᠵᠢᠭᠦᠯᠬᠦ ᠲᠥᠯᠥᠭᠡᠯᠡᠭᠴᠢ ᠨᠠᠷ ᠠᠵᠤ ᠠᠬᠤᠢᠯᠠᠯ ᠤ᠋ᠨ ᠨᠢᠭᠡᠳᠦᠭᠡᠷ ᠹᠷᠣᠨᠲ ᠲᠤ᠌ ᠬᠦᠷᠴᠦ ᠮᠡᠷᠭᠡᠵᠢᠯ ᠤᠯᠠᠮᠵᠢᠯᠠᠨ ᠲᠥᠭᠡᠷᠢᠭᠳᠡᠯ ᠢ᠋ ᠲᠠᠶ᠋ᠢᠯᠵᠤ᠂ ᠣᠷᠣᠨ ᠨᠤᠲᠤᠭ ᠤ᠋ᠨ ᠠᠵᠤ ᠦᠢᠯᠡᠰ ᠤ᠋ᠨ ᠬᠥᠭᠵᠢᠯᠲᠡ ᠳ᠋ᠤ ᠳᠡᠭᠡᠳᠦ ᠮᠡᠷᠭᠡᠵᠢᠯ ᠤ᠋ᠨ ᠳᠡᠮᠵᠢᠯᠭᠡ ᠨᠡᠮᠡᠷᠢᠯᠡᠪᠡ᠃

ᠲᠣᠰ ᠤᠳᠠᠭᠠᠨ ᠤ᠋ ᠠᠵᠢᠯᠯᠠᠭ᠎ᠠ ᠨᠢ 3 ᠡᠳᠦᠷ ᠤ᠋ᠨ ᠬᠤᠭᠤᠴᠠᠭ᠎ᠠ ᠳᠠᠢ ᠶᠠᠪᠤᠭᠳᠠᠵᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠵᠢᠯᠴᠢᠨ ᠤ᠋ ᠶᠡᠷᠦᠩᠬᠡᠢ ᠡᠪᠯᠡᠯ ᠳᠤᠮᠳᠠᠳᠤ ᠤᠯᠤᠰ ᠤ᠋ᠨ ᠬᠥᠳᠡᠯᠮᠦᠷᠢ ᠵᠢᠨ ᠬᠠᠷᠢᠴᠠᠭᠠᠨ ᠤ᠋ ᠳᠡᠭᠡᠳᠦ ᠰᠤᠷᠭᠠᠭᠤᠯᠢ ᠲᠠᠢ ᠬᠠᠮᠲᠤᠷᠠᠨ ᠡᠷᠭᠢᠯᠡᠪᠡ᠃ ᠠᠵᠢᠯᠯᠠᠭ᠎ᠠ ᠵᠢᠨ ᠬᠤᠭᠤᠴᠠᠭᠠᠨ ᠳ᠋ᠤ ᠲᠣᠮᠣ᠌ ᠤᠯᠤᠰ ᠤ᠋ᠨ ᠤᠷᠠᠨ ᠲᠠᠷᠬᠠᠨ ᠤ᠋ ᠲᠤᠰᠬᠠᠢ ᠮᠡᠷᠭᠡᠵᠢᠯᠲᠡᠨ ᠤ᠋ ᠪᠦᠯᠬᠦᠮ ᠳᠤᠭᠤᠢᠯᠠᠩ ᠬᠤᠪᠢᠶᠠᠨ ᠣᠷᠳᠣᠰ ᠬᠤᠳᠠ ᠵᠢᠨ ᠵᠦᠩ ᠪᠧᠢ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠬᠢᠵᠠᠭᠠᠷᠲᠤ ᠺᠣᠮᠫᠠᠨᠢ᠂ ᠥᠪᠥᠷ ᠮᠣᠩᠭᠣᠯ ᠤ᠋ᠨ ᠱᠤᠸᠠᠩ ᠰᠢᠨ ᠠᠭᠤᠷᠬᠠᠢ ᠵᠢᠨ ᠦᠢᠯᠡᠰ ᠤ᠋ᠨ ᠬᠢᠵᠠᠭᠠᠷᠲᠤ ᠺᠣᠮᠫᠠᠨᠢ᠂ ᠣᠷᠳᠣᠰ ᠬᠤᠳᠠ ᠵᠢᠨ ᠬᠤᠤ ᠬᠤᠸᠠ ᠨᠠᠷᠢᠯᠢᠭ᠋ ᠨᠡᠭᠦᠷᠡᠰᠦᠨ ᠤ᠋ ᠬᠢᠵᠠᠭᠠᠷᠲᠤ ᠺᠣᠮᠫᠠᠨᠢ ᠵᠡᠷᠭᠡ ᠠᠵᠤ ᠠᠬᠤᠢᠯᠠᠯ ᠤ᠋ᠨ ᠦᠢᠯᠡᠳᠪᠦᠷᠢᠯᠡᠯ ᠤ᠋ᠨ ᠲᠤᠬᠠᠢ ᠵᠢᠨ ᠲᠠᠯᠠᠪᠠᠢ ᠳ᠋ᠤ ᠭᠦᠨᠵᠡᠭᠡᠢᠷᠡᠵᠦ᠂ ᠮᠡᠷᠭᠡᠵᠢᠯ ᠤ᠋ᠨ ᠳᠠᠢᠯᠪᠤᠷᠢᠯᠠᠯᠳᠠ ᠪᠠ ᠪᠣᠳᠠᠲᠤ ᠪᠣᠯᠪᠠᠰᠤᠷᠠᠯ ᠤ᠋ᠨ ᠵᠢᠯᠣᠭᠣᠳᠤᠯᠭ᠎ᠠ ᠥᠷᠨᠢᠭᠦᠯᠵᠦ᠂ ᠠᠵᠤ ᠠᠬᠤᠢᠯᠠᠯ ᠢ᠋ ᠬᠠᠪᠰᠤᠷᠤᠨ ᠮᠡᠷᠭᠡᠵᠢᠯ ᠤ᠋ᠨ ᠪᠣᠭᠣᠮᠢ ᠵᠢ ᠨᠢ ᠰᠢᠢᠳᠪᠦᠷᠢᠯᠡᠵᠦ ᠥᠭᠴᠡᠢ᠃ ᠣᠷᠳᠣᠰ ᠬᠤᠳᠠ ᠵᠢᠨ ᠵᠦᠩ ᠪᠧᠢ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠬᠢᠵᠠᠭᠠᠷᠲᠤ ᠺᠣᠮᠫᠠᠨᠢ ᠵᠢᠨ ᠰᠧ ᠯᠢᠶᠠᠨ ᠬᠣᠶᠠᠳᠤᠭᠠᠷ ᠠᠭᠤᠷᠬᠠᠢ ᠵᠢᠨ ᠮᠠᠰᠢᠨ ᠲᠡᠭᠡᠭᠡᠪᠦᠷᠢ ᠵᠢᠨ ᠠᠩᠭᠢ ᠵᠢᠨ ᠳᠡᠳ᠋ ᠳᠠᠷᠤᠭ᠎ᠠ ᠹᠠᠨ ᠵᠢᠶᠦ᠋ᠨ ᠴᠢᠶᠠᠩ᠄ 《ᠲᠣᠮᠣ᠌ ᠤᠯᠤᠰ ᠤ᠋ᠨ ᠤᠷᠠᠨ ᠲᠠᠷᠬᠠᠨ ᠲᠤᠬᠠᠢ ᠵᠢᠨ ᠲᠠᠯᠠᠪᠠᠢ ᠳ᠋ᠤ ᠬᠦᠷᠴᠦ ᠠᠵᠤ ᠠᠬᠤᠢᠯᠠᠯ ᠢ᠋ ᠬᠠᠪᠰᠤᠷᠤᠨ ᠬᠥᠭᠵᠢᠯᠲᠡ ᠵᠢᠨ ᠬᠦᠴᠢᠷ ᠠᠰᠠᠭᠤᠳᠠᠯ ᠢ᠋ ᠨᠢ ᠰᠢᠢᠳᠪᠦᠷᠢᠯᠡᠵᠦ᠂ ᠰᠢᠨ᠎ᠡ ᠵᠢ ᠡᠭᠦᠳᠬᠦ ᠴᠢᠳᠠᠪᠤᠷᠢ ᠵᠢ ᠨᠢ ᠳᠡᠭᠡᠭᠰᠢᠯᠡᠭᠦᠯᠦᠭᠰᠡᠨ ᠶ᠋ᠢᠡᠷ ᠪᠢᠳᠠᠨ ᠤ᠋ ᠮᠡᠷᠭᠡᠵᠢᠯ ᠤ᠋ᠨ ᠬᠢᠷᠢ ᠳᠦᠪᠰᠢᠨ᠂ ᠴᠢᠳᠠᠪᠦᠷᠢᠳᠠᠨ ᠢ᠋ ᠬᠦᠮᠦᠵᠢᠬᠦᠯᠬᠦ ᠵᠡᠷᠭᠡ ᠳᠠᠯ᠎ᠠ ᠪᠡᠷ ᠶᠡᠬᠡ ᠳᠡᠭᠡᠭᠰᠢᠯᠡᠯᠳᠡ ᠳᠠᠢ ᠪᠤᠯᠤᠯ᠎ᠠ》 ᠬᠡᠵᠦ ᠬᠡᠯᠡᠪᠡ᠃

