2026-10-10 11:06:17
《ᠲᠠ ᠰᠠᠶ᠋ᠢᠨ ᠦᠦ ? ᠮᠠᠨ᠎ᠤ ᠡᠨᠳᠡ ᠴᠡᠷᠢᠭ᠎ᠤᠨ ᠠᠯᠪᠠ᠎ᠡᠴᠡ ᠬᠠᠯᠠᠭᠳᠠᠭᠰᠠᠳ᠎ᠤᠨ ᠦᠢᠯᠡᠰ ᠪᠤᠰᠬᠠᠬᠤ ᠵᠢᠭᠡᠯᠡᠯᠭᠡ᠎ᠶᠢ ᠭᠦᠶ᠋ᠴᠡᠳᠬᠡᠵᠦ᠍ ᠪᠣᠯᠤᠨ᠎ᠠ᠂ ᠲᠠ ᠤᠷᠢᠳ᠎ᠵᠢᠡᠷ ᠵᠢᠭᠡᠯᠡᠯᠭᠡ ᠭᠤᠶᠤᠴᠢᠯᠠᠬᠤ ᠨᠥᠬᠥᠴᠡᠯ ᠪᠠ ᠶᠠᠪᠤᠴᠠ᠎ᠶᠢ ᠣᠶ᠋ᠢᠯᠠᠭᠠᠵᠤ ᠪᠣᠯᠤᠨ᠎ᠠ 》᠃ ᠳᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤᠨ᠎ᠤ ᠴᠡᠷᠢᠭ᠎ᠤᠨ ᠠᠯᠪᠠ ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠤᠪᠴᠢᠶ᠎ᠠ ᠵᠢᠨ ᠭᠢᠨ ᠲᠤᠬᠠᠶ᠎ᠶᠢᠨ ᠲᠠᠯᠠᠪᠠᠶ᠎ᠳᠤ ᠦᠢᠯᠡᠴᠢᠯᠡᠵᠦ᠍᠂ ᠠᠵᠢᠯᠲᠠᠳ ᠶᠠᠭ ᠴᠡᠷᠢᠭ᠎ᠤᠨ ᠠᠯᠪᠠ᠎ᠡᠴᠡ ᠬᠠᠯᠠᠭᠳᠠᠭᠰᠠᠳ᠎ᠤᠨ ᠡᠷᠡᠭᠡᠯᠵᠡᠭᠡ᠎ᠶᠢ ᠳᠡᠶ᠋ᠢᠯᠵᠦ᠍᠂ ᠮᠥᠩᠭᠥᠨ ᠭᠦᠢᠯᠭᠡᠭᠡᠨ᠎ᠦ ᠲᠡᠳᠬᠦᠨ ᠳᠡᠮᠵᠢᠬᠦ᠌ ᠲᠥᠷᠥ᠎ᠶᠢᠨ ᠪᠣᠳᠣᠯᠭ᠎ᠠ᠎ᠳᠤ ᠲᠠᠶ᠋ᠢᠯᠤᠮᠵᠢ ᠬᠢᠵᠦ᠍ ᠦᠭᠴᠦ ᠪᠠᠢᠯ᠎ᠠ᠃ ᠡᠨᠡ ᠵᠢᠯ᠎ᠦᠨ 9 ᠰᠠᠷ᠎ᠠ ᠳᠤ ᠳᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤ 2026 ᠣᠨ᠎ᠤ ᠴᠡᠷᠢᠭ᠎ᠤᠨ ᠠᠯᠪᠠ᠎ᠡᠴᠡ ᠬᠠᠯᠠᠭᠳᠠᠭᠰᠠᠳ᠎ᠤᠨ ᠨᠤᠲᠤᠭ᠎ᠲᠠᠭᠠᠨ ᠪᠤᠴᠠᠬᠤ᠎ᠶᠢ ᠤᠭᠲᠤᠬᠤ ᠶᠣᠰᠣᠯᠠᠯ ᠵᠢᠴᠢ ᠲᠤᠰᠬᠠᠶ ᠠᠵᠢᠯᠲᠠᠨ ᠡᠯᠰᠡᠬᠦ᠌ ᠬᠤᠷᠠᠯ ᠬᠢᠵᠦ᠍᠂ ᠬᠠᠯᠠᠭᠤᠨ ᠰᠡᠳᠬᠢᠯ᠎ᠢᠶᠡᠷ ᠦᠢᠯᠡᠴᠢᠯᠡᠵᠦ᠍᠂ ᠤᠨᠤᠴᠠᠲᠠᠢ ᠬᠠᠪᠰᠤᠷᠤᠨ ᠲᠡᠳᠬᠦᠵᠦ᠍᠂ ᠴᠡᠷᠢᠭ᠎ᠤᠨ ᠠᠯᠪᠠ᠎ᠡᠴᠡ ᠬᠠᠯᠠᠭᠳᠠᠭᠰᠠᠳ᠎ᠤᠨ ᠤᠷᠤᠭᠰᠢᠲᠠᠶ ᠪᠡᠷ ᠬᠡᠯᠪᠡᠷᠢ᠎ᠪᠡᠨ ᠬᠤᠪᠢᠷᠠᠭᠤᠯᠬᠤ ᠵᠢ ᠠᠬᠢᠭᠤᠯᠵᠤ᠂ ᠠᠵᠢᠯ ᠣᠯᠵᠤ ᠦᠢᠯᠡᠰ ᠪᠤᠰᠬᠠᠬᠤ᠎ᠳᠤ ᠪᠠᠲᠤᠯᠠᠭ᠎ᠠ ᠬᠠᠩᠭᠠᠬᠰᠠᠨ ᠪᠠᠢᠨ᠎ᠠ᠃
ᠡᠨᠡ ᠤᠳᠠᠭᠠᠨ᠎ᠤ ᠲᠤᠰᠬᠠᠶ ᠠᠵᠢᠯᠲᠠᠨ ᠡᠯᠰᠡᠬᠦ᠌ ᠬᠤᠷᠠᠯ ᠨᠢ ᠴᠡᠷᠢᠭ᠎ᠤᠨ ᠠᠯᠪᠠ᠎ᠡᠴᠡ ᠬᠠᠯᠠᠭᠳᠠᠭᠰᠠᠳ ᠤᠨ ᠠᠵᠢᠯ ᠮᠡᠷᠭᠡᠵᠢᠯ᠎ᠦᠨ ᠣᠨᠴᠠᠯᠢᠭ ᠪᠠ ᠠᠵᠢᠯ ᠣᠯᠭᠣᠯᠲᠠ᠎ᠶᠢᠨ ᠬᠡᠷᠡᠭᠴᠡᠭᠡ᠎ᠳᠦ ᠠᠩᠬᠠᠷᠤᠯ ᠢᠶᠠᠨ ᠲᠥᠪᠯᠡᠷᠡᠭᠦᠯᠵᠦ᠍᠂ ᠲᠣᠰ ᠭᠠᠵᠠᠷ᠎ᠤᠨ᠎ᠢᠶᠠᠨ ᠴᠢᠨᠠᠷ ᠰᠠᠶ᠋ᠢᠲᠠᠶ ᠠᠵᠤ ᠠᠬᠤᠶ᠋ᠢᠯᠠᠯ᠎ᠤᠨ ᠠᠵᠢᠯ ᠤᠨ ᠪᠠᠶ᠋ᠢᠷᠢ᠎ᠶᠢᠨ ᠡᠬᠢ ᠪᠠᠶᠠᠯᠢᠭ᠎ᠢ ᠬᠤᠷᠠᠮᠳᠤᠭᠤᠯᠤᠨ᠂ ᠴᠡᠷᠢᠭ᠎ᠤᠨ ᠠᠯᠪᠠ᠎ᠡᠴᠡ ᠬᠠᠯᠠᠭᠳᠠᠭᠰᠠᠳ ᠢ ᠤᠷᠢᠵᠦ ᠣᠷᠣᠯᠴᠠᠭᠤᠯᠤᠬᠰᠠᠨ ᠪᠠᠢᠨ᠎ᠠ᠃ ᠠᠵᠢᠯᠯᠠᠭ᠎ᠠ᠎ᠳᠤ ᠣᠷᠣᠯᠴᠠᠬᠤ᠎ᠪᠠᠷ ᠢᠷᠡᠭᠰᠡᠨ ᠴᠡᠷᠢᠭ᠎ᠤᠨ ᠠᠯᠪᠠ᠎ᠡᠴᠡ ᠬᠠᠯᠠᠭᠳᠠᠭᠰᠠᠨ ᠼᠠᠢ ᠰᠢᠶᠤᠤ ᠳ᠋ᠢ ᠰᠠᠨᠠᠭᠠᠨ ᠳ᠋ᠤ ᠲᠤᠬᠢᠷᠠᠬᠰᠠᠨ ᠠᠵᠤ ᠠᠬᠤᠶ᠋ᠢᠯᠠᠯ᠎ᠡᠴᠡ ᠠᠵᠢᠯ᠎ᠤᠨ ᠪᠠᠶ᠋ᠢᠷᠢ᠎ᠶᠢᠨ ᠱᠠᠭᠠᠷᠳᠠᠯᠭ᠎ᠠ᠂ ᠴᠠᠯᠢᠩ ᠣᠯᠭᠣᠮᠵᠢ᠂ ᠬᠥᠭᠵᠢᠯᠲᠡ᠎ᠶᠢᠨ ᠢᠷᠡᠭᠡᠳᠦᠶ ᠵᠡᠷᠭᠡ ᠮᠡᠳᠡᠭᠡ ᠵᠠᠩᠭᠢ᠎ᠶᠢ ᠨᠠᠷᠢᠨ ᠠᠰᠠᠭᠤᠵᠤ᠂ ᠲᠤᠬᠠᠶ᠎ᠶᠢᠨ ᠲᠠᠯᠠᠪᠠᠶ᠎ᠳᠤ ᠪᠤᠳᠤᠯ ᠰᠠᠨᠠᠯ ᠵᠢᠡᠨ ᠨᠡᠪᠲᠡᠷᠡᠯᠴᠡᠵᠦ᠍᠂ ᠠᠵᠢᠯ ᠡᠷᠢᠬᠦ᠌ ᠮᠡᠳᠡᠭᠡ ᠵᠠᠩᠭᠢ᠎ᠪᠠᠨ ᠳᠠᠩᠰᠠᠯᠠᠭᠤᠯᠵᠠᠢ᠃ ᠲᠡᠷᠡ᠄《ᠥᠩᠭᠡᠷᠡᠭᠰᠡᠨ᠎ᠳᠦ ᠪᠢ ᠴᠡᠷᠢᠭ᠎ᠢ ᠡᠷᠬᠢᠮᠯᠡᠨ ᠲᠡᠭᠡᠳᠤᠯᠠᠬᠦ ᠵᠢᠭᠡᠯᠡᠯᠭᠡ ᠪᠠ ᠴᠡᠷᠢᠭ᠎ᠤᠨ ᠠᠯᠪᠠ᠎ᠡᠴᠡ ᠬᠠᠯᠠᠭᠳᠠᠭᠰᠠᠳ᠎ᠤᠨ ᠦᠢᠯᠡᠰ ᠪᠤᠰᠬᠠᠬᠤ ᠵᠢᠭᠡᠯᠡᠯᠭᠡ᠎ᠶᠢᠨ ᠲᠥᠷᠥ ᠶᠢᠨ ᠪᠣᠳᠣᠯᠭ᠎ᠠ ᠶᠢ ᠣᠶ᠋ᠢᠯᠠᠭᠠᠵᠤ ᠥᠩᠭᠡᠷᠡᠭᠰᠡᠨ ᠶᠤᠮ᠃ ᠲᠡᠷᠡ ᠨᠢ ᠠᠵᠢᠯ ᠬᠢᠬᠦ᠌ ᠰᠠᠨᠠᠭ᠎ᠠ᠎ᠲᠠᠶ᠂ ᠦᠢᠯᠡᠰ ᠪᠤᠰᠬᠠᠬᠤ ᠵᠤᠷᠢᠯᠭ᠎ᠠ᠎ᠲᠠᠶ ᠴᠡᠷᠢᠭ᠎ᠤᠨ ᠠᠯᠪᠠ᠎ᠡᠴᠡ ᠬᠠᠯᠠᠭᠳᠠᠭᠰᠠᠳᠲᠤ᠌ ᠮᠠᠰᠢ ᠶᠡᠬᠡ ᠬᠠᠪᠰᠤᠷᠤᠯᠭ᠎ᠠ ᠦᠵᠡᠭᠦᠯᠵᠡᠶ᠃ ᠣᠲᠣ ᠬᠣᠰᠢᠭᠤᠨ᠎ᠡᠴᠡ ᠴᠡᠷᠢᠭ᠎ᠤᠨ ᠠᠯᠪᠠ᠎ᠡᠴᠡ ᠬᠠᠯᠠᠭᠳᠠᠭᠰᠠᠳᠲᠤ᠌ ᠠᠪᠬᠤ ᠲᠥᠷᠥ᠎ᠶᠢᠨ ᠪᠣᠳᠣᠯᠭ᠎ᠠ ᠤᠯᠠᠮ᠎ᠡᠴᠡ ᠤᠯᠠᠮ ᠲᠡᠭᠦᠯᠳᠡᠷᠵᠢᠵᠦ᠍᠂ ᠦᠢᠯᠡᠴᠢᠯᠡᠭᠡ ᠨᠢ ᠤᠯᠠᠮ᠎ᠡᠴᠡ ᠤᠯᠠᠮ ᠳᠣᠲᠣᠨᠣ ᠪᠣᠯᠵᠣ ᠪᠠᠶ᠋ᠢᠨ᠎ᠠ 》 ᠭᠡᠪᠡ᠃
ᠡᠭᠦᠨ᠎ᠡᠴᠡ ᠭᠠᠳᠠᠨ᠎ᠠ ᠴᠡᠷᠢᠭ ᠤᠨ ᠠᠯᠪᠠ᠎ᠡᠴᠡ ᠬᠠᠯᠠᠭᠳᠠᠭᠰᠠᠳ᠎ᠤᠨ ᠦᠢᠯᠡᠰ ᠪᠤᠰᠬᠠᠬᠤ ᠡᠬᠢᠨ᠎ᠦ ᠦᠶ᠎ᠡ᠎ᠶᠢᠨ ᠪᠠᠯᠠ ᠮᠥᠩᠭᠥ᠎ᠶᠢᠨ ᠬᠦᠴᠢᠷ ᠠᠰᠠᠭᠤᠳᠠᠯ᠎ᠢ ᠰᠢᠢᠳᠪᠦᠷᠢᠯᠡᠬᠦ᠌᠎ᠶᠢᠨ ᠲᠥᠯᠥᠭᠡ᠂ᠳᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤᠨ᠎ᠤ ᠴᠡᠷᠢᠭ᠎ᠤᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ ᠤᠨ ᠲᠣᠪᠴᠢᠶ᠎ᠠ ᠪᠠᠰᠠ ᠮᠥᠩᠭᠥᠨ ᠭᠦᠢᠯᠭᠡᠭᠡᠨ ᠦ ᠪᠠᠶ᠋ᠢᠭᠤᠯᠤᠮᠵᠢ᠎ᠲᠠᠶ ᠬᠠᠮᠲᠤᠷᠠᠨ ᠴᠡᠷᠢᠭ ᠢ ᠡᠷᠬᠢᠮᠯᠡᠨ ᠲᠡᠭᠡᠳᠤᠯᠠᠬᠦ ᠵᠢᠭᠡᠯᠡᠯᠭᠡ ᠪᠣᠯᠤᠨ ᠴᠡᠷᠢᠭ᠎ᠤᠨ ᠠᠯᠪᠠ᠎ᠡᠴᠡ ᠬᠠᠯᠠᠭᠳᠠᠭᠰᠠᠳ᠎ᠤᠨ ᠦᠢᠯᠡᠰ ᠪᠤᠰᠬᠠᠬᠤ ᠵᠢᠭᠡᠯᠡᠯᠭᠡ᠎ᠶᠢᠨ ᠲᠤᠰᠬᠠᠶ ᠲᠥᠷᠥᠯ᠎ᠦᠨ ᠢᠲᠡᠭᠡᠮᠵᠢᠲᠦ᠍ ᠵᠢᠭᠡᠯᠡᠯᠭᠡ᠎ᠶᠢᠨ ᠪᠦᠲᠦᠭᠡᠭᠳᠡᠬᠦᠨ᠎ᠢ ᠭᠠᠷᠭᠠᠪᠠ᠃ ᠴᠡᠷᠢᠭ᠎ᠢ ᠡᠷᠬᠢᠮᠯᠡᠨ ᠲᠡᠭᠡᠳᠦᠯᠡᠬᠦ ᠵᠢᠭᠡᠯᠡᠯᠭᠡ ᠨᠢ ᠥᠷᠭᠡᠨ ᠣᠯᠠᠨ ᠠᠯᠪᠠ ᠬᠠᠭᠠᠵᠤ ᠪᠠᠢᠭ᠎ᠠ᠂ ᠴᠡᠷᠢᠭ᠎ᠤᠨ ᠠᠯᠪᠠ᠎ᠡᠴᠡ ᠬᠠᠯᠠᠭᠳᠠᠭᠰᠠᠳ ᠵᠢᠴᠢ ᠭᠡᠷ ᠪᠦᠯᠢ᠎ᠳᠦ ᠬᠠᠨᠳᠤᠭᠤᠯᠵᠤ᠂ ᠬᠢᠨᠠᠨ ᠵᠥᠪᠰᠢᠶᠡᠷᠡᠬᠦ᠌ ᠶᠠᠪᠤᠴᠠ ᠨᠢ ᠳᠥᠭᠥᠮ ᠳᠥᠲᠡ᠂ ᠬᠤᠪᠢ ᠬᠥᠮᠦᠨ᠎ᠦ ᠬᠡᠷᠡᠭᠯᠡᠭᠡ᠂ ᠦᠢᠯᠡᠳᠪᠦᠷᠢᠯᠡᠯ ᠡᠵᠡᠩᠨᠡᠯᠲᠡ᠎ᠶᠢᠨ ᠡᠷᠭᠢᠯᠲᠡ᠎ᠳᠦ ᠬᠡᠷᠡᠭᠯᠡᠵᠦ ᠪᠤᠯᠬᠤ ᠵᠢᠭᠡᠯᠡᠯᠭᠡ ᠪᠤᠯᠤᠨ᠎ᠠ᠃ᠴᠡᠷᠢᠭ᠎ᠤᠨ ᠠᠯᠪᠠ᠎ᠡᠴᠡ ᠬᠠᠯᠠᠭᠳᠠᠭᠰᠠᠳ᠎ᠤᠨ ᠦᠢᠯᠡᠰ ᠪᠤᠰᠬᠠᠬᠤ ᠵᠢᠭᠡᠯᠡᠯᠭᠡ᠎ᠪᠡᠷ ᠲᠠᠳᠠ ᠨᠠᠷ᠎ᠤᠨ ᠪᠡᠶ᠎ᠡ᠎ᠪᠡᠨ ᠳᠠᠭᠠᠭᠠᠵᠤ ᠦᠢᠯᠡᠰ ᠪᠤᠰᠬᠠᠬᠤ ᠲᠥᠷᠥᠯ ᠵᠦᠢᠯ᠎ᠢ ᠭᠤᠤᠯᠳᠠᠯᠭ᠎ᠠ᠎ᠲᠠᠶ ᠲᠡᠳᠬᠦᠨ ᠳᠡᠮᠵᠢᠵᠦ᠍᠂ ᠬᠦᠦ ᠮᠥᠩᠭᠥ᠎ᠶᠢᠨ ᠨᠣᠷᠮ᠎ᠠ᠂ ᠢᠲᠡᠭᠡᠮᠵᠢ ᠣᠯᠭᠣᠬᠤ ᠲᠠᠯ᠎ᠠ᠎ᠪᠠᠷ ᠢᠯᠡᠭᠦᠬᠡᠨ ᠳᠡᠮᠵᠢᠯᠭᠡ ᠦᠵᠡᠭᠦᠯᠵᠦ᠍᠂ ᠦᠢᠯᠡᠰ ᠪᠤᠰᠬᠠᠬᠤ ᠪᠠᠯᠠ ᠬᠤᠷᠠᠮᠳᠤᠭᠤᠯᠭ᠎ᠠ ᠶ᠋ᠢᠨ ᠳᠠᠷᠤᠯᠲᠠ᠎ᠶᠢ ᠪᠦᠲᠦᠮᠵᠢᠲᠡᠶ ᠨᠠᠮᠳᠠᠭᠤᠯᠤᠨ᠂ ᠠᠬᠠᠮᠠᠳ ᠪᠠᠶ᠋ᠢᠯᠳᠤᠭᠴᠢᠳ᠎ᠤᠨ ᠦᠢᠯᠡᠰ ᠪᠤᠰᠬᠠᠬᠤ᠎ᠳᠤ ᠮᠥᠩᠭᠥᠨ ᠭᠦᠢᠯᠭᠡᠭᠡᠨ᠎ᠦ ᠠᠮᠢᠳᠤᠯᠢᠭ ᠬᠦᠴᠦᠨ ᠨᠡᠮᠡᠷᠢᠯᠡᠭᠰᠡᠨ ᠪᠠᠢᠨ᠎ᠠ᠃
ᠳᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤ ᠴᠡᠷᠢᠭ᠎ᠤᠨ ᠠᠯᠪᠠ᠎ᠡᠴᠡ ᠬᠠᠯᠠᠭᠳᠠᠭᠰᠠᠳ᠎ᠤᠨ ᠦᠢᠯᠡᠴᠢᠯᠡᠭᠡᠨ᠎ᠦ ᠪᠠᠲᠤᠯᠠᠭ᠎ᠠ᠎ᠶᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠴᠡᠷᠢᠭ᠎ᠤᠨ ᠠᠯᠪᠠ᠎ᠡᠴᠡ ᠬᠠᠯᠠᠭᠳᠠᠭᠰᠠᠳ᠎ᠤᠨ ᠠᠵᠢᠯ ᠣᠯᠵᠤ ᠦᠢᠯᠡᠰ ᠪᠤᠰᠬᠠᠬᠤ᠎ᠶᠢ ᠬᠠᠪᠰᠤᠷᠤᠨ ᠲᠡᠳᠬᠦᠬᠦ᠌ ᠰᠢᠰᠲ᠋ᠧᠮ᠎ᠢ ᠦᠷᠭᠦᠯᠵᠢᠯᠡᠨ ᠪᠦᠷᠢᠨᠰᠢᠭᠦᠯᠵᠦ᠍᠂ ᠠᠵᠢᠯ ᠣᠯᠭᠣᠬᠤ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ᠍᠂ ᠦᠢᠯᠡᠰ ᠪᠤᠰᠬᠠᠬᠤ᠎ᠶᠢ ᠲᠡᠳᠬᠦᠬᠦ᠌ ᠲᠥᠷᠥ ᠶᠢᠨ ᠪᠣᠳᠣᠯᠭ᠎ᠠ᠎ᠶᠢ ᠰᠢᠯᠢᠳᠡᠭᠵᠢᠭᠦᠯᠵᠦ᠍᠂ ᠴᠡᠷᠢᠭ᠎ᠢᠶᠡᠨ ᠬᠦᠷᠢᠶᠡᠯᠡᠨ ᠬᠡᠷ ᠪᠦᠯᠢ᠎ᠶᠢ ᠨᠢ ᠬᠠᠷᠠᠭᠠᠯᠵᠠᠬᠤ ᠡᠯ᠎ᠡ ᠵᠦᠢᠯ᠎ᠦᠨ ᠠᠵᠢᠯ ᠢ ᠴᠢᠩ ᠰᠡᠳᠬᠢᠯ᠎ᠡᠴᠡ᠎ᠪᠡᠨ ᠰᠠᠶ᠋ᠢᠲᠤᠷ ᠬᠢᠭᠰᠡᠭᠡᠷ ᠢᠷᠡᠵᠡᠶ᠃ ᠠᠵᠢᠯ ᠤᠯᠬᠤ ᠳ᠋ᠤ ᠲᠦᠰᠢᠭ ᠲᠤᠯᠭᠠᠭᠤᠷᠢ᠎ᠲᠠᠶ᠂ ᠦᠢᠯᠡᠰ ᠪᠤᠰᠬᠠᠬᠤ᠎ᠳᠤ ᠲᠦᠯᠬᠢᠴᠡ ᠬᠦᠴᠦᠨ᠎ᠲᠡᠶ᠃ ᠳᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤᠨ᠎ᠤ ᠨᠢᠭᠡ ᠤᠳᠠᠭᠠᠨ᠎ᠤ ᠲᠤᠰᠬᠠᠶ ᠠᠵᠢᠯᠲᠠᠨ ᠡᠯᠰᠡᠬᠦ᠌ ᠬᠤᠷᠠᠯ ᠨᠢ ᠴᠡᠷᠢᠭ᠎ᠤᠨ ᠠᠯᠪᠠ᠎ᠡᠴᠡ ᠬᠠᠯᠠᠭᠳᠠᠭᠰᠠᠳ ᠪᠠ ᠬᠥᠮᠦᠨ ᠬᠡᠷᠡᠭᠯᠡᠬᠦ᠌ ᠨᠢᠭᠡᠴᠢ ᠶᠢ ᠬᠤᠤᠰ ᠴᠢᠭᠯᠡᠯ ᠢᠶᠡᠷ ᠵᠣᠯᠭᠠᠭᠤᠯᠬᠤ ᠬᠥᠭᠥᠷᠭᠡ ᠬᠣᠯᠪᠣᠭᠠᠰᠤ ᠶᠢ ᠪᠠᠶ᠋ᠢᠭᠤᠯᠵᠤ᠂ ᠴᠡᠷᠢᠭ ᠤᠨ ᠠᠯᠪᠠ᠎ᠡᠴᠡ ᠬᠠᠯᠠᠭᠳᠠᠭᠰᠠᠳᠲᠤ᠌ ᠣᠯᠠᠨ ᠶᠠᠩᠵᠤ ᠶᠢᠨ ᠠᠵᠢᠯ ᠤᠯᠬᠤ ᠰᠣᠩᠭᠣᠯᠲᠠ ᠬᠠᠩᠭᠠᠬᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