ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-10-08 10:04:08

ᠵᠣᠬᠢᠶᠠᠭ᠍ᠴᠢ᠄ ᠰᠦᠨ ᠯᠢ ᠶᠢᠡᠭ ᠣᠩᠱᠢᠭ᠍ᠰᠠᠨ ᠣᠳᠠᠭ᠎ᠠ᠄ 3

2026 ᠣᠨ᠎ᠤ ᠨᠠᠮᠤᠷ᠎ᠤᠨ ᠤᠯᠠᠷᠢᠯ᠎ᠤᠨ ᠴᠡᠷᠢᠭ ᠲᠸ᠋ ᠤᠷᠤᠬᠤ ᠰᠢᠨ᠎ᠡ ᠴᠡᠷᠢᠭ ᠬᠥᠬᠡᠬᠣᠲᠠ ᠡᠴᠨ ᠡᠯ᠎ᠠ ᠭᠠᠵᠠᠷ ᠲᠸ᠋ ᠮᠤᠷᠳᠠᠵᠤ᠂ ᠤᠯᠤᠰ᠎ᠲᠠᠭᠠᠨ ᠵᠢᠳᠬᠦᠬᠦ ᠤᠭ ᠰᠠᠨᠠᠭ᠎ᠠ᠎ᠵᠢ ᠡᠪᠦᠷᠯᠡᠨ ᠴᠡᠷᠢᠭ᠎ᠦᠨ ᠬᠤᠸᠠᠷᠠᠨ ᠢ᠋ ᠴᠢᠭᠯᠡᠯ᠎ᠠ᠃ ᠰᠢᠨ᠎ᠡ ᠴᠡᠷᠢᠭ ᠎ᠢ ᠠᠮᠤᠷ ᠲᠦᠪᠰᠢᠨ ᠤᠷᠤᠭᠰᠢᠲᠠᠢ᠎ᠪᠠᠷ ᠴᠡᠷᠢᠭ ᠤ᠋ᠨ ᠬᠤᠸᠠᠷᠠᠨ ᠳ᠋ᠤ ᠬᠦᠷᠭᠡᠭᠦ ᠵᠢ ᠪᠠᠲᠤᠯᠠᠬᠤ᠎ᠶᠢᠨ ᠲᠥᠯᠥᠭᠡ᠂ ᠬᠥᠬᠡᠬᠣᠲᠠ᠎ᠶᠢᠨ ᠰᠡᠷᠭᠡᠢᠯᠡᠯᠲᠡ᠎ᠶᠢᠨ ᠲᠣᠭᠣᠷᠢᠭ᠋᠂ ᠬᠦᠬᠡᠬᠣᠲᠠ᠎ᠶᠢᠨ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ ᠎ᠤᠨ ᠲᠣᠪᠴᠢᠶ᠎ᠠ ᠤᠷᠢᠳᠴᠢᠯᠠᠨ ᠪᠠᠢᠷᠢᠯᠠᠭᠤᠯᠵᠤ᠂ ᠨᠠᠷᠢᠨ ᠨᠢᠮᠪᠠᠢ᠂ ᠲᠤᠳᠤᠨᠤ ᠦᠢᠯᠡᠴᠢᠯᠡᠭᠡ᠎ᠪᠡᠷ ᠰᠢᠨ᠎ᠡ ᠴᠡᠷᠢᠭ ᠢ᠋ ᠬᠦᠷᠭᠡᠬᠦ ᠠᠵᠢᠯ ᠢ᠋ ᠰᠠᠢᠲᠤᠷ ᠬᠢᠵᠦ᠂ ᠣᠷᠣᠨ᠎ᠤ ᠲᠥᠪ᠎ᠦᠨ ᠬᠣᠶᠠᠷ᠎ᠢ ᠬᠦᠷᠢᠶᠡᠯᠡᠬᠦ ᠬᠠᠢᠷ᠎ᠠ ᠬᠠᠯᠠᠮᠵᠢ᠎ᠪᠠᠷ ᠵᠠᠯᠠᠭᠤᠴᠤᠳ᠎ᠤᠨ ᠴᠡᠷᠢᠭ᠎ᠢᠶᠡᠨ ᠬᠦᠴᠦᠷᠬᠡᠭᠵᠢᠭᠦᠯᠬᠦ ᠰᠢᠨ᠎ᠡ ᠠᠶᠠᠨ᠎ᠢ ᠬᠠᠮᠠᠭᠠᠯᠠᠪᠠ᠃

ᠬᠥᠬᠡᠬᠣᠲᠠ᠎ᠶᠢᠨ ᠴᠡᠷᠢᠭ᠎ᠦᠨ ᠬᠠᠩᠭᠠᠯᠭ᠎ᠠ᠎ᠶᠢᠨ ᠥᠷᠲᠡᠭᠡ᠎ᠰᠢᠯᠵᠢᠭᠦᠯᠦᠨ ᠵᠦᠭᠡᠭᠡᠪᠤᠷᠢᠯᠡᠬᠦ ᠲᠥᠯᠥᠪᠯᠡᠭᠡ ᠵᠢ ᠤᠷᠢᠳᠴᠢᠯᠠᠨ ᠵᠣᠯᠭᠠᠭᠤᠯᠵᠤ᠂ ᠪᠠᠲᠤᠯᠠᠭ᠎ᠠ᠎ᠶᠢᠨ ᠲᠥᠰᠥᠯ᠎ᠢ ᠨᠠᠷᠢᠯᠢᠭ᠍ᠵᠢᠭᠤᠯᠤᠨ ᠲᠡᠭᠦᠯᠳᠡᠷᠵᠢᠭᠦᠯᠵᠦ᠂ ᠶᠠᠪᠤᠵᠦ ᠰᠠᠭᠤᠬᠤ᠂ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ᠂ ᠦᠵᠡᠯ ᠰᠠᠨᠠᠭᠠᠨ ᠎ᠤ ᠬᠥᠮᠦᠵᠢᠯ ᠵᠡᠷᠭᠡ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠪᠡ᠃ ᠪᠠᠳᠤᠯᠠᠭ᠎ᠠ ᠵᠢᠨ ᠬᠤᠭᠤᠴᠠᠭᠠᠨ ᠳ᠋ᠤ᠂ ᠲᠤᠰ ᠦᠷᠳᠡᠭᠡ ᠨᠢ ᠢᠳᠡᠭᠡᠨ ᠤ᠋ ᠠᠮᠤᠷ ᠲᠦᠪᠰᠢᠨ ᠤ᠋ ᠬᠠᠮᠢᠶᠠᠷᠤᠯᠳᠠ ᠵᠢᠨ ᠲᠦᠷᠢᠮ ᠢ᠋ ᠴᠢᠡᠭᠭ᠎ᠠ ᠨᠠᠢᠳᠠᠪᠤᠷᠢᠵᠢᠭᠤᠯᠵᠤ᠂ ᠬᠤᠨᠤᠵᠤ ᠬᠡᠪᠳᠡᠬᠦ ᠵᠤᠢᠯᠡᠰ ᠢ᠋ ᠵᠢᠷᠤᠮᠵᠢᠭᠤᠯᠵᠤ᠂ ᠰᠢᠨ᠎ᠡ ᠴᠡᠷᠢᠭ᠎ᠲᠸ᠋ ᠪᠠᠰᠠ ᠰᠡᠳᠬᠢᠯ᠎ᠢ ᠳᠤᠯᠠᠭᠠᠴᠠᠭᠤᠯᠬᠤ ᠪᠡᠯᠡᠭ ᠪᠡᠯᠡᠳᠭᠡᠵᠦ᠂ ᠨᠠᠷᠢᠨ ᠨᠢᠮᠪᠠᠢ ᠬᠠᠯᠠᠮᠵᠢᠯᠠᠯ᠎ᠢ ᠰᠢᠨ᠎ᠡ ᠴᠡᠷᠢᠭ᠎ᠦᠨ ᠳᠡᠷᠭᠡᠳᠡ ᠬᠦᠷᠭᠡᠪᠡ᠃ ᠬᠥᠬᠡᠬᠣᠲᠠ᠎ᠶᠢᠨ ᠠᠬᠠᠮᠠᠳ ᠴᠡᠷᠢᠭ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠠᠬᠠᠮᠠᠳ ᠴᠡᠷᠢᠭ ᠥᠪᠡᠷ᠎ᠦᠨ ᠬᠢᠯᠢ ᠬᠢᠵᠠᠭᠠᠷ ᠎ᠢ ᠬᠠᠮᠠᠭᠠᠯᠠᠭᠰᠠᠨ ᠥᠩᠭᠡᠷᠡᠯᠲᠡ ᠪᠣᠯᠣᠨ ᠴᠡᠷᠢᠭ ᠠᠩᠭᠢ᠎ᠶᠢᠨ ᠣᠢᠯᠠᠭᠠᠯᠲᠠ᠎ᠲᠠᠢ᠎ᠪᠠᠨ ᠤᠶᠠᠯᠳᠤᠭᠤᠯᠵᠤ᠂ ᠡᠭᠡᠯ ᠪᠣᠷᠣᠭᠵᠢᠭᠤᠨ ᠦᠭᠡ ᠬᠡᠯᠡ᠎ᠪᠡᠷ ᠴᠡᠷᠢᠭ᠎ᠲᠦ ᠣᠷᠣᠭᠰᠠᠨ ᠦᠯᠢᠬᠡᠷ᠎ᠢᠶᠡᠨ ᠶᠠᠷᠢᠵᠤ᠂ ᠰᠢᠨ᠎ᠡ ᠴᠡᠷᠢᠭ᠎ᠦᠨ ᠭᠠᠪᠢᠶ᠎ᠠ ᠪᠠᠶ᠋ᠢᠭᠤᠯᠬᠤ᠂ ᠤᠯᠤᠰ ᠣᠷᠣᠨ᠎ᠢᠶᠠᠨ ᠬᠠᠮᠠᠭᠠᠯᠠᠬᠤ ᠬᠠᠯᠠᠭᠤᠨ ᠰᠡᠳᠬᠢᠯᠭᠡ᠎ᠶᠢ ᠨᠢ ᠬᠥᠭᠵᠢᠭᠡᠪᠡ᠃

ᠪᠥᠬᠥ ᠤᠯᠤᠰ ᠎ᠤᠨ ᠭᠣᠣᠯᠳᠠᠯᠭ᠎ᠠ᠎ᠲᠠᠢ ᠴᠡᠷᠢᠭ᠎ᠦᠨ ᠬᠠᠩᠭᠠᠯᠭ᠎ᠠ᠎ᠶᠢᠨ ᠥᠷᠲᠡᠭᠡ ᠪᠣᠯᠤᠭᠰᠠᠨ᠎ᠤ ᠬᠤᠪᠢ᠎ᠳᠤ᠂ ᠬᠥᠬᠡᠬᠣᠲᠠ᠎ᠶᠢᠨ ᠴᠡᠷᠢᠭ᠎ᠦᠨ ᠬᠠᠩᠭᠠᠯᠭ᠎ᠠ᠎ᠶᠢᠨ ᠥᠷᠲᠡᠭᠡ ᠨᠢ ᠤᠯᠤᠰ᠎ᠤᠨ ᠪᠠᠲᠤᠯᠠᠨ ᠬᠠᠮᠠᠭᠠᠯᠠᠯᠲᠠ᠎ᠳᠤ ᠦᠢᠯᠡᠴᠢᠯᠡᠬᠦ᠂ ᠴᠡᠷᠢᠭ ᠠᠩᠭᠢ᠎ᠳᠤ ᠦᠢᠯᠡᠴᠢᠯᠡᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠢᠮᠠᠭᠲᠠ ᠪᠠᠲᠤ ᠰᠠᠬᠢᠵᠤ᠂ 《ᠪᠣᠭᠣᠮᠲᠠ᠎ᠶᠢᠨ ᠭᠠᠳᠠᠨᠠᠬᠢ ᠴᠡᠷᠢᠭ᠎ᠦᠨ ᠭᠡᠷ》 ᠤ᠋ᠨ ᠬᠣᠶᠠᠷ᠎ᠢ ᠬᠦᠷᠢᠶᠡᠯᠡᠬᠦ ᠲᠦᠷᠦᠯ ᠲᠡᠮᠳᠡᠭ᠎ᠢ ᠱᠤᠭᠤᠵᠦ᠂ ᠣᠷᠣᠨ᠎ᠤ ᠲᠥᠪ᠎ᠦᠨ ᠴᠡᠷᠢᠭ᠎ᠢᠶᠡᠨ ᠬᠦᠷᠢᠶᠡᠯᠡᠨ ᠴᠡᠷᠢᠭ᠎ᠢᠶᠡᠨ ᠬᠠᠢᠷᠠᠯᠠᠬᠤ ᠭᠦᠨ ᠵᠤᠵᠠᠭᠠᠨ ᠬᠠᠢᠷ᠎ᠠ ᠰᠡᠳᠬᠢᠯᠭᠡ᠎ᠶᠢ ᠪᠥᠬᠥ ᠲᠠᠯ᠎ᠠ᠎ᠪᠠᠷ ᠢᠯᠡᠷᠡᠭᠦᠯᠪᠡ᠃ ᠬᠤᠢᠰᠢᠳᠠ᠂ ᠬᠥᠬᠡᠬᠣᠲᠠ᠎ᠶᠢᠨ ᠴᠡᠷᠢᠭ᠎ᠦᠨ ᠬᠠᠩᠭᠠᠯᠭ᠎ᠠ᠎ᠶᠢᠨ ᠦᠷᠳᠡᠭᠡ ᠵᠢᠨ ᠬᠢᠨ ᠪᠠᠲᠤᠯᠠᠭ᠎ᠠ᠎ᠶᠢᠨ ᠵᠠᠭᠪᠤᠷ᠎ᠢᠶᠠᠨ ᠲᠠᠰᠤᠷᠠᠯᠳᠡ ᠦᠭᠡᠢ ᠨᠠᠷᠢᠯᠢᠭ᠍ᠵᠢᠭᠤᠯᠤᠨ᠂ ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠶᠢᠨ ᠰᠢᠨ᠎ᠡ᠎ᠶᠢ ᠡᠭᠦᠳᠴᠦ᠂ ᠴᠡᠷᠢᠭ᠎ᠦᠨ ᠬᠠᠩᠭᠠᠯᠭ᠎ᠠ᠎ᠶᠢᠨ ᠪᠠᠲᠤᠯᠠᠭ᠎ᠠ᠎ᠶᠢᠨ ᠲᠤᠰᠬᠠᠢᠵᠢᠭ᠍ᠰᠠᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠪᠣᠳᠠᠲᠠᠢ ᠠᠵᠢᠯᠯᠠᠬᠤ ᠡᠭᠦᠷᠭᠡᠯᠡᠯ᠎ᠢᠶᠡᠷ ᠴᠡᠷᠢᠭ ᠠᠷᠠᠳ᠎ᠤᠨ ᠨᠥᠬᠥᠷᠯᠡᠯ᠎ᠢ ᠭᠦᠨᠵᠡᠭᠡᠢᠷᠡᠭᠦᠯᠵᠦ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶᠢᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠴᠡᠷᠢᠭ᠎ᠦᠨ ᠬᠠᠩᠭᠠᠯᠭ᠎ᠠ᠎ᠶᠢᠨ ᠬᠦᠴᠦᠨ ᠴᠢᠳᠠᠯ᠎ᠢᠶᠠᠨ ᠡᠷᠭᠦᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面