ᠣᠷᠳᠣᠰ ᠤ᠋ᠨ ᠴᠠᠬᠢᠯᠭᠠᠨ ᠬᠠᠩᠭᠠᠬᠤ ᠺᠣᠮᠫᠠᠨᠢ ᠶ᠋ᠢᠨ ᠠᠬᠤᠢ ᠳᠠᠯᠠᠪᠠᠢ ᠳ᠋ᠤ ᠲᠣᠮᠣ᠌ ᠤᠯᠤᠰ ᠤ᠋ᠨ ᠤᠷᠠᠨ ᠳᠠᠷᠬᠠᠨ ᠤ᠋ ᠪᠦᠯᠬᠦᠮ ᠤ᠋ᠨ ᠬᠢᠨ ᠪᠣᠯᠣᠨ ᠠᠵᠤ ᠠᠬᠤᠢᠯᠠᠯ ᠤ᠋ᠨ ᠠᠵᠢᠯᠲᠠᠨ ᠠᠵᠢᠯᠴᠢᠨ ᠤ᠋ ᠲᠥᠯᠥᠭᠡᠯᠡᠭᠴᠢ ᠠᠵᠢᠯ ᠲᠦᠷᠦᠯ ᠤ᠋ᠨ ᠬᠥᠭᠵᠢᠯᠲᠡ ᠵᠢᠨ ᠣᠳᠣᠬᠢ ᠪᠠᠢᠳᠠᠯ᠂ ᠮᠡᠷᠭᠡᠵᠢᠯ ᠤ᠋ᠨ ᠪᠣᠭᠣᠮᠲᠠ ᠰᠢᠪᠲᠤᠯᠬᠤ ᠬᠦᠴᠢᠷᠳᠡᠯ ᠵᠡᠷᠭᠡ ᠵᠢᠨ ᠲᠣᠭᠣᠷᠢᠨ ᠳ᠋ᠤ ᠰᠠᠨᠠᠯ ᠶ᠋ᠢᠡᠨ ᠰᠣᠯᠢᠯᠴᠠᠪᠠ᠃ ᠡᠭᠦᠨ ᠤ᠋ ᠬᠠᠮᠲᠤ ᠪᠠᠰᠠ ᠭᠣᠣᠯ ᠰᠡᠳᠦᠪᠲᠦ ᠲᠠᠢᠯᠤᠮᠵᠢ᠂ ᠣᠨᠴᠠ ᠤᠷᠢᠭ᠍ᠰᠠᠨ ᠯᠧᠺᠲ᠋ᠣᠷ ᠢ᠋ ᠤᠷᠢᠨ ᠲᠣᠮᠢᠯᠠᠬᠤ᠂ ᠮᠡᠷᠭᠡᠵᠢᠯ ᠤ᠋ᠨ ᠪᠣᠭᠣᠮᠲᠠ ᠰᠢᠪᠲᠤᠯᠬᠤ ᠵᠡᠷᠭᠡ ᠤᠯᠠᠨ ᠵᠦᠢᠯ ᠤ᠋ᠨ ᠠᠵᠢᠯᠯᠠᠭ᠎ᠠ ᠥᠷᠨᠢᠭᠦᠯᠵᠦ᠂ ᠤᠨᠤᠯ ᠶ᠋ᠢᠡᠷ ᠬᠢᠴᠢᠶᠡᠯᠯᠡᠬᠦ ᠪᠠ ᠪᠣᠳᠠᠲᠤ ᠭᠠᠵᠠᠷ ᠲᠤᠨᠢ ᠦᠢᠯᠡᠳᠦᠯᠭᠡᠵᠢᠭᠦᠯᠬᠦ ᠵᠢ ᠤᠶᠠᠯᠳᠤᠭᠤᠯᠬᠤ ᠪᠡᠷ ᠳᠠᠮᠵᠢᠭᠤᠯᠤᠨ᠂ ᠲᠣᠮᠣ᠌ ᠤᠯᠤᠰ ᠤ᠋ᠨ ᠤᠷᠠᠨ ᠳᠠᠷᠬᠠᠨ ᠤ᠋ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ᠋ ᠪᠠᠳᠠᠷᠠᠭᠤᠯᠵᠤ᠂ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ᠋ ᠰᠠᠨᠠᠭ᠎ᠠ᠂ ᠬᠥᠳᠡᠯᠮᠦᠷᠢ ᠵᠢᠨ ᠵᠣᠷᠢᠭ᠋ ᠰᠠᠨᠠᠭ᠎ᠠ᠂ ᠤᠷᠠᠨ ᠳᠠᠷᠬᠠᠨ ᠤ᠋ ᠵᠣᠷᠢᠭ᠋ ᠰᠠᠨᠠᠭ᠎ᠠ ᠵᠢ ᠪᠠᠳᠠᠷᠠᠭᠤᠯᠤᠨ᠂ ᠳᠡᠭᠡᠳᠦ ᠳᠡᠰ ᠤ᠋ᠨ ᠮᠡᠷᠭᠡᠵᠢᠯ ᠤ᠋ᠨ ᠴᠢᠳᠠᠪᠤᠷᠢᠲᠠᠨ ᠤ᠋ ᠡᠩᠨᠡᠭᠡ ᠵᠢᠨ ᠪᠠᠢᠭᠤᠯᠤᠯᠲᠠ ᠵᠢ ᠲᠦᠷᠭᠡᠳᠬᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面