ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-10-04 12:23:30

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

《ᠡᠳᠦᠷ ᠤ᠋ᠨ ᠭᠤᠷᠪᠠᠨ ᠡᠷᠡᠨ ᠤ᠋ ᠬᠤᠭᠤᠯᠠ ᠵᠢ ᠰᠠᠬᠢᠨ ᠬᠠᠮᠠᠭᠠᠯᠠᠬᠤ 》 ᠢᠳᠡᠭᠡᠨ ᠤ᠋ ᠠᠮᠤᠷ ᠲᠦᠪᠰᠢᠨ ᠤ᠋ ᠭᠤᠷᠪᠠᠨ ᠵᠢᠯ ᠤ᠋ᠨ ᠲᠤᠰᠭᠠᠢ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠦᠭᠰᠡᠨ ᠡᠴᠡ ᠨᠠᠭᠠᠰᠢ᠂ ᠪᠦᠬᠦ ᠤᠷᠤᠨ ᠎ᠤ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠎ᠤᠨ ᠬᠢᠨ ᠦᠢᠯᠡᠳᠪᠦᠷᠢᠯᠡᠯ᠂ ᠭᠦᠢᠯᠭᠡᠭᠡᠨ ᠪᠤᠷᠤᠯᠠᠭᠤᠯᠭ᠎ᠠ᠂ ᠢᠳᠡᠭᠡᠨ ᠤᠮᠳᠠᠭᠠᠨ ᠤ᠋ ᠬᠡᠷᠡᠭᠯᠡᠭᠡᠨ ᠵᠡᠷᠭᠡ ᠭᠤᠷᠪᠠᠨ ᠶᠡᠭᠡ ᠵᠠᠩᠭᠢᠯᠠᠭ᠎ᠠ ᠶ᠋ᠢᠨ ᠭᠤᠭᠴᠤᠭ᠎ᠠ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠣᠯᠠᠨ ᠲᠦᠮᠡᠨ ᠤ᠋ ᠢᠳᠡᠭᠡᠨ ᠤ᠋ ᠠᠮᠤᠷ ᠲᠦᠪᠰᠢᠨ ᠢ᠋ ᠦᠨᠡᠨ ᠬᠦ᠌ ᠪᠠᠳᠤᠯᠠᠵᠤ ᠪᠠᠢᠨ᠎ᠠ ᠃

