ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-10-10 10:35:26

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

ᠣᠷᠤᠨ ᠰᠠᠭᠤᠴᠠ ᠶ᠋ᠢᠨ ᠠᠰᠠᠭᠤᠳᠠᠯ ᠪᠣᠯ ᠠᠷᠠᠳ ᠤ᠋ᠨ ᠠᠮᠢᠳᠤᠷᠠᠯ ᠤ᠋ᠨ ᠠᠰᠠᠭᠤᠳᠠᠯ ᠮᠥᠨ ᠪᠥᠭᠡᠳ ᠪᠠᠰᠠ ᠴᠦ᠍ ᠬᠥᠭᠵᠢᠯᠲᠡ ᠶ᠋ᠢᠨ ᠠᠰᠠᠭᠤᠳᠠᠯ ᠮᠥᠨ᠃ ᠥᠪᠡᠷᠲᠡᠭᠡᠨ ᠵᠠᠰᠠᠬᠤ ᠣᠷᠤᠨ ᠤ᠋ ᠣᠷᠤᠨ ᠰᠠᠭᠤᠴᠠ ᠪᠠ ᠬᠤᠲᠠ ᠬᠥᠳᠡᠭᠡ ᠶ᠋ᠢᠨ ᠪᠥᠲᠦᠭᠡᠨ ᠪᠠᠶ᠋ᠢᠭᠤᠯᠤᠯᠲᠠ ᠶ᠋ᠢᠨ ᠲᠢᠩᠬᠢᠮ᠎ᠤᠨ ᠬᠢᠨ ᠤᠯᠤᠰ ᠤ᠋ᠨ ᠠᠮᠤᠷ ᠲᠦᠪᠰᠢᠨ ᠲᠠᠭᠠᠯᠠᠮᠵᠢᠲᠠᠢ ᠪᠣᠬᠢᠷᠲᠤᠯ ᠥᠬᠡᠢ ᠣᠶᠤᠨᠴᠢ 《 ᠲᠤᠬᠢᠯᠢᠭ ᠤᠷᠤᠨ ᠰᠠᠭᠤᠴᠠ 》 ᠵᠢ ᠪᠥᠲᠦᠭᠡᠨ ᠪᠠᠶ᠋ᠢᠭᠤᠯᠬᠤ ᠰᠢᠢᠳᠪᠦᠷᠢᠳᠦ ᠪᠣᠳᠤᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠴᠢᠨᠠᠷᠯᠢᠭ ᠣᠷᠤᠨ ᠰᠠᠭᠤᠴᠠ ᠶ᠋ᠢᠨ ᠪᠥᠲᠦᠭᠡᠨ ᠪᠠᠶ᠋ᠢᠭᠤᠯᠤᠯᠲᠠ ᠶ᠋ᠢᠨ ᠡᠯ᠎ᠡ ᠵᠦᠢᠯ ᠤ᠋ᠨ ᠠᠵᠢᠯ ᠢ᠋ ᠰᠢᠰᠲᠧᠮ ᠲᠠᠢ ᠪᠡᠷ ᠠᠬᠢᠭᠤᠯᠵᠤ᠂ ᠣᠯᠠᠨ ᠲᠦᠮᠡᠨ ᠤ᠋ ᠣᠷᠤᠨ ᠰᠠᠭᠤᠴᠠ ᠶ᠋ᠢᠨ ᠲᠠᠭᠠᠯᠠᠮᠵᠢᠲᠤ ᠲᠦᠷᠦᠭᠳᠡᠯ᠂ ᠠᠮᠤᠷ ᠲᠦᠪᠰᠢᠨ ᠤ᠋ ᠲᠥᠷᠦᠭᠳᠡᠯ ᠪᠠ ᠬᠦᠷᠲᠡᠮᠵᠢ ᠶ᠋ᠢᠨ ᠲᠥᠷᠦᠭᠳᠡᠯ ᠢ᠋ ᠪᠥᠬᠦ᠌ ᠲᠠᠯ᠎ᠠ ᠪᠡᠷ ᠳᠡᠭᠡᠭᠰᠢᠯᠡᠭᠦᠯᠪᠡ ᠃

《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ 〈ᠲᠤᠬᠢᠯᠢᠭ ᠤᠷᠤᠨ ᠰᠠᠭᠤᠴᠠ〉 ᠶ᠋ᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠠᠵᠢᠯᠯᠠᠭᠠᠨ ᠤ᠋ ᠲᠥᠰᠦᠯ》 ᠵᠡᠷᠭᠡ ᠪᠢᠴᠢᠭ ᠮᠠᠲᠧᠷᠢᠶᠠᠯ ᠢ᠋ ᠳᠠᠷᠤᠮᠠᠯᠯᠠᠨ ᠲᠠᠷᠬᠠᠭᠠᠵᠤ᠂ ᠨᠢᠭᠡᠳᠦᠯᠲᠡᠢ ᠲᠥᠯᠦᠪᠵᠢᠭᠦᠯᠬᠦ᠂ ᠵᠢᠷᠤᠵᠤ ᠲᠥᠯᠦᠪᠯᠡᠬᠦ᠂ ᠪᠦᠲᠦᠭᠡᠨ ᠪᠠᠶ᠋ᠢᠭᠤᠯᠬᠤ᠂ ᠡᠵᠡᠨᠭᠨᠡᠵᠦ ᠬᠠᠮᠠᠭᠠᠯᠠᠬᠤ ᠬᠢᠭᠡᠳ ᠦᠢᠯᠡᠴᠢᠯᠡᠬᠦ ᠡᠯ᠎ᠡ ᠭᠤᠭᠴᠤᠭ᠎ᠠ ᠵᠢ ᠬᠠᠮᠲᠤ ᠳ᠋ᠤ ᠨᠢ ᠬᠠᠷᠠᠭᠠᠯᠵᠠᠵᠤ᠂ 《ᠰᠢᠨᠵᠢᠯᠡᠬᠦ᠌ ᠤᠬᠠᠭᠠᠨᠴᠢ ᠪᠡᠷ ᠲᠥᠯᠦᠪᠵᠢᠭᠦᠯᠦᠨ ᠪᠠᠶ᠋ᠢᠷᠢᠰᠢᠭᠤᠯᠬᠤ᠂ ᠴᠢᠨᠠᠷ ᠰᠠᠶ᠋ᠢᠲᠠᠢ ᠪᠠᠷᠢᠯᠭ᠎ᠠ ᠶ᠋ᠢᠨ ᠮᠠᠲᠧᠷᠢᠶᠠᠯ ᠢ᠋ ᠳᠡᠯᠭᠡᠷᠡᠭᠦᠯᠬᠦ᠌ 》 ᠵᠢ ᠪᠠᠭᠲᠠᠭᠠᠭᠰᠠᠨ 7 ᠲᠠᠯ᠎ᠠ ᠶ᠋ᠢᠨ 19 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠳᠤᠷᠠᠳᠤᠨ ᠭᠠᠷᠭᠠᠵᠤ᠂ 《ᠲᠤᠬᠢᠯᠢᠭ ᠤᠷᠤᠨ ᠰᠠᠭᠤᠴᠠ 》 ᠶ᠋ᠢᠨ ᠪᠥᠲᠦᠭᠡᠨ ᠪᠠᠶ᠋ᠢᠭᠤᠯᠤᠯᠲᠠ ᠵᠢ ᠪᠣᠳᠠᠲᠠᠶ᠋ᠢᠵᠢᠭᠤᠯᠤᠨ ᠦᠷ᠎ᠡ ᠪᠦᠲᠦᠮᠵᠢ ᠤᠯᠬᠤ ᠵᠢ ᠪᠥᠬᠦ᠌ ᠬᠡᠯᠬᠢᠶ᠎ᠡ ᠪᠡᠷ ᠠᠬᠢᠭᠤᠯᠪᠠ᠃

《ᠲᠤᠬᠢᠯᠢᠭ ᠤᠷᠤᠨ ᠰᠠᠭᠤᠴᠠ》 ᠶ᠋ᠢᠨ ᠪᠠᠷᠢᠮᠵᠢᠶ᠎ᠠ ᠶ᠋ᠢᠨ ᠰᠢᠰᠲᠧᠮ ᠢ᠋ ᠲᠡᠭᠦᠯᠳᠡᠷᠵᠢᠭᠦᠯᠵᠦ᠍᠂ ᠠᠮᠤᠷ ᠲᠦᠪᠰᠢᠨ᠂ ᠲᠠᠭᠠᠯᠠᠮᠵᠢᠲᠠᠢ᠂ ᠪᠣᠬᠢᠷᠲᠤᠯ᠎ᠦᠭᠡᠢ᠂ ᠣᠶᠤᠨᠴᠢ ᠵᠡᠷᠭᠡ ᠪᠦᠲᠦᠭᠡᠨ ᠪᠠᠶ᠋ᠢᠭᠤᠯᠤᠯᠲᠠ ᠶ᠋ᠢᠨ ᠬᠠᠷᠠᠯᠲᠠ ᠶ᠋ᠢᠨ ᠲᠣᠭᠤᠷᠢᠨ ᠳ᠋ᠤ ᠲᠥᠷᠦᠯ ᠬᠤᠪᠢᠶᠠᠵᠦ᠍᠂ 《ᠣᠷᠤᠨ ᠰᠠᠭᠤᠴᠠ ᠶ᠋ᠢᠨ ᠢᠨᠵᠧᠨᠧᠷᠢᠩ ᠳ᠋ᠤ ᠦᠷᠭᠦᠯᠵᠢ ᠲᠣᠬᠢᠶᠠᠯᠳᠤᠬᠤ ᠶᠠᠰᠤ ᠴᠢᠨᠠᠷ ᠤ᠋ᠨ ᠠᠰᠠᠭᠤᠳᠠᠯ ᠢ᠋ ᠰᠡᠷᠭᠡᠶ᠋ᠢᠯᠡᠨ ᠵᠠᠰᠠᠬᠤ ᠮᠡᠷᠭᠡᠵᠢᠯ ᠤ᠋ᠨ ᠳᠦᠷᠢᠮ》 ᠵᠡᠷᠭᠡ ᠬᠠᠮᠢᠶ᠎ᠠ ᠪᠦᠬᠦᠢ ᠢᠨᠵᠧᠨᠧᠷᠢᠩ ᠤ᠋ᠨ ᠪᠦᠲᠦᠭᠡᠨ ᠪᠠᠶ᠋ᠢᠭᠤᠯᠤᠯᠲᠠ ᠶ᠋ᠢᠨ ᠣᠷᠤᠨ ᠨᠤᠲᠤᠭ ᠤ᠋ᠨ ᠪᠠᠷᠢᠮᠵᠢᠶ᠎ᠠ ᠵᠢ 12 ᠵᠦᠢᠯ ᠨᠠᠶ᠋ᠢᠷᠠᠭᠤᠯᠤᠨ ᠵᠣᠬᠢᠶᠠᠪᠠ᠃《ᠣᠷᠤᠨ ᠰᠠᠭᠤᠴᠠ ᠶ᠋ᠢᠨ ᠲᠥᠷᠦᠯ ᠵᠦᠢᠯ ᠤ᠋ᠨ ᠵᠢᠷᠤᠮᠵᠢᠯ》 ᠤ᠋ᠨ ᠠᠯᠪᠠᠳᠠᠯᠭ᠎ᠠ ᠶ᠋ᠢᠨ ᠴᠢᠨᠠᠷᠲᠠᠢ ᠲᠣᠭᠲᠠᠭᠠᠯ ᠢ᠋ ᠴᠢᠩᠭ᠎ᠠ ᠬᠡᠷᠡᠭᠵᠢᠭᠦᠯᠵᠦ᠍᠂ 《ᠰᠢᠨ᠎ᠡ ᠪᠡᠷ ᠪᠠᠶ᠋ᠢᠭᠤᠯᠤᠭᠰᠠᠨ ᠣᠷᠤᠨ ᠰᠠᠭᠤᠴᠠ ᠶ᠋ᠢᠨ ᠳᠠᠪᠬᠤᠷᠭ᠎ᠠ ᠶ᠋ᠢᠨ ᠦᠨᠳᠦᠷ 3 ᠮᠧᠲᠷ ᠡᠴᠡ ᠳᠣᠣᠷ᠎ᠠ ᠪᠠᠶ᠋ᠢᠵᠤ ᠪᠣᠯᠬᠤ ᠥᠬᠡᠢ᠂ ᠳᠥᠷᠪᠡᠨ ᠳᠠᠪᠬᠤᠷᠭ᠎ᠠ ᠵᠢᠴᠢ ᠲᠡᠭᠦᠨ ᠡᠴᠡ ᠳᠡᠭᠡᠭᠰᠢ ᠤᠷᠤᠨ ᠰᠠᠭᠤᠴᠠ ᠳ᠋ᠤ ᠴᠠᠬᠢᠯᠭᠠᠨ ᠱᠠᠲᠤ᠌ ᠲᠣᠬᠢᠷᠠᠭᠤᠯᠬᠤ 》 ᠵᠡᠷᠭᠡ ᠵᠠᠩᠭᠢᠯᠠᠭ᠎ᠠ ᠶ᠋ᠢᠨ ᠭᠦᠢᠴᠡᠳᠬᠡᠯ ᠲᠤᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠶᠠᠰᠤ ᠴᠢᠨᠠᠷ ᠤ᠋ᠨ ᠭᠡᠮ ᠰᠤᠭᠤᠭ ᠢ᠋ ᠡᠬᠢ ᠡᠭᠦᠰᠦᠯ ᠡᠴᠡ ᠨᠢ ᠰᠡᠷᠭᠡᠶ᠋ᠢᠯᠡᠵᠦ ᠪᠠᠢᠨ᠎ᠠ ᠃

