2026-10-10 10:57:09
ᠤᠢᠷ᠎ᠠ ᠵᠢᠨ ᠡᠳᠦᠷ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠋᠎ᠤᠨ ᠤᠯᠤᠰ ᠲᠥᠷᠥ᠎ᠶᠢᠨ ᠠᠵᠢᠯ᠎ᠤᠨ ᠲᠣᠪᠴᠢᠶ᠎ᠠ᠎ᠲᠠᠢ ᠬᠠᠮᠲᠤᠷᠠᠨ 2026 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠴᠡᠷᠢᠭ᠎ᠡᠴᠡ ᠠᠵᠢᠯ ᠰᠢᠯᠵᠢᠬᠦ ᠣᠹᠢᠼᠧᠷ᠎ᠦᠨ ᠠᠵᠢᠯ᠎ᠤᠨ ᠪᠠᠢᠷᠢ ᠰᠣᠩᠭᠣᠬᠤ ᠬᠤᠷᠠᠯ᠎ᠢ ᠡᠷᠭᠢᠯᠡᠵᠦ᠂ ᠴᠡᠷᠢᠭ᠎ᠡᠴᠡ ᠠᠵᠢᠯ ᠰᠢᠯᠵᠢᠬᠦ 75 ᠣᠹᠢᠼᠧᠷ ᠢ᠋ ᠲᠥᠪᠬᠢᠨᠡᠭᠦᠯᠵᠦ᠂ ᠣᠷᠣᠨ ᠨᠤᠲᠤᠭ᠎ᠤᠨ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ ᠰᠢᠨ᠎ᠡ ᠠᠶᠠᠨᠢ᠋ ᠯᠠᠪᠳᠠᠭᠤᠨ᠎ᠢᠶᠠᠷ ᠡᠬᠢᠯᠡᠭᠦᠯᠪᠡ᠃
ᠣᠢᠯᠠᠭᠠᠭᠰᠠᠨ᠎ᠢᠶᠠᠷ᠂ ᠲᠣᠰ ᠤᠳᠠᠭᠠᠨ᠎ᠤ ᠲᠥᠪᠬᠢᠨᠡᠭᠦᠯᠦᠯᠲᠡ ᠨᠢ 《ᠠᠯᠪᠠ ᠬᠠᠭᠠᠭᠰᠠᠨ ᠴᠠᠭ ᠨᠢ ᠬᠡᠳᠦᠢ ᠣᠷᠳᠣ᠌᠂ ᠬᠤᠪᠢ ᠨᠡᠮᠡᠷᠢ ᠨᠢ ᠬᠡᠳᠦᠢ ᠶᠡᠬᠡ ᠪᠤᠯ ᠲᠥᠪᠬᠢᠨᠡᠭᠦᠯᠬᠦ ᠨᠢ ᠲᠡᠳᠦᠢ ᠰᠠᠢᠨ 》 ᠭᠡᠬᠦ ᠤᠳᠤᠷᠢᠳᠤᠮᠵᠢ᠎ᠶᠢ ᠪᠠᠷᠢᠮᠳᠠᠯᠠᠵᠤ᠂ ᠬᠡᠮᠵᠢᠶᠡᠵᠢᠭᠦᠯᠦᠨ ᠬᠤᠪᠢ ᠣᠯᠭᠣᠵᠤ ᠠᠵᠢᠯ᠎ᠤᠨ ᠪᠠᠢᠷᠢ ᠰᠣᠩᠭᠣᠬᠤ ᠲᠣᠭᠲᠠᠴᠠ᠎ᠶᠢ ᠬᠡᠷᠡᠭᠵᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ ᠵᠡᠷᠭᠡ ᠣᠯᠠᠨ ᠰᠠᠯᠠᠭ᠎ᠠ ᠮᠥᠴᠢᠷ᠎ᠦᠨ ᠬᠠᠮᠵᠢᠯᠴᠠᠨ ᠬᠥᠳᠡᠯᠦᠯᠴᠡᠭᠰᠡᠨ ᠪᠠᠢᠳᠠᠯ ᠳᠣᠣᠷ᠎ᠠ ᠲᠣᠰ ᠤᠳᠠᠭᠠᠨ ᠤ ᠲᠥᠪᠬᠢᠨᠡᠭᠦᠯᠦᠯᠲᠡ᠎ᠳᠦ ᠨᠡᠶ᠋ᠢᠲᠡ 112 ᠰᠢᠯᠢᠳᠡᠭ ᠠᠵᠢᠯ᠎ᠤᠨ ᠪᠠᠢᠷᠢ ᠭᠠᠷᠭᠠᠵᠤ᠂ ᠴᠡᠷᠢᠭ᠎ᠡᠴᠡ ᠠᠵᠢᠯ ᠰᠢᠯᠵᠢᠭᠦ ᠣᠹᠢᠼᠧᠷ᠎ᠲᠦ ᠭᠦᠢᠴᠡᠳ ᠠᠵᠢᠯ ᠤ᠋ᠨ ᠰᠣᠩᠭᠣᠯᠲᠠ ᠬᠠᠩᠭᠠᠭᠰᠠᠨ ᠪᠠᠢᠨ᠎ᠠ᠃
ᠠᠵᠢᠯ᠎ᠤᠨ ᠪᠠᠢᠷᠢ ᠰᠣᠩᠭᠣᠬᠤ ᠲᠤᠬᠠᠢ᠎ᠶᠢᠨ ᠲᠠᠯᠠᠪᠤᠷ ᠨᠢ ᠡᠮᠬᠢ ᠵᠢᠷᠤᠮ᠎ᠲᠠᠢ᠂ ᠶᠠᠪᠤᠴᠠ ᠨᠢ ᠵᠢᠷᠤᠮᠵᠢᠭᠤᠨ ᠪᠥᠭᠡᠳ ᠢᠯᠡ ᠲᠣᠳᠣ᠌ ᠪᠠᠢᠵᠦ᠂ ᠠᠵᠢᠯᠲᠠᠳ ᠪᠡᠶ᠎ᠡ᠎ᠶᠢᠨ ᠭᠠᠷᠤᠯ᠎ᠤᠨ ᠮᠡᠳᠡᠭᠡ ᠵᠠᠩᠭᠢ᠎ᠶᠢ ᠬᠢᠨᠠᠨ ᠬᠠᠷᠭᠤᠭᠤᠯᠵᠤ᠂ ᠴᠡᠷᠢᠭ᠎ᠡᠴᠡ ᠠᠵᠢᠯ ᠰᠢᠯᠵᠢᠭᠦ ᠣᠹᠢᠼᠧᠷ ᠴᠡᠷᠢᠭ᠎ᠦᠨ ᠴᠣᠯᠠ᠎ᠶᠢᠨ ᠲᠤᠰᠢᠶᠠᠯ᠎ᠤᠨ ᠲᠠᠰ᠂ ᠬᠡᠮᠵᠢᠶᠡᠵᠢᠬᠦᠯᠦᠨ ᠬᠤᠪᠢ ᠤᠯᠭᠤᠬᠤ ᠵᠢᠭ᠍ᠰᠠᠭᠠᠯᠲᠠ᠎ᠶᠢᠨ ᠶᠣᠰᠣᠭᠠᠷ ᠠᠵᠢᠯ᠎ᠤᠨ ᠪᠠᠢᠷᠢ ᠰᠣᠩᠭᠣᠨ᠂ ᠠᠵᠢᠯ᠎ᠤᠨ ᠪᠠᠢᠷᠢ᠎ᠶᠢ ᠲᠤᠬᠠᠢ᠎ᠶᠢᠨ ᠲᠠᠯᠠᠪᠤᠷ᠎ᠲᠤ ᠨᠤᠲᠠᠯᠠᠵᠤ᠂ ᠭᠠᠷᠤᠨ ᠥᠰᠥᠭ ᠵᠢᠷᠤᠵᠤ ᠭᠠᠷ ᠭᠦᠢᠴᠡᠳᠬᠡᠯ ᠬᠢᠵᠡᠢ᠃ 《 ᠭᠤᠷᠪᠠ᠎ᠶᠢ ᠨᠢᠭᠡᠳᠬᠡᠬᠦ 》᠂ 《 ᠲᠠᠪᠤ ᠵᠢ ᠢᠯᠡ ᠪᠣᠯᠭᠠᠬᠤ 》 ᠳᠦᠷᠢᠮ ᠢ ᠴᠢᠩᠭ᠎ᠠ ᠨᠠᠢᠳᠠᠪᠤᠷᠢᠵᠢᠭᠤᠯᠵᠤ᠂ ᠡᠯ᠎ᠡ ᠵᠦᠢᠯ᠎ᠦᠨ ᠪᠠᠷᠢᠮᠵᠢᠶ᠎ᠠ᠂ ᠨᠡᠷᠡᠰ᠎ᠦᠨ ᠵᠢᠭ᠍ᠰᠠᠭᠠᠯᠲᠠ᠂ ᠦᠷ᠎ᠡ ᠳ᠋ᠦᠩ᠎ᠢ ᠪᠥᠬᠥ ᠶᠠᠪᠤᠴᠠ᠎ᠳᠤ ᠵᠠᠷᠯᠠᠨ ᠨᠡᠢᠲᠡᠯᠡᠵᠦ᠂ ᠲᠥᠪ ᠭᠤᠤᠯᠴᠢ ᠢᠯᠡ ᠲᠣᠳᠣ᠌ ᠲᠥᠪᠬᠢᠨᠡᠭᠦᠯᠬᠦ ᠲᠣᠭᠲᠠᠴᠠ᠎ᠪᠠᠷ ᠰᠤᠷᠲᠠᠯ ᠴᠢᠬᠡᠴᠢ ᠣᠪᠣᠷ ᠲᠥᠪ ᠣᠷᠴᠢᠨ ᠨᠥᠬᠥᠴᠡᠯ᠎ᠢ ᠪᠣᠶ ᠪᠣᠯᠭᠠᠵᠤ᠂ ᠴᠡᠷᠢᠭ᠎ᠡᠴᠡ ᠠᠵᠢᠯ ᠰᠢᠯᠵᠢᠭᠦ ᠣᠹᠢᠼᠧᠷ᠎ᠦᠨ ᠰᠠᠨᠠᠭ᠎ᠠ ᠠᠮᠤᠷ ᠰᠡᠳᠬᠢᠯ ᠬᠠᠨᠤᠮᠵᠢᠳᠠᠢ ᠪᠠᠢᠬᠤ᠎ᠶᠢ ᠪᠠᠲᠤᠯᠠᠪᠠ᠃
ᠣᠢᠷ᠎ᠠ᠎ᠶᠢᠨ ᠵᠢᠯ᠎ᠦᠨ ᠲᠤᠷᠰᠢ ᠥᠪᠥᠷ ᠮᠣᠩᠭᠣᠯ ᠴᠡᠷᠢᠭ ᠤ᠋ᠨ ᠠᠯᠪᠠ ᠡᠴᠡ ᠬᠠᠯᠠᠭᠳᠠᠭᠰᠠᠳ᠎ᠢ ᠲᠥᠪᠬᠢᠨᠡᠭᠦᠯᠬᠦ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠵᠢᠷᠤᠮᠵᠢᠭ᠍ᠰᠠᠨ᠂ ᠰᠡᠳᠬᠢᠯᠢᠳᠤᠯᠠᠭᠠᠴᠠᠭᠤᠯᠤᠭᠰᠠᠨ ᠲᠥᠪᠬᠢᠨᠡᠭᠦᠯᠬᠦ ᠦᠢᠯᠡᠴᠢᠯᠡᠭᠡᠨ᠎ᠦ ᠰᠢᠰᠲᠧᠮ ᠢ ᠪᠠᠢᠭᠤᠯᠵᠤ᠂ ᠲᠥᠪᠬᠢᠨᠡᠭᠦᠯᠬᠦ ᠶᠠᠰᠤ ᠴᠢᠨᠠᠷ ᠢ ᠲᠣᠭᠲᠠᠭᠤᠨ᠎ᠢᠶᠠᠷ ᠳᠡᠭᠡᠭᠰᠢᠯᠡᠭᠦᠯᠵᠦ᠂ ᠴᠡᠷᠢᠭ ᠠᠩᠭᠢ᠂ ᠴᠡᠷᠢᠭ᠎ᠡᠴᠡ ᠠᠵᠢᠯ ᠰᠢᠯᠵᠢᠭᠦ ᠣᠹᠢᠼᠧᠷ᠂ ᠭᠥᠯᠢᠶᠡᠨ ᠠᠪᠬᠤ ᠪᠠᠢᠭᠤᠯᠭ᠎ᠠ ᠨᠢᠭᠡᠴᠢ 《ᠭᠤᠷᠪᠠᠨ ᠲᠠᠯ᠎ᠠ᠎ᠪᠠᠷ ᠰᠡᠳᠬᠢᠯ ᠬᠠᠨᠤᠮᠵᠢᠲᠠᠶ ᠪᠠᠢᠬᠤ 》 ᠵᠢ ᠪᠥᠬᠥ ᠬᠦᠴᠦᠨ᠎ᠢᠶᠡᠷ ᠪᠡᠶᠡᠯᠡᠭᠦᠯᠵᠦ᠂ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠢ ᠦᠨᠳᠦᠰᠦᠨ ᠱᠠᠲᠤᠨ᠎ᠳᠤ ᠭᠠᠪᠢᠶ᠎ᠠ ᠪᠠᠢᠭᠤᠯᠵᠤ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ ᠵᠢ ᠬᠥᠲᠥᠯᠥᠨ ᠵᠢᠯᠤᠭᠣᠳᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