ᠦᠢᠯᠡᠳᠪᠦᠷᠢᠯᠡᠵᠦ᠍ ᠡᠳ᠋ᠰᠢᠭᠦᠯᠬᠦ᠌ ᠭᠤᠭᠴᠤᠭ᠎ᠠ ᠵᠢ ᠴᠢᠩᠭ᠎ᠠ ᠠᠩᠬᠠᠷᠴᠤ᠌᠂ ᠳᠦᠷᠪᠡᠨ ᠵᠦᠢᠯ ᠤ᠋ᠨ ᠢᠳᠡᠭᠡᠨ(ᠹᠸᠨᠲ᠋ᠢᠶᠤᠤᠷ᠂ ᠳ᠋ᠸᠤᠹᠦ᠋᠂ ᠮᠠᠨᠳᠡᠦ᠂ ᠪᠤᠷᠴᠠᠭ ᠤ᠋ᠨ ᠴᠢᠴᠢᠭᠡᠰᠦ) ᠢ᠋ ᠦᠢᠯᠡᠳᠪᠦᠷᠢᠯᠡᠵᠦ᠍ ᠡᠵᠡᠩᠨᠡᠬᠦ᠌ ᠶᠠᠪᠤᠴᠠ ᠳ᠋ᠤ ᠴᠠᠭᠠᠵᠠᠯᠠᠬᠤ ᠨᠡᠮᠡᠯᠲᠡ ᠡᠳ᠋ ᠵᠢᠴᠢ ᠬᠤᠤᠷᠲᠤ᠌ ᠪᠣᠳᠠᠰ ᠢ᠋ ᠬᠠᠤᠯᠢ ᠪᠤᠰᠤ ᠪᠡᠷ ᠨᠡᠮᠡᠬᠦ᠌ ᠵᠡᠷᠭᠡ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭᠴᠦ᠍᠂ ᠴᠢᠨᠠᠷ ᠮᠠᠭᠤ ᠬᠠᠭᠤᠴᠢᠨ ᠠᠮᠤ ᠪᠤᠳᠠᠭ᠎ᠠ ᠲᠤᠰᠤ ᠵᠢ ᠰᠢᠨ᠎ᠡ ᠠᠮᠤ ᠪᠤᠳᠠᠭ᠎ᠠ ᠲᠤᠰᠤ ᠪᠠᠷ ᠬᠠᠭᠤᠷᠮᠠᠬᠯᠠᠨ ᠪᠤᠷᠤᠯᠠᠭᠤᠯᠬᠤ᠂ ᠬᠢᠮᠳᠠ ᠮᠢᠬ᠎ᠠ ᠵᠢ ᠥᠨᠳᠦᠷ ᠦᠨᠡᠲᠦ ᠮᠢᠬ᠎ᠠ ᠪᠡᠷ ᠬᠤᠳᠠᠯᠳᠤᠬᠤ ᠵᠡᠷᠭᠡ ᠬᠠᠤᠯᠢ ᠲᠣᠭᠲᠠᠭᠠᠯ ᠡᠴᠡ ᠵᠥᠷᠢᠴᠡᠭᠰᠡᠨ ᠠᠵᠢᠯᠯᠠᠭ᠎ᠠ ᠵᠢ ᠴᠢᠩᠭ᠎ᠠ ᠪᠠᠶ᠋ᠢᠴᠠᠭᠠᠨ ᠰᠢᠢᠳᠪᠦᠷᠢᠯᠡᠵᠦ᠍᠂ ᠢᠳᠡᠭᠡᠨ ᠤ᠋ ᠦᠢᠯᠡᠳᠪᠦᠷᠢᠯᠡᠯ ᠤ᠋ᠨ ᠶᠠᠰᠤ ᠴᠢᠨᠠᠷ ᠤ᠋ᠨ ᠬᠤᠷᠢᠭ᠎ᠠ ᠱᠤᠭᠤᠮ ᠢ᠋ ᠪᠠᠲᠤ᠌ ᠰᠠᠬᠢᠵᠤ ᠪᠠᠢᠨ᠎ᠠ᠃

ᠭᠦᠢᠯᠭᠡᠭᠡᠨ ᠪᠣᠷᠤᠯᠠᠭᠤᠯᠭ᠎ᠠ ᠶ᠋ᠢᠨ ᠭᠤᠭᠴᠤᠭ᠎ᠠ ᠵᠢ ᠴᠢᠨᠭᠭ᠎ᠠ ᠠᠳᠭᠤᠵᠤ᠂ ᠵᠠᠬ᠎ᠠ ᠳᠡᠯᠭᠡᠭᠦᠷ ᠲᠦ᠍ ᠵᠥᠪᠰᠢᠶᠡᠷᠡᠨ ᠣᠷᠤᠭᠤᠯᠬᠤ ᠪᠣᠭᠤᠮᠲᠠ ᠵᠢ ᠪᠠᠲᠤ᠌ ᠴᠣᠭᠴᠠᠯᠠᠪᠠ᠃ ᠢᠳᠡᠭᠡᠨ ᠢ᠋ ᠵᠠᠬ᠎ᠠ ᠳᠡᠯᠭᠡᠭᠦᠷ ᠲᠦ᠍ ᠣᠷᠤᠭᠤᠯᠬᠤ ᠳ᠋ᠤ ᠪᠠᠶ᠋ᠢᠴᠠᠭᠠᠨ ᠰᠢᠯᠭᠠᠵᠤ ᠬᠠᠮᠢᠶᠠᠷᠤᠨ ᠡᠵᠡᠮᠳᠡᠬᠦ ᠪᠠᠨ ᠴᠢᠩᠭᠠᠳᠭᠠᠵᠤ᠂ 《 ᠵᠠᠬ᠎ᠠ ᠳᠡᠯᠭᠡᠭᠦᠷ ᠲᠦ᠍ ᠣᠷᠤᠭᠤᠯᠬᠤ ᠳ᠋ᠤ ᠬᠢᠨᠠᠨ ᠪᠠᠶ᠋ᠢᠴᠠᠭᠠᠬᠤ᠂ ᠡᠵᠡᠨᠭᠨᠡᠯᠲᠡ ᠶ᠋ᠢᠨ ᠭᠠᠵᠠᠷ ᠲᠦ᠍ ᠰᠤᠭᠤᠴᠢᠨ ᠪᠠᠶ᠋ᠢᠴᠠᠭᠠᠬᠤ᠂ ᠦᠨᠡᠮᠯᠡᠯ᠎ᠦᠭᠡᠢ ᠪᠤᠯ ᠵᠠᠬ᠎ᠠ ᠳᠡᠯᠭᠡᠭᠦᠷ ᠡᠴᠡ ᠭᠠᠷᠭᠠᠬᠤ᠂ ᠬᠠᠤᠯᠢ ᠡᠴᠡ ᠵᠥᠷᠢᠴᠡᠭᠰᠡᠨ ᠠᠵᠢᠯᠯᠠᠭ᠎ᠠ ᠵᠢ ᠴᠢᠩᠭ᠎ᠠ ᠰᠢᠢᠳᠪᠦᠷᠢᠯᠡᠬᠦ᠌ 》 ᠢᠳᠡᠭᠡᠨ ᠤ᠋ ᠬᠢᠨᠠᠯᠲᠠ ᠬᠠᠮᠢᠶᠠᠷᠤᠯᠲᠠ ᠶ᠋ᠢᠨ ᠲᠣᠭᠲᠠᠴᠠ ᠵᠢ ᠪᠦᠷᠢᠨᠰᠢᠬᠦᠯᠵᠦ᠂ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠵᠠᠬ᠎ᠠ ᠳᠡᠯᠭᠡᠭᠦᠷ ᠤ᠋ᠨ ᠡᠳᠦᠷ ᠪᠦᠷᠢ ᠲᠦᠷᠭᠡᠨ ᠪᠠᠶ᠋ᠢᠴᠠᠭᠠᠬᠤ᠂ ᠰᠤᠭᠤᠴᠢᠨ ᠪᠠᠶ᠋ᠢᠴᠠᠭᠠᠬᠤ ᠳᠦᠷᠢᠮ ᠢ᠋ ᠨᠠᠢᠳᠠᠪᠤᠷᠢᠵᠢᠭᠤᠯᠪᠠ᠃

ᠢᠳᠡᠭᠡᠨ ᠤᠮᠳᠠᠭᠠᠨ ᠤ᠋ ᠬᠡᠷᠡᠭᠯᠡᠭᠡᠨ ᠤ᠋ ᠭᠤᠭᠴᠤᠭ᠎ᠠ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠰᠤᠷᠭᠠᠭᠤᠯᠢ᠂ ᠬᠡᠤᠬᠡᠳ ᠤ᠋ᠨ ᠴᠡᠴᠡᠷᠯᠢᠭ᠂ ᠨᠠᠰᠤᠵᠢᠯ ᠤ᠋ᠨ ᠠᠰᠠᠷᠠᠮᠵᠢ ᠶ᠋ᠢᠨ ᠪᠠᠶ᠋ᠢᠭᠤᠯᠤᠮᠵᠢ ᠂ ᠪᠠᠷᠢᠯᠭ᠎ᠠ ᠶ᠋ᠢᠨ ᠭᠠᠵᠠᠷ ᠤ᠋ᠨ ᠬᠤᠭᠤᠯᠠᠨ ᠭᠡᠷ᠂ ᠬᠥᠳᠡᠭᠡ ᠲᠣᠰᠭᠤᠨ ᠤ᠋ ᠬᠠᠮᠲᠤ᠌ ᠶ᠋ᠢᠨ ᠬᠤᠭᠤᠯᠠ᠂ ᠰᠦᠯᠵᠢᠶᠡᠨ ᠤ᠋ ᠬᠠᠯᠠᠮᠰᠢᠯ ᠢᠳᠡᠭᠡᠨ ᠤᠮᠳᠠᠭᠠᠨ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ᠋ ᠴᠢᠩᠭ᠎ᠠ ᠠᠩᠬᠠᠷᠴᠤ᠌᠂ ᠴᠢᠨᠠᠷ ᠬᠤᠪᠢᠷᠠᠭᠰᠠᠨ᠂ ᠴᠢᠨᠠᠷ ᠮᠠᠭᠤ᠂ 《ᠦᠢᠯᠡᠳᠪᠦᠷᠢᠯᠡᠭᠰᠡᠨ ᠡᠳᠦᠷ ᠬᠤᠭᠤᠴᠠᠭ᠎ᠠ ᠦᠭᠡᠢ᠂ ᠶᠠᠰᠤ ᠴᠢᠨᠠᠷ ᠤ᠋ᠨ ᠬᠢᠷᠢ ᠲᠡᠨᠭᠴᠡᠭᠰᠡᠨ ᠦᠨᠡᠮᠯᠡᠯ ᠦᠭᠡᠢ᠂ ᠦᠢᠯᠡᠳᠪᠦᠷᠢᠯᠡᠭᠰᠡᠨ ᠦᠢᠯᠡᠳᠪᠦᠷᠢ ᠦᠭᠡᠢ》 ᠢᠳᠡᠭᠡᠨ ᠤ᠋ ᠮᠠᠲᠧᠷᠢᠶᠠᠯ ᠬᠡᠷᠡᠭᠯᠡᠬᠦ ᠬᠠᠤᠯᠢ ᠡᠴᠡ ᠵᠥᠷᠢᠴᠡᠭᠰᠡᠨ ᠠᠵᠢᠯᠯᠠᠭ᠎ᠠ ᠵᠢ ᠴᠢᠩᠭ᠎ᠠ ᠪᠠᠶ᠋ᠢᠴᠠᠭᠠᠨ ᠰᠢᠢᠳᠪᠦᠷᠢᠯᠡᠪᠡ᠃《ᠢᠨᠲᠧᠷ ᠰᠦᠯᠵᠢᠶ᠎ᠡ + AI ᠬᠢᠨᠠᠯᠲᠠ ᠬᠠᠮᠢᠶᠠᠷᠤᠯᠲᠠ 》 ᠵᠢ ᠬᠡᠷᠡᠭᠵᠢᠭᠦᠯᠵᠦ᠍᠂ ᠪᠥᠬᠦ ᠣᠷᠤᠨ ᠤ᠋ 563 ᠨᠠᠰᠤᠵᠢᠯ ᠤ᠋ᠨ ᠠᠰᠠᠷᠠᠮᠵᠢ ᠶ᠋ᠢᠨ ᠬᠤᠭᠤᠯᠠᠨ ᠬᠡᠷ᠂ ᠪᠦᠬᠦ ᠰᠤᠷᠭᠠᠭᠤᠯᠢ ᠶ᠋ᠢᠨ ᠬᠤᠭᠤᠯᠠᠨ ᠬᠡᠷ ᠲᠦ᠍ ᠦᠵᠡᠭᠳᠡᠮᠡᠯ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠪᠡ᠃

ᠴᠡᠭᠴᠡᠯᠡᠨ ᠵᠠᠰᠠᠬᠤ ᠶᠠᠪᠤᠴᠠ ᠳ᠋ᠤ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ᠎ᠤᠨ ᠬᠢᠨ ᠣᠯᠠᠨ ᠲᠦᠮᠡᠨ ᠤ᠋ ᠲᠤᠰᠭᠠᠯ ᠲᠥᠪᠯᠡᠷᠡᠭᠰᠡᠨ ᠮᠢᠬᠠᠨ ᠤ᠋ ᠪᠦᠲᠦᠭᠡᠭᠳᠡᠬᠦᠨ᠂ ᠠᠮᠤ ᠪᠤᠳᠠᠭ᠎ᠠ ᠭᠤᠯᠢᠷ ᠲᠣᠰᠤ᠂ ᠳᠦᠷᠪᠡᠨ ᠵᠦᠢᠯ ᠤ᠋ᠨ ᠢᠳᠡᠭᠡᠨ(ᠹᠸᠨᠲ᠋ᠢᠶᠤᠤᠷ᠂ ᠳ᠋ᠸᠤᠹᠦ᠋᠂ ᠮᠠᠨᠳᠡᠦ᠂ ᠪᠤᠷᠴᠠᠭ ᠤ᠋ᠨ ᠴᠢᠴᠢᠭᠡᠰᠦ) ᠤ᠋ ᠲᠣᠭᠤᠷᠢᠨ ᠳ᠋ᠤ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠥᠷᠨᠢᠭᠦᠯᠵᠦ᠍᠂ ᠨᠢᠭᠡ ᠪᠦᠯᠦᠭ ᠦᠨᠡᠮᠯᠡᠯ᠎ᠦᠭᠡᠢ ᠬᠠᠤᠯᠢ ᠪᠤᠰᠤ ᠦᠢᠯᠡᠳᠭᠡᠯ ᠤ᠋ᠨ ᠭᠠᠵᠠᠷ ᠢ᠋ ᠬᠠᠭᠠᠵᠤ᠂ ᠨᠡᠮᠡᠯᠲᠡ ᠡᠳ᠋ ᠢ᠋ ᠳᠤᠷ᠎ᠠ ᠪᠡᠷ ᠬᠡᠷᠡᠭᠯᠡᠬᠦ᠂ ᠬᠠᠭᠤᠷᠮᠠᠭ ᠮᠠᠭᠤ ᠢᠳᠡᠭᠡᠨ ᠦᠢᠯᠡᠳᠴᠦ᠍ ᠪᠣᠷᠤᠯᠠᠭᠤᠯᠤᠭᠰᠠᠨ ᠬᠡᠷᠡᠭ ᠢ᠋ ᠪᠠᠶ᠋ᠢᠴᠠᠭᠠᠨ ᠰᠢᠢᠳᠪᠦᠷᠢᠯᠡᠵᠦ᠍᠂ ᠬᠤᠲᠠ ᠬᠥᠳᠡᠭᠡ ᠶ᠋ᠢᠨ ᠴᠤᠭᠯᠠᠭ᠎ᠠ ᠮᠠᠶ᠋ᠢᠮᠠᠢ᠂ ᠵᠢᠭᠤᠯᠴᠢᠯᠠᠯ ᠤ᠋ᠨ ᠦᠵᠡᠮᠵᠢ ᠶ᠋ᠢᠨ ᠣᠷᠤᠨ ᠤ᠋ ᠢᠳᠡᠭᠡᠨ ᠤ᠋ ᠳᠡᠯᠭᠡᠭᠦᠷ ᠢ᠋ ᠲᠣᠭᠤᠷᠢᠨ ᠪᠠᠶ᠋ᠢᠴᠠᠭᠠᠬᠤ ᠡᠷᠴᠢᠮ ᠢ᠋ᠶ᠋ᠡᠨ ᠴᠢᠩᠭᠠᠷᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面