ᠬᠤᠲᠠ ᠪᠠᠯᠭᠠᠰᠤᠨ ᠤ᠋ ᠣᠷᠤᠨ ᠰᠠᠭᠤᠴᠠ ᠶ᠋ᠢᠨ ᠪᠠᠷᠢᠯᠭ᠎ᠠ ᠶ᠋ᠢᠨ ᠶᠠᠰᠤ ᠴᠢᠨᠠᠷ ᠤ᠋ᠨ ᠠᠰᠠᠭᠤᠳᠠᠯ ᠢ᠋ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠢ᠋ ᠦᠷᠭᠦᠯᠵᠢᠯᠡᠨ ᠥᠷᠨᠢᠭᠦᠯᠵᠦ᠍᠂ ᠨᠡᠪᠴᠢᠵᠦ᠍ ᠭᠤᠭᠤᠵᠢᠬᠤ᠂ ᠬᠠᠭᠠᠷᠠᠬᠤ᠂ ᠮᠠᠭᠤᠬᠠᠢ ᠦᠨᠦᠷ ᠭᠠᠷᠬᠤ ᠵᠡᠷᠭᠡ ᠲᠣᠪᠤᠶ᠋ᠢᠮ᠎ᠠ ᠠᠰᠠᠭᠤᠳᠠᠯ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠵᠢᠷᠤᠵᠤ ᠲᠥᠯᠦᠪᠯᠡᠬᠦ᠂ ᠮᠠᠲᠧᠷᠢᠶᠠᠯ ᠰᠣᠩᠭᠤᠬᠤ᠂ ᠪᠠᠷᠢᠯᠭ᠎ᠠ ᠪᠠᠷᠢᠬᠤ᠂ ᠰᠢᠯᠭᠠᠨ ᠠᠪᠬᠤ ᠵᠡᠷᠭᠡ 20 ᠵᠠᠩᠭᠢᠯᠠᠭ᠎ᠠ ᠶ᠋ᠢᠨ ᠭᠤᠭᠴᠤᠭ᠎ᠠ ᠵᠢ ᠴᠢᠩᠭ᠎ᠠ ᠠᠳᠬᠤᠪᠠ᠃ ᠬᠤᠶᠠᠷ ᠵᠢᠯ ᠳᠠᠷᠠᠭᠠᠯᠠᠨ ᠬᠢᠨᠠᠨ ᠬᠡᠮᠵᠢᠬᠦ ᠪᠠᠶ᠋ᠢᠭᠤᠯᠤᠮᠵᠢ ᠶ᠋ᠢᠨ ᠴᠢᠳᠠᠪᠤᠷᠢ ᠵᠢ ᠰᠢᠯᠭᠠᠨ ᠪᠠᠲᠤᠯᠠᠬᠤ ᠠᠵᠢᠯ ᠢ᠋ ᠥᠷᠨᠢᠭᠦᠯᠵᠦ᠍᠂ ᠪᠦᠬᠦ᠌ ᠣᠷᠤᠨ ᠤ᠋ 227 ᠬᠢᠨᠠᠨ ᠬᠡᠮᠵᠢᠬᠦ ᠪᠠᠶ᠋ᠢᠭᠤᠯᠤᠮᠵᠢ ᠳ᠋ᠤ ᠱᠦᠢᠨᠢ᠂ ᠪᠣᠯᠤᠳ ᠰᠢᠷᠪᠦᠰᠦ᠂ ᠳᠤᠯᠠᠭᠠᠨ ᠢ᠋ ᠬᠠᠳᠠᠭᠠᠯᠠᠬᠤ ᠮᠠᠲᠧᠷᠢᠶᠠᠯ ᠵᠡᠷᠭᠡ ᠶ᠋ᠢᠨ ᠪᠤᠯᠤᠮᠵᠢᠲᠤ ᠲᠤᠭ᠎ᠠ ᠳ᠋ᠤ ᠬᠢᠨᠠᠨ ᠰᠢᠯᠭᠠᠯᠲᠠ ᠵᠢ ᠥᠷᠨᠢᠭᠦᠯᠪᠡ᠃ ᠤᠷᠢᠳᠴᠢᠯᠠᠨ ᠵᠢᠭᠤᠷᠠᠬᠰᠠᠨ ᠪᠧᠲ᠋ᠤᠨ ᠤ᠋ ᠶᠠᠰᠤ ᠴᠢᠨᠠᠷ ᠢ᠋ ᠬᠡᠮᠵᠢᠬᠦ᠌ ᠠᠵᠢᠯ ᠢ᠋ ᠥᠷᠨᠢᠭᠦᠯᠵᠦ᠍᠂ 12 ᠠᠶ᠋ᠢᠮᠠᠭ ᠬᠤᠲᠠ ᠶ᠋ᠢᠨ 72 ᠠᠵᠤ ᠠᠬᠤᠶ᠋ᠢᠯᠠᠯ ᠢ᠋ ᠬᠠᠮᠤᠷᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面