2026-10-22 12:16:16
ᠬᠤᠩᠱᠠᠨ ᠲᠣᠭᠤᠷᠢᠭ ᠤᠶ᠋ᠢᠷ᠎ᠠ᠎ᠶ᠋ᠢᠨ ᠡᠳᠦᠷ 《ᠬᠦᠴᠢᠷᠳᠡᠯᠲᠡᠢ ᠣᠯᠠᠨ ᠲᠦᠮᠡᠨ᠎ᠢ ᠠᠪᠤᠷᠠᠨ ᠲᠤᠰᠠᠯᠠᠬᠤ ᠲᠠᠯ᠎ᠠ ᠪᠡᠷ ᠬᠦᠷᠦᠯᠴᠡᠬᠦ᠌ ᠥᠬᠡᠢ ᠪᠠᠢᠬᠤ ᠠᠰᠠᠭᠤᠳᠠᠯ᠎ᠢ ᠵᠠᠯᠠᠷᠠᠭᠤᠯᠤᠨ ᠵᠠᠰᠠᠬᠤ》 ᠠᠷᠠᠳ᠎ᠤᠨ ᠠᠮᠢᠳᠤᠷᠠᠯ᠎ᠤᠨ ᠪᠣᠳᠠᠲᠤ᠌ ᠶᠠᠪᠤᠳᠠᠯ᠎ᠤᠨ ᠲᠣᠭᠤᠷᠢᠨ᠎ᠳᠤ ᠬᠦᠨᠳᠦ ᠡᠪᠡᠳᠴᠢᠳᠡᠨ᠂ ᠬᠦᠨᠳᠦ ᠵᠡᠮᠳᠡᠭᠷᠡᠭᠰᠡᠳ ᠢ᠋ ᠲᠤᠰᠭᠠᠢ ᠵᠢᠭᠰᠠᠭᠠᠨ ᠪᠠᠶ᠋ᠢᠴᠠᠭᠠᠬᠤ ᠠᠵᠢᠯᠯᠠᠭ᠎ᠠ ᠥᠷᠨᠢᠭᠦᠯᠵᠦ᠂ ᠬᠦᠨᠳᠦ ᠵᠡᠮᠳᠡᠭᠷᠡᠭᠰᠡᠨ ᠦᠨᠡᠮᠯᠡᠯ ᠲᠠᠢ ᠭᠦᠮᠦᠨ᠂ ᠶᠡᠬᠡ ᠬᠡᠮᠵᠢᠶᠡᠨ ᠤ᠋ ᠡᠮ ᠡᠮᠨᠡᠯᠭᠡ᠎ᠶ᠋ᠢᠨ ᠵᠠᠷᠤᠯᠭ᠎ᠠ᠎ᠲᠠᠢ ᠬᠥᠮᠦᠰ ᠲᠤ᠌ ᠲᠥᠷᠦ᠎ᠶ᠋ᠢᠨ ᠪᠣᠳᠤᠯᠭ᠎ᠠ᠎ᠶ᠋ᠢᠨ ᠪᠠᠲᠤᠯᠠᠭ᠎ᠠ᠎ᠶ᠋ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠠᠩᠬᠠᠷᠤᠯ ᠲᠥᠪᠯᠡᠷᠡᠭᠦᠯᠵᠦ᠍᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠂ ᠠᠰᠠᠷᠠᠨ ᠬᠠᠷᠠᠭᠠᠯᠵᠠᠬᠤ ᠬᠡᠪᠴᠢᠶᠡᠨ᠎ᠳᠤ ᠬᠠᠷᠠᠬᠠᠨ ᠣᠷᠤᠭᠤᠯᠤᠭᠠᠳᠤᠢ ᠣᠨᠴᠠ ᠬᠦᠴᠢᠷᠳᠡᠯᠲᠡᠢ ᠡᠲᠡᠭᠡᠳ᠎ᠢ ᠨᠠᠷᠢᠯᠢᠭ ᠣᠨᠤᠪᠴᠢᠲᠠᠢ ᠪᠠᠢᠴᠠᠭᠠᠨ ᠤᠢᠯᠠᠭᠠᠪᠠ᠃
ᠠᠵᠢᠯᠯᠠᠭ᠎ᠠ ᠳᠡᠭᠡᠷ᠎ᠡ ᠬᠤᠩᠱᠠᠨ ᠲᠣᠭᠤᠷᠢᠭ ᠦᠨᠳᠦᠰᠦᠨ ᠱᠠᠲᠤᠨ᠎ᠤ ᠠᠪᠤᠷᠠᠨ ᠲᠤᠰᠠᠯᠠᠬᠤ ᠠᠵᠢᠯᠲᠠᠳ᠎ᠢ ᠨᠢᠭᠡᠳᠦᠯᠲᠡᠢ ᠲᠥᠯᠦᠪᠵᠢᠭᠦᠯᠦᠨ ᠲᠣᠬᠢᠷᠠᠭᠤᠯᠵᠤ᠂ ᠵᠡᠮᠳᠡᠭᠴᠦᠳ᠎ᠤᠨ ᠬᠤᠯᠪᠤᠭ᠎ᠠ᠂ ᠡᠮ ᠡᠮᠨᠡᠯᠭᠡ᠎ᠶ᠋ᠢᠨ ᠳᠠᠭᠠᠳᠭᠠᠯ᠎ᠤᠨ ᠴᠣᠩᠬᠤᠪᠴᠢ᠎ᠲᠠᠢ ᠬᠠᠮᠲᠤᠷᠠᠨ᠂ ᠲᠤᠭ᠎ᠠ ᠪᠠᠷᠢᠮᠲᠠ᠎ᠶ᠋ᠢ ᠰᠣᠯᠪᠢᠴᠠᠭᠤᠯᠤᠨ ᠬᠠᠷᠢᠴᠠᠭᠤᠯᠬᠤ ᠠᠵᠢᠯ ᠥᠷᠨᠢᠭᠦᠯᠵᠦ᠍᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠵᠢᠨ ᠬᠠᠷᠠᠭᠠᠯᠵᠠᠯ ᠬᠦᠷᠲᠡᠵᠤ ᠪᠠᠢᠬᠤ᠎ᠦᠭᠡᠢ᠂ ᠣᠨᠴᠠ ᠬᠦᠴᠢᠷᠳᠡᠯᠲᠡᠢ ᠠᠰᠠᠷᠠᠨ ᠬᠠᠷᠠᠭᠠᠯᠵᠠᠬᠤ ᠲᠥᠷᠦ᠎ᠶ᠋ᠢᠨ ᠪᠣᠳᠤᠯᠭ᠎ᠠ᠎ᠶ᠋ᠢ ᠬᠦᠷᠲᠡᠵᠤ ᠪᠠᠢᠬᠤ᠎ᠦᠭᠡᠢ ᠣᠯᠠᠨ ᠲᠦᠮᠡᠨ᠎ᠢ ᠭᠤᠤᠯᠳᠠᠯᠭ᠎ᠠ᠎ᠲᠠᠢ ᠰᠣᠩᠭᠤᠨ ᠪᠠᠢᠴᠠᠭᠠᠵᠤ᠂ ᠵᠢᠭᠰᠠᠭᠠᠨ ᠪᠠᠶ᠋ᠢᠴᠠᠭᠠᠬᠤ ᠨᠠᠷᠢᠨ ᠬᠠᠭᠤᠳᠠᠰᠤ᠎ᠶ᠋ᠢ ᠤᠷᠢᠳᠴᠢᠯᠠᠨ ᠲᠣᠭᠲᠠᠭᠠᠭᠠᠳ᠂ ᠬᠦᠴᠢᠷᠳᠡᠯᠲᠡᠢ ᠣᠯᠠᠨ ᠲᠦᠮᠡᠨ ᠢ᠋ ᠭᠤᠤᠯᠳᠠᠯᠭ᠎ᠠ ᠲᠠᠢ ᠪᠠᠢᠴᠠᠭᠠᠨ ᠤᠶ᠋ᠢᠯᠠᠭᠠᠭᠰᠠᠨ ᠪᠠᠢᠨ᠎ᠠ᠃ ᠡᠭᠦᠨ᠎ᠳᠤ 《ᠲᠣᠮᠤ ᠳ᠋ᠠᠶ᠋ᠢᠲ᠋ᠠ + ᠵᠢᠭᠰᠠᠭᠠᠨ ᠪᠠᠢᠴᠠᠭᠠᠬᠤ》 ᠠᠵᠢᠯ᠎ᠤᠨ ᠵᠠᠭᠪᠤᠷ᠎ᠢ ᠬᠡᠷᠡᠭᠵᠢᠭᠦᠯᠵᠦ᠍᠂ ᠰᠦᠯᠵᠢᠶᠡᠨ ᠳᠡᠭᠡᠷ᠎ᠠ ᠲᠤᠭ᠎ᠠ ᠪᠠᠷᠢᠮᠲᠠ᠎ᠶ᠋ᠢ ᠠᠩᠬ᠎ᠠ ᠰᠢᠭᠰᠢᠨ ᠪᠠᠶ᠋ᠢᠴᠠᠭᠠᠬᠤ ᠪᠡᠷ ᠲᠠᠮᠵᠢᠭᠤᠯᠤᠨ᠂ ᠵᠢᠭᠰᠠᠭᠠᠨ ᠪᠠᠶ᠋ᠢᠴᠠᠭᠠᠬᠤ ᠬᠡᠪᠴᠢᠶ᠎ᠡ ᠵᠢ ᠪᠠᠭᠠᠰᠬᠠᠵᠤ᠂ ᠪᠤᠳᠠᠳᠤ ᠠᠬᠤᠢ᠎ᠳᠤ ᠡᠷᠦᠬᠡ ᠳᠠᠷᠠᠭᠠᠯᠠᠨ ᠲᠤᠬᠠᠢ᠎ᠶ᠋ᠢᠨ ᠭᠠᠵᠠᠷ᠎ᠲᠤᠨᠢ ᠬᠦᠷᠴᠦ ᠰᠤᠷᠪᠤᠯᠵᠢᠯᠠᠵᠤ᠂ ᠬᠠᠷᠢᠶ᠎ᠠ ᠲᠤᠭᠤᠷᠢᠭ ᠤ᠋ᠨ ᠵᠢᠡᠨ ᠬᠦᠨᠳᠦ ᠵᠡᠮᠳᠡᠭᠷᠡᠭᠰᠡᠨ ᠦᠨᠡᠮᠯᠡᠯ ᠲᠠᠢ ᠭᠦᠮᠦᠰ᠂ ᠡᠮᠴᠢᠯᠡᠭᠡᠨ᠎ᠤ ᠥᠪᠡᠷ᠎ᠤᠨ ᠲᠤᠰᠢᠶᠠᠬᠤ ᠵᠠᠷᠤᠳᠠᠯ᠎ᠨᠢ 1 ᠲᠦᠮᠡᠨ ᠲᠥᠭᠦᠷᠢᠭ᠎ᠡᠴᠡ ᠬᠡᠲᠦᠷᠡᠭᠰᠡᠨ ᠬᠥᠮᠦᠰ᠎ᠤᠨ ᠬᠡᠷ ᠪᠦᠯᠢ᠎ᠶ᠋ᠢᠨ ᠣᠷᠤᠯᠭ᠎ᠠ᠂ ᠡᠳ᠋ ᠬᠥᠷᠦᠩᠭᠡ᠂ ᠡᠷᠬᠡᠪᠰᠢ ᠪᠠᠳᠤᠯᠠᠬᠤ ᠵᠠᠷᠤᠯᠭ᠎ᠠ᠂ ᠬᠢᠨᠠᠨ ᠬᠠᠷᠠᠭᠠᠯᠵᠠᠬᠤ ᠵᠡᠷᠭᠡ ᠪᠣᠳᠠᠲᠤ᠌ ᠪᠠᠶ᠋ᠢᠳᠠᠯ᠎ᠢ ᠪᠥᠬᠦ᠌ ᠲᠠᠯ᠎ᠠ᠎ᠪᠠᠷ ᠲᠣᠳᠤᠷᠬᠠᠢ ᠣᠶ᠋ᠢᠯᠠᠭᠠᠵᠤ᠂ ᠠᠪᠤᠷᠠᠨ ᠲᠤᠰᠠᠯᠠᠬᠤ ᠬᠡᠪᠴᠢᠶᠡᠨ᠎ᠳᠤ ᠣᠷᠤᠭᠤᠯᠤᠭᠰᠠᠨ ᠥᠬᠡᠢ ᠬᠥᠮᠦᠰ᠎ᠤᠨ ᠪᠣᠳᠠᠲᠠᠢ ᠰᠢᠯᠲᠠᠭᠠᠨ᠎ᠢ ᠨᠠᠷᠢᠨ ᠨᠢᠮᠪᠠᠢ ᠲᠡᠮᠳᠡᠭᠯᠡᠨ᠂ ᠣᠷᠤᠯᠭ᠎ᠠ᠎ᠶ᠋ᠢᠨ ᠪᠠᠷᠢᠮᠵᠢᠶ᠎ᠠ᠎ᠡᠴᠡ ᠬᠡᠲᠦᠷᠡᠭᠰᠡᠨ᠂ ᠡᠳ᠋ ᠬᠥᠷᠦᠩᠭᠡ᠎ᠶ᠋ᠢᠨ ᠪᠠᠷᠢᠮᠵᠢᠶ᠎ᠠ᠎ᠡᠴᠡ ᠬᠡᠲᠦᠷᠡᠭᠰᠡᠨ᠂ ᠲᠦᠷ ᠴᠠᠭ ᠠᠵᠢᠯ ᠬᠢᠵᠦ᠍ ᠣᠷᠤᠯᠭ᠎ᠠ᠎ᠪᠠᠨ ᠨᠡᠮᠡᠭᠳᠡᠭᠦᠯᠵᠤ ᠪᠠᠢᠬᠣ᠂ ᠲᠥᠷᠦ᠎ᠶ᠋ᠢᠨ ᠪᠣᠳᠤᠯᠭ᠎ᠠ᠎ᠶ᠋ᠢ ᠤᠢᠯᠠᠭᠠᠵᠤ ᠮᠡᠳᠡᠬᠦ ᠬᠡᠮᠵᠢᠶ᠎ᠡ ᠳᠣᠣᠷ᠎ᠠ ᠵᠡᠷᠭᠡ ᠪᠠᠶ᠋ᠢᠳᠠᠯ᠎ᠢ ᠲᠥᠷᠦᠯ ᠬᠤᠪᠢᠶᠠᠨ ᠡᠮᠬᠢᠯᠡᠪᠠ᠃ ᠵᠢᠭᠰᠠᠭᠠᠨ ᠪᠠᠶ᠋ᠢᠴᠠᠭᠠᠵᠤ ᠭᠠᠷᠭᠠᠭᠰᠠᠨ ᠬᠦᠨᠳᠦ ᠵᠡᠮᠳᠡᠭᠷᠡᠭᠰᠡᠨ ᠬᠦᠮᠦᠰ᠂ ᠭᠦᠨᠳᠤ ᠡᠪᠡᠳᠴᠢᠲᠡᠳ ᠲᠤ᠌ ᠴᠢᠭᠯᠡᠭᠦᠯᠦᠨ᠂ ᠲᠤᠰᠭᠠᠢ ᠵᠢᠭᠰᠠᠭᠠᠨ ᠪᠠᠶ᠋ᠢᠴᠠᠭᠠᠬᠤ ᠡᠬᠡ ᠲᠠᠩᠰᠠ ᠪᠠᠶ᠋ᠢᠭᠤᠯᠵᠤ᠂ ᠮᠡᠳᠡᠭᠡ ᠵᠠᠩᠭᠢ᠎ᠨᠢ ᠨᠠᠷᠢᠨ ᠪᠣᠳᠠᠲᠠᠢ᠂ ᠰᠠᠭᠤᠷᠢ ᠲᠤᠭ᠎ᠠ ᠲᠣᠳᠤᠷᠬᠠᠢ᠂ ᠰᠢᠯᠲᠠᠭᠠᠨ᠎ᠨᠢ ᠲᠣᠳᠤᠷᠬᠠᠢ ᠪᠠᠶ᠋ᠢᠬᠤ᠎ᠶ᠋ᠢ ᠪᠠᠳᠤᠯᠠᠨ᠂ ᠠᠪᠤᠷᠠᠨ ᠲᠤᠰᠠᠯᠠᠬᠤ ᠬᠢᠷᠢ ᠬᠡᠮ᠎ᠢ ᠶᠡᠷᠦᠩᠬᠡᠶ᠋ᠢᠯᠡᠨ ᠰᠤᠳᠤᠯᠤᠨ ᠮᠠᠭᠠᠳᠯᠠᠬᠤ ᠠᠵᠢᠯ ᠢ᠋ ᠵᠡᠷᠭᠡ᠎ᠳᠤ᠎ᠨᠢ ᠥᠷᠨᠢᠭᠦᠯᠵᠦ᠍᠂ ᠨᠠᠭᠠᠳᠤ ᠵᠠᠬ᠎ᠠ᠎ᠶ᠋ᠢᠨ ᠪᠠᠲᠤᠯᠠᠭ᠎ᠠ ᠬᠠᠡᠭᠭᠠᠬᠣᠶ᠋ᠢ ᠠᠯᠬᠤᠮ ᠲᠠᠷᠠᠭᠠᠯᠠᠯ᠎ᠳᠤ ᠣᠷᠤᠭᠤᠯᠤᠨ ᠭᠦᠢᠴᠡᠳᠬᠡᠬᠦ᠎ᠶ᠋ᠢ ᠲᠠᠰ ᠬᠤᠪᠢᠶᠠᠨ ᠲᠥᠷᠦᠯ ᠬᠤᠪᠢᠶᠠᠨ ᠠᠬᠢᠭᠤᠯᠪᠠ᠃
