2026-09-30 12:55:57
ᠤᠯᠤᠰ ᠤ᠋ᠨ ᠴᠠᠬᠢᠯᠭᠠᠨ ᠲᠤᠤᠷ ᠤ᠋ᠨ ᠦᠪᠦᠷ ᠮᠤᠨᠭᠭᠤᠯ ᠤ᠋ᠨ ᠵᠡᠭᠦᠨ ᠬᠡᠰᠡᠭ ᠤ᠋ᠨ ᠴᠠᠬᠢᠯᠭᠠᠨ ᠬᠦᠴᠦᠨ ᠤ᠋ ᠺᠤᠮᠫᠠᠨᠢ ᠶ᠋ᠢᠨ ᠮᠡᠳᠡᠭᠡ ᠵᠢ ᠦᠨᠳᠦᠰᠦᠯᠡᠪᠡᠯ᠂ ᠲᠦᠷᠦᠬᠦᠬᠡᠨ ᠪᠦᠬᠦ᠌ ᠤᠯᠤᠰ ᠤ᠋ᠨ ᠠᠩᠬᠠᠳᠠᠭᠴᠢ ᠳᠤᠭᠳᠠᠮᠠᠯ ᠳᠠᠪᠲᠠᠮᠵᠢᠳᠤ ᠴᠠᠬᠢᠯᠭᠠᠨ ᠲᠤᠤᠷ ᠪᠠᠢᠭᠤᠯᠬᠤ ᠮᠠᠯᠵᠢᠬᠤ ᠣᠷᠤᠨ ᠤ᠋ ᠬᠡᠷᠡᠭᠯᠡᠭᠴᠢ ᠶ᠋ᠢᠨ ᠬᠠᠩᠭᠠᠯᠭ᠎ᠠ ᠶ᠋ᠢ ᠪᠠᠳᠤᠯᠠᠬᠤ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠨᠦᠭᠡᠴᠡ ᠡᠨᠧᠷᠬᠢ ᠶ᠋ᠢᠨ ᠵᠢᠵᠢᠭ ᠴᠠᠬᠢᠯᠭᠠᠨ ᠳᠤᠤᠷ ᠬᠦᠯᠦᠨ ᠪᠤᠢᠷ ᠬᠤᠳᠠ ᠳ᠋ᠤ ᠠᠰᠢᠭᠯᠠᠯᠳᠠ ᠳ᠋ᠤ ᠤᠷᠤᠪᠠ᠃ ᠡᠨᠡ ᠨᠢ ᠮᠠᠨ ᠤ᠋ ᠤᠯᠤᠰ ᠤ᠋ᠨ ᠪᠡᠶ᠎ᠠ ᠪᠡᠨ ᠳᠠᠭᠠᠭᠠᠨ ᠰᠤᠳᠤᠯᠤᠨ ᠦᠢᠯᠡᠳᠦᠭᠰᠡᠨ ᠳᠤᠭᠳᠠᠮᠠᠯ ᠳᠠᠪᠳᠠᠮᠵᠢᠳᠦ ᠴᠠᠬᠢᠯᠭᠠᠨ ᠲᠤᠤᠷ ᠪᠠᠢᠭᠤᠯᠬᠤ ᠵᠢᠴᠢ ᠴᠢᠳᠠᠮᠵᠢᠳᠦ ᠪᠠᠢᠳᠠᠯ ᠳ᠋ᠡᠬᠢ ᠴᠠᠬᠢᠯᠭᠠᠨ ᠳᠠᠮᠵᠢᠭᠤᠯᠭ᠎ᠠ ᠶ᠋ᠢ ᠡᠵᠡᠮᠰᠢᠬᠦ ᠮᠡᠷᠭᠡᠵᠢᠯ ᠢ᠋ ᠠᠩᠬ᠎ᠠ ᠤᠳᠠᠭ᠎ᠠ ᠪᠤᠢᠳᠠ ᠪᠦᠭᠯᠡᠭᠦᠦ ᠮᠠᠯᠵᠢᠬᠤ ᠤᠷᠤᠨ ᠤ᠋ ᠵᠢᠵᠢᠭ ᠴᠠᠬᠢᠯᠭᠠᠨ ᠳᠤᠤᠷ ᠪᠠᠢᠭᠤᠯᠬᠤ ᠦᠢᠯᠡᠳᠦᠯᠭᠡ ᠳ᠋ᠤ ᠬᠡᠷᠡᠭᠯᠡᠵᠦ᠂ ᠪᠤᠢᠳᠠ ᠪᠦᠭᠯᠡᠭᠦᠦ ᠤᠷᠤᠨ ᠤ᠋ ᠴᠠᠬᠢᠯᠭᠠᠨ ᠲᠤᠤᠷ ᠤ᠋ᠨ ᠴᠠᠬᠢᠯᠭᠠᠨ ᠬᠠᠩᠭᠠᠯᠭ᠎ᠠ ᠳᠤᠭᠳᠠᠭᠤᠨ ᠪᠤᠰᠤ ᠪᠠᠢᠬᠤ ᠲᠦᠪᠡᠭ ᠠᠰᠠᠭᠤᠳᠠᠯ ᠢ᠋ ᠲᠤᠢᠯᠪᠤᠷᠢᠳᠠᠢ ᠰᠢᠢᠳᠪᠤᠷᠢᠯᠡᠵᠠᠢ᠃
ᠲᠤᠰ ᠲᠥᠷᠦᠯ ᠵᠦᠢᠯ ᠨᠢ ᠬᠥᠯᠦᠨ ᠪᠤᠢᠷ ᠬᠤᠲᠠ ᠶ᠋ᠢᠨ ᠬᠠᠭᠤᠴᠢᠨ ᠪᠠᠷᠭᠤ ᠬᠣᠰᠢᠭᠤᠨ ᠤ᠋ ᠬᠠᠷᠠᠭᠠᠨᠲᠤ ᠭᠠᠴᠠᠭᠠᠨ ᠳ᠋ᠤ ᠪᠠᠢᠵᠤ᠂ ᠴᠠᠬᠢᠯᠭᠠᠨ ᠲᠣᠤᠷ ᠤ᠋ᠨ ᠪᠦᠷᠬᠦᠯᠲᠡ ᠶ᠋ᠢᠨ ᠬᠠᠮᠤᠭ ᠦᠵᠦᠭᠦᠷ ᠲᠦ᠍ ᠬᠠᠷᠢᠶᠠᠯᠠᠭᠳᠠᠨ᠎ᠠ᠃ ᠤᠷᠲᠤ᠌ ᠬᠤᠭᠤᠴᠠᠭᠠᠨ ᠤ᠋ ᠲᠤᠷᠰᠢ᠂ ᠥᠪᠦᠷ ᠮᠣᠩᠭᠤᠯ ᠤ᠋ᠨ ᠵᠡᠭᠦᠨ ᠬᠡᠰᠡᠭ ᠤ᠋ᠨ ᠬᠢᠯᠢ ᠬᠢᠵᠠᠭᠠᠷ ᠤ᠋ᠨ ᠮᠠᠯᠵᠢᠬᠤ ᠣᠷᠤᠨ ᠤ᠋ ᠴᠠᠬᠢᠯᠭᠠᠨ ᠲᠣᠤᠷ ᠤ᠋ᠨ ᠲᠦᠬᠦᠭᠡᠷᠦᠮᠵᠢ ᠬᠠᠷᠢᠴᠠᠩᠭᠤᠢ ᠪᠠᠭᠤᠷᠠᠢ᠂ ᠴᠠᠬᠢᠯᠭᠠᠨ ᠬᠠᠩᠭᠠᠬᠤ ᠱᠤᠭᠤᠮ ᠳᠠᠩ ᠴᠤᠯᠭᠤᠢ᠂ ᠢᠵᠢ ᠪᠦᠷᠢᠳᠦᠭᠦᠯᠬᠦ᠌ ᠲᠥᠬᠦᠭᠡᠷᠦᠮᠵᠢ ᠳᠥᠭᠦᠮ ᠪᠠᠢᠵᠤ᠂ ᠴᠠᠬᠢᠯᠭᠠᠨ ᠱᠤᠭᠤᠮ ᠳ᠋ᠤ ᠠᠮᠠᠷᠬᠠᠨ ᠭᠡᠮ ᠰᠠᠭᠠᠳ ᠭᠠᠷᠴᠤ᠌᠂ ᠴᠠᠬᠢᠯᠭᠠᠨ ᠲᠤᠤᠷ ᠤ᠋ᠨ ᠴᠠᠬᠢᠯᠭᠠᠨ ᠬᠦᠴᠦᠳᠡᠯ᠂ ᠴᠠᠬᠢᠯᠭᠠᠨ ᠬᠠᠨᠭᠭᠠᠬᠤ ᠳᠠᠪᠲᠡᠮᠵᠢ ᠳᠠᠬᠢᠨ ᠳᠠᠪᠲᠠᠨ ᠬᠡᠯᠪᠡᠯᠵᠡᠯᠲᠡ ᠡᠭᠦᠰᠴᠦ᠂ ᠦᠷᠭᠦᠯᠵᠢ ᠴᠠᠬᠢᠯᠭᠠᠨ ᠵᠣᠭᠰᠤᠬᠤ ᠪᠠᠶ᠋ᠢᠳᠠᠯ ᠭᠠᠷᠳᠠᠭ᠃ ᠳᠤᠭᠳᠠᠮᠠᠯ ᠳᠠᠪᠳᠠᠮᠵᠢᠳᠦ ᠴᠠᠬᠢᠯᠭᠠᠨ ᠲᠤᠤᠷ ᠪᠠᠢᠭᠤᠯᠬᠤ ᠵᠢᠴᠢ ᠴᠢᠳᠠᠮᠵᠢᠳᠦ ᠪᠠᠢᠳᠠᠯ ᠳ᠋ᠡᠬᠢ ᠴᠠᠬᠢᠯᠭᠠᠨ ᠳᠠᠮᠵᠢᠭᠤᠯᠭ᠎ᠠ ᠶ᠋ᠢ ᠡᠵᠡᠮᠰᠢᠬᠦ ᠮᠡᠷᠭᠡᠵᠢᠯ ᠨᠢ ᠴᠣ ᠰᠢᠨ᠎ᠡ ᠣᠶᠤᠨᠴᠢ ᠪᠤᠳᠤᠬᠤ ᠠᠷᠭ᠎ᠠ ᠪᠡᠷ ᠳᠠᠮᠵᠢᠭᠤᠯᠤᠨ᠂ ᠡᠨᠧᠷᠭᠢ ᠬᠠᠳᠠᠭᠠᠯᠠᠬᠤ ᠲᠥᠬᠦᠭᠡᠷᠦᠮᠵᠢ ᠵᠢ ᠴᠠᠬᠢᠯᠭᠠᠨ ᠲᠣᠤᠷ ᠤ᠋ᠨ 《ᠲᠣᠭᠲᠠᠪᠤᠷᠢᠵᠢᠭᠤᠯᠤᠭᠴᠢ》 ᠪᠣᠯᠭᠠᠨ ᠬᠤᠪᠢᠷᠠᠭᠤᠯᠵᠤ᠂ ᠴᠠᠬᠢᠯᠭᠠᠨ ᠲᠣᠤᠷ ᠤ᠋ᠨ ᠰᠠᠵᠢᠯᠠᠬᠤ᠂ ᠳᠠᠪᠲᠠᠮᠵᠢ ᠨᠢ ᠲᠣᠭᠲᠠᠭᠤᠨ ᠪᠤᠰᠤ ᠭᠤᠤᠯᠯᠠᠬᠤ ᠠᠰᠠᠭᠤᠳᠠᠯ ᠢ᠋ ᠦᠨᠳᠦᠰᠦᠨ ᠡᠴᠡ ᠨᠢ ᠰᠢᠢᠳᠪᠦᠷᠢᠯᠡᠵᠦ᠍᠂ ᠰᠠᠯᠬᠢᠨ ᠬᠦᠴᠦᠨ ᠤ᠋ ᠴᠠᠬᠢᠯᠭᠠᠨ ᠭᠡᠷᠡᠯ ᠴᠡᠨᠡᠭ ᠤ᠋ᠨ ᠴᠠᠬᠢᠯᠭᠠᠨ ᠢ᠋ ᠮᠠᠯᠵᠢᠬᠤ ᠣᠷᠤᠨ ᠤ᠋ ᠵᠢᠵᠢᠭ ᠴᠠᠬᠢᠯᠭᠠᠨ ᠲᠣᠤᠷ ᠲᠦ᠍ ᠲᠣᠭᠲᠠᠭᠤᠨ᠂ ᠠᠮᠤᠷ ᠲᠦᠪᠰᠢᠨ ᠢ᠋ᠶ᠋ᠡᠷ ᠵᠠᠯᠭᠠᠨ ᠣᠷᠤᠭᠤᠯᠬᠤ ᠪᠣᠯᠭᠠᠪᠠ ᠃
ᠣᠳᠤᠬᠠᠨ ᠳ᠋ᠤ᠂ ᠬᠠᠷᠠᠭᠠᠨᠲᠤ ᠭᠠᠴᠠᠭᠠᠨ ᠤ᠋ ᠬᠢᠯᠢ ᠬᠢᠵᠠᠭᠠᠷ ᠤ᠋ᠨ ᠮᠠᠯᠵᠢᠬᠤ ᠣᠷᠤᠨ ᠤ᠋ 122 ᠡᠷᠦᠬᠡ ᠨᠢᠭᠡᠨᠲᠡ ᠲᠣᠭᠲᠠᠭᠤᠨ ᠪᠥᠭᠡᠳ ᠨᠠᠶ᠋ᠢᠳᠠᠪᠤᠷᠢᠲᠠᠢ ᠴᠡᠪᠡᠷ ᠴᠠᠬᠢᠯᠭᠠᠨ ᠬᠦᠴᠦᠨ ᠢ᠋ ᠬᠡᠷᠡᠭᠯᠡᠵᠦ᠍ ᠪᠠᠶ᠋ᠢᠨ᠎ᠠ᠃ ᠲᠤᠰ ᠮᠡᠷᠭᠡᠵᠢᠯ ᠨᠢ ᠪᠤᠶ᠋ᠢᠳᠠ ᠪᠥᠭᠯᠡᠭᠦᠦ ᠭᠠᠵᠠᠷ ᠣᠷᠤᠨ ᠳ᠋ᠤ ᠴᠠᠬᠢᠯᠭᠠᠨ ᠬᠠᠩᠭᠠᠬᠤ ᠳᠤᠲᠠᠭᠤᠳᠠᠯ ᠢ᠋ ᠨᠥᠬᠦᠪᠦᠷᠢᠯᠡᠭᠰᠡᠨ ᠢ᠋ᠶ᠋ᠡᠷ ᠪᠠᠷᠠᠬᠤᠦᠭᠡᠢ᠂ ᠪᠠᠰᠠ ᠴᠡᠪᠡᠷ ᠡᠨᠧᠷᠭᠢ ᠶ᠋ᠢ ᠶᠡᠬᠡ ᠬᠡᠮᠵᠢᠶ᠎ᠡ ᠪᠡᠷ ᠰᠢᠩᠭᠡᠭᠡᠨ ᠠᠰᠢᠬᠯᠠᠬᠤ ᠪᠠ ᠥᠨᠳᠦᠷ ᠪᠦᠲᠦᠮᠵᠢᠲᠡᠢ ᠪᠡᠷ ᠳᠠᠮᠵᠢᠭᠤᠯᠬᠤ ᠳ᠋ᠤ ᠬᠦᠴᠦᠨ ᠨᠡᠮᠡᠷᠢᠯᠡᠬᠦ᠌ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