2026-10-09 10:37:15
ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ᠂ ᠰᠤᠷᠭᠠᠨ ᠬᠦᠮᠦᠵᠢᠯ ᠤ᠋ᠨ ᠲᠢᠩᠬᠢᠮ᠂ ᠬᠦᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠳᠤᠯᠠᠭ᠎ᠠ ᠶ᠋ᠢᠨ ᠲᠢᠩᠬᠢᠮ᠂ ᠴᠡᠷᠢᠭ ᠤ᠋ᠨ ᠠᠯᠪᠠ ᠡᠴᠡ ᠬᠠᠯᠠᠭᠳᠠᠭᠰᠠᠳ ᠤ᠋ᠨ ᠶᠠᠪᠤᠳᠠᠯ ᠤ᠋ᠨ ᠲᠢᠩᠬᠢᠮ ᠡᠴᠡ ᠭᠤᠤᠯᠯᠠᠨ ᠡᠷᠬᠢᠯᠡᠵᠦ᠂ ᠦᠪᠦᠷ ᠮᠤᠩᠭᠤᠯ ᠤ᠋ᠨ ᠤᠯᠤᠰ ᠤ᠋ᠨ ᠦᠮᠴᠢᠯᠡᠯᠳᠦ ᠬᠦᠷᠦᠩᠭᠡ ᠶ᠋ᠢᠨ ᠡᠵᠡᠩᠨᠡᠯᠳᠡ ᠶ᠋ᠢᠨ ᠬᠢᠵᠠᠭᠠᠷᠳᠦ ᠺᠤᠮᠫᠠᠨᠢ ᠪᠤᠯᠤᠨ ᠦᠪᠦᠷ ᠮᠤᠩᠭᠤᠯ ᠤ᠋ᠨ ᠴᠢᠳᠠᠪᠤᠷᠢᠳᠠᠨ ᠤ᠋ ᠪᠦᠯᠦᠭᠯᠡᠯ ᠡᠴᠡ ᠳᠠᠭᠠᠭᠠᠴᠢᠯᠠᠨ ᠡᠷᠬᠢᠯᠡᠭᠰᠡᠨ 《ᠰᠤᠳᠤᠨ ᠴᠢᠳᠠᠪᠤᠷᠢᠳᠠᠨ ᠶ᠋ᠢᠡᠷ ᠦᠪᠦᠷ ᠮᠤᠩᠭᠤᠯ ᠢ᠋ ᠬᠦᠭᠵᠢᠭᠦᠯᠦᠨ ᠮᠠᠨᠳᠤᠭᠤᠯᠵᠤ ᠤᠶᠤᠨ ᠤ᠋ ᠬᠦᠴᠦᠨ ᠢ᠋ ᠤᠯᠤᠰ ᠤ᠋ᠨ ᠦᠮᠴᠢᠯᠡᠯᠳᠦ ᠠᠵᠤ ᠠᠬᠤᠢᠯᠠᠯ ᠳ᠋ᠤ ᠬᠤᠷᠠᠨ ᠴᠤᠭᠯᠠᠷᠠᠭᠤᠯᠬᠤ 》 ᠭᠤᠷᠪᠠᠳᠤᠭᠠᠷ ᠬᠤᠭᠤᠴᠠᠭᠠᠨ ᠤ᠋ ᠦᠪᠦᠷ ᠮᠤᠩᠭᠤᠯ ᠤ᠋ᠨ ᠤᠯᠤᠰ ᠤ᠋ᠨ ᠦᠮᠴᠢᠯᠡᠯᠳᠦ ᠠᠵᠤ ᠠᠬᠤᠢᠯᠠᠯ ᠤ᠋ᠨ ᠲᠤᠰᠬᠠᠢ ᠲᠠᠯᠠᠪᠤᠷ ᠠᠵᠢᠯᠳᠠᠨ ᠡᠯᠰᠡᠬᠦ ᠴᠤᠭᠯᠠᠭᠠᠨ ᠵᠢᠴᠢ ᠴᠢᠳᠠᠪᠤᠷᠢᠳᠠᠨ ᠤ᠋ ᠰᠢᠨ᠎ᠠ ᠶ᠋ᠢ ᠡᠭᠦᠳᠴᠤ ᠦᠢᠯᠡᠰ ᠪᠤᠰᠬᠠᠬᠤ ᠭᠠᠷᠠᠭ ᠤ᠋ᠨ ᠠᠵᠢᠯᠯᠠᠭ᠎ᠠ ᠤᠢᠷ᠎ᠠ ᠳ᠋ᠤ ᠬᠦᠬᠡᠬᠤᠳᠠ ᠳ᠋ᠤ ᠶᠠᠪᠤᠭᠲᠠᠪᠠ᠃
ᠦᠪᠤᠷ ᠮᠤᠩᠭᠤᠯ ᠳ᠋ᠤ ᠰᠠᠭᠤᠭ᠎ᠠ ᠲᠦᠪ ᠤ᠋ᠨ ᠠᠵᠤ ᠠᠬᠤᠢᠯᠠᠯ᠂ ᠦᠪᠡᠷᠳᠡᠭᠡᠨ ᠵᠠᠰᠠᠬᠤ ᠤᠷᠤᠨ ᠵᠢᠴᠢ ᠡᠯ᠎ᠠ ᠠᠢᠮᠠᠭ ᠬᠤᠳᠠ ᠶ᠋ᠢᠨ ᠬᠠᠷᠢᠶ᠎ᠠ ᠤᠯᠤᠰ ᠤ᠋ᠨ ᠦᠮᠴᠢᠯᠡᠯᠳᠦ ᠠᠵᠤ ᠠᠬᠤᠢᠯᠠᠯ ᠢ᠋ ᠪᠠᠭᠳᠠᠭᠠᠭᠰᠠᠨ 70 ᠠᠵᠤ ᠠᠬᠤᠢᠯᠠᠯ ᠲᠤᠰ ᠤᠳᠠᠭ᠎ᠠ ᠵᠢᠨ ᠠᠵᠢᠯᠳᠠᠨ ᠡᠯᠰᠡᠬᠦ ᠴᠤᠭᠯᠠᠭᠠᠨ ᠳ᠋ᠤ ᠤᠷᠤᠯᠴᠠᠵᠤ᠂ ᠰᠢᠨ᠎ᠠ ᠡᠨᠧᠷᠬᠢ᠂ ᠰᠢᠨ᠎ᠠ ᠮᠠᠲᠧᠷᠢᠶᠠᠯ᠂ ᠲᠤᠨᠤᠭᠯᠠᠯ ᠦᠢᠯᠡᠳᠬᠦ᠂ ᠭᠠᠵᠠᠷ ᠰᠢᠨᠵᠢᠯᠡᠭᠡᠨ ᠠᠭᠤᠷᠬᠠᠢ ᠮᠠᠯᠳᠠᠬᠤ᠂ ᠤᠰᠤᠨ ᠠᠰᠢᠭᠯᠠᠯᠳᠠ ᠤᠰᠤᠨ ᠴᠠᠬᠢᠯᠭᠠᠨ᠂ ᠮᠦᠩᠭᠦᠨ ᠭᠦᠢᠯᠭᠡᠭᠡᠨ ᠤ᠋ ᠪᠡᠯᠡ ᠤᠷᠤᠭᠤᠯᠤᠯᠳᠠ ᠵᠡᠷᠭᠡ ᠬᠦᠷᠢᠶᠡᠨ ᠤ᠋ 2340 ᠠᠵᠢᠯ ᠤ᠋ᠨ ᠪᠠᠢᠷᠢ ᠬᠠᠩᠭᠠᠪᠠ᠃ ᠦᠪᠡᠷᠳᠡᠭᠡᠨ ᠵᠠᠰᠠᠬᠤ ᠤᠷᠤᠨ ᠤ᠋ ᠡᠯ᠎ᠠ ᠶᠡᠬᠡ ᠳᠡᠭᠡᠳᠦ ᠰᠤᠷᠭᠠᠭᠤᠯᠢ ᠵᠢᠴᠢ ᠬᠠᠷᠪᠢᠨ ᠤ᠋ ᠠᠵᠤ ᠦᠢᠯᠡᠳᠪᠤᠷᠢ ᠶ᠋ᠢᠨ ᠶᠡᠬᠡ ᠰᠤᠷᠭᠠᠭᠤᠯᠢ᠂ ᠤᠮᠠᠷᠠᠳᠦ ᠶ᠋ᠢᠨ ᠴᠠᠬᠢᠯᠭᠠᠨ ᠬᠦᠴᠦᠨ ᠤ᠋ ᠶᠡᠬᠡ ᠰᠤᠷᠭᠠᠭᠤᠯᠢ᠂ ᠰᠢ ᠠᠨ ᠤ᠋ ᠡᠯᠧᠺᠲᠷᠤᠨ ᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠶᠡᠬᠡ ᠰᠤᠷᠭᠠᠭᠤᠯᠢ᠂ ᠪᠡᠭᠡᠵᠢᠩ ᠤ᠋ᠨ ᠵᠠᠮ ᠬᠠᠷᠢᠯᠴᠠᠭᠠᠨ ᠤ᠋ ᠶᠡᠬᠡ ᠰᠤᠷᠭᠠᠭᠤᠯᠢ᠂ ᠵᠡᠭᠦᠨ ᠬᠤᠢᠳᠤ ᠶ᠋ᠢᠨ ᠡᠳ᠋ ᠤ᠋ᠨ ᠵᠠᠰᠠᠭ ᠤ᠋ᠨ ᠶᠡᠬᠡ ᠰᠤᠷᠭᠠᠭᠤᠯᠢ ᠵᠡᠷᠭᠡ ᠤᠷᠤᠨ ᠤ᠋ ᠲᠤᠳᠤᠨ᠎ᠠ ᠭᠠᠳᠠᠨ᠎ᠠ ᠶ᠋ᠢᠨ 10 ᠭᠠᠷᠤᠢ ᠶᠡᠬᠡ ᠳᠡᠭᠡᠳᠦ ᠰᠤᠷᠭᠠᠭᠤᠯᠢ ᠶ᠋ᠢᠨ ᠰᠤᠷᠤᠭᠴᠢ ᠴᠤᠭᠯᠠᠭᠠᠨ ᠳ᠋ᠤ ᠤᠷᠤᠯᠴᠠᠵᠤ᠂ ᠲᠦᠮᠡ ᠭᠠᠷᠤᠢ ᠬᠦᠮᠦᠨ ᠲᠤᠬᠠᠢ ᠶ᠋ᠢᠨ ᠲᠠᠯᠠᠪᠤᠷ ᠲᠤ᠌ ᠠᠵᠢᠯ ᠡᠷᠢᠬᠦ ᠬᠤᠪᠢ ᠬᠦᠮᠦᠨ ᠤ᠋ ᠲᠠᠨᠢᠯᠴᠠᠭᠤᠯᠭ᠎ᠠ ᠪᠡᠨ ᠳᠡᠪᠰᠢᠭᠦᠯᠪᠡ᠃
ᠤᠢᠯᠠᠭᠠᠭᠰᠠᠨ ᠶ᠋ᠢᠡᠷ᠂ ᠤᠢᠷ᠎ᠠ ᠶ᠋ᠢᠨ ᠵᠢᠯ ᠳ᠋ᠤ ᠦᠪᠡᠷᠳᠡᠭᠡᠨ ᠵᠠᠰᠠᠬᠤ ᠤᠷᠤᠨ ᠤ᠋ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ《ᠴᠢᠳᠠᠪᠤᠷᠢᠳᠠᠨ ᠶ᠋ᠢᠡᠷ ᠠᠵᠤ ᠠᠬᠤᠢᠯᠠᠯ ᠢ᠋ ᠬᠦᠭᠵᠢᠭᠦᠯᠦᠨ ᠮᠠᠨᠳᠤᠭᠤᠯᠬᠤ》 ᠢᠨᠵᠧᠨᠧᠷᠢᠩ ᠢ᠋ ᠭᠦᠨᠵᠡᠭᠡᠢ ᠠᠬᠢᠭᠤᠯᠵᠤ᠂ ᠬᠢᠨᠠᠨ ᠬᠠᠮᠢᠶᠠᠷᠴᠤ ᠪᠠᠢᠭ᠎ᠠ ᠠᠵᠤ ᠠᠬᠤᠢᠯᠠᠯ ᠶ᠋ᠢᠡᠨ ᠬᠦᠲᠦᠯᠦᠨ ᠵᠢᠯᠤᠭᠤᠳᠴᠤ ᠪᠠᠢᠭᠠᠳ 137 ᠨᠡᠷᠡᠰ ᠳᠡᠭᠡᠳᠦ ᠳᠡᠰ ᠤ᠋ᠨ ᠴᠢᠳᠠᠪᠤᠷᠢᠳᠠᠨ ᠢ᠋ ᠤᠷᠤᠭᠤᠯᠤᠨ ᠠᠪᠴᠢᠷᠠᠬᠤ ᠶ᠋ᠢᠨ ᠬᠠᠮᠳᠤ ᠤᠯᠤᠰ ᠤ᠋ᠨ ᠦᠮᠴᠢᠯᠡᠯᠳᠦ ᠠᠵᠤ ᠠᠬᠤᠢᠯᠠᠯ ᠤ᠋ᠨ ᠲᠤᠰᠬᠠᠢ ᠲᠠᠯᠠᠪᠤᠷ ᠠᠵᠢᠯᠳᠠᠨ ᠡᠯᠰᠡᠬᠦ ᠴᠤᠭᠯᠠᠭᠠᠨ ᠢ᠋ 3 ᠵᠢᠯ ᠳᠠᠷᠠᠭᠠᠯᠠᠨ ᠡᠷᠬᠢᠯᠡᠵᠦ᠂ ᠨᠡᠢᠳᠡ 2 ᠲᠦᠮᠡ ᠭᠠᠷᠤᠢ ᠤᠶᠤᠳᠠᠨ ᠪᠠ ᠰᠢᠯᠢᠳᠡᠭ ᠴᠢᠳᠠᠪᠤᠷᠢᠳᠠᠨ ᠢ᠋ ᠤᠯᠤᠰ ᠤ᠋ᠨ ᠦᠮᠴᠢᠯᠡᠯᠳᠦ ᠠᠵᠤ ᠠᠬᠤᠢᠯᠠᠯ ᠳ᠋ᠤ ᠡᠯᠰᠡᠨ ᠬᠡᠷᠡᠭᠯᠡᠵᠤ᠂ ᠦᠪᠡᠷᠳᠡᠭᠡᠨ ᠵᠠᠰᠠᠬᠤ ᠤᠷᠤᠨ ᠤ᠋ ᠠᠵᠤ ᠠᠬᠤᠢ ᠨᠡᠢᠭᠡᠮ ᠤ᠋ᠨ ᠴᠢᠨᠠᠷ ᠰᠠᠢᠳᠠᠢ ᠬᠦᠭᠵᠢᠯᠳᠡ ᠳ᠋ᠤ ᠡᠷᠴᠢᠮᠳᠠᠢ ᠲᠤᠯᠭᠠᠭᠤᠷᠢᠯᠠᠯ ᠬᠠᠩᠭᠠᠭᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