ᠬᠤᠩᠱᠠᠨ ᠲᠣᠭᠤᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶ᠋ᠢᠨ ᠨᠡᠶ᠋ᠢᠭᠡᠮ᠎ᠤᠨ ᠠᠪᠤᠷᠠᠨ ᠲᠤᠰᠠᠯᠠᠬᠤ ᠲᠠᠰᠤᠭ᠎ᠤᠨ ᠬᠠᠷᠢᠭᠤᠴᠠᠯᠭᠠᠲᠠᠨ ᠪᠦᠦ ᠰᠢᠨ᠎ᠤ ᠲᠠᠨᠢᠯᠴᠠᠭᠤᠯᠬᠤ᠎ᠪᠡᠷ᠂ ᠲᠤᠰ ᠤᠳᠠᠭᠠᠨ ᠤ᠋ ᠠᠵᠢᠯᠯᠠᠭ᠎ᠠ᠎ᠳᠤ ᠬᠦᠨᠳᠦ ᠵᠡᠮᠳᠡᠭᠷᠡᠭᠰᠡᠨ ᠦᠨᠡᠮᠯᠡᠯ᠎ᠲᠠᠢ 1663 ᠬᠥᠮᠦᠨ᠎ᠢ ᠪᠠᠶ᠋ᠢᠴᠠᠭᠠᠨ ᠣᠶ᠋ᠢᠯᠠᠭᠠᠵᠤ᠂ ᠰᠤᠳᠤᠯᠤᠨ ᠮᠠᠭᠠᠳᠯᠠᠭᠰᠠᠨ ᠤ᠋ ᠳᠠᠷᠠᠭ᠎ᠠ 16 ᠬᠥᠮᠦᠨ᠎ᠢ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠵᠢᠨ ᠬᠠᠷᠠᠭᠠᠯᠵᠠᠯ ᠬᠦᠷᠲᠡᠬᠦ ᠬᠡᠪᠴᠢᠶᠡᠨ ᠳ᠋ᠦ ᠣᠷᠤᠭᠤᠯᠬᠤ᠎ᠪᠠᠷ ᠲᠥᠯᠦᠪᠯᠡᠵᠦ᠍᠂ ᠣᠳᠤᠬᠠᠨ᠎ᠳᠤ ᠨᠢᠭᠡᠨᠲᠡ 13 ᠬᠥᠮᠦᠨ᠎ᠤ ᠤᠷᠤᠭᠤᠯᠬᠤ ᠠᠵᠢᠯ ᠢ᠋ ᠭᠦᠢᠴᠡᠳᠬᠡᠵᠦ᠍᠂ ᠦᠯᠡᠳᠡᠭᠰᠡᠨ ᠬᠥᠮᠦᠰ ᠤ᠋ᠨ ᠠᠵᠤ ᠠᠬᠤᠢ᠎ᠶ᠋ᠢᠨ ᠪᠠᠶ᠋ᠢᠳᠠᠯ᠎ᠢ ᠬᠠᠷᠭᠤᠭᠤᠯᠬᠤ ᠪᠠ ᠡᠷᠦᠬᠡ᠎ᠳᠤ ᠬᠦᠷᠴᠦ᠍ ᠳᠠᠬᠢᠨ ᠬᠢᠨᠠᠬᠤ ᠠᠵᠢᠯ ᠢ᠋ ᠥᠷᠨᠢᠭᠦᠯᠵᠦ᠍ ᠪᠠᠶ᠋ᠢᠨ᠎ᠠ᠃ ᠡᠮᠨᠡᠯᠭᠡ᠎ᠳᠤ ᠰᠠᠭᠤᠵᠤ ᠡᠮᠴᠢᠯᠡᠬᠦᠯᠦᠭᠰᠡᠨ ᠪᠠ ᠡᠭᠦᠳᠡᠨ ᠡᠮᠨᠡᠯᠭᠡ ᠳ᠋ᠦ ᠡᠮᠴᠢᠯᠡᠬᠦᠯᠦᠭᠰᠡᠨ ᠥᠪᠡᠷ᠎ᠢᠶᠠᠨ ᠲᠤᠰᠢᠶᠠᠬᠤ ᠰᠦᠢᠳᠭᠡᠯ ᠨᠢ ᠲᠦᠮᠡᠨ ᠲᠥᠭᠦᠷᠢᠭ᠎ᠡᠴᠡ ᠳᠠᠪᠠᠭᠰᠠᠨ ᠡᠪᠡᠳᠴᠢᠲᠡᠨ 1054 ᠪᠠᠶ᠋ᠢᠵᠤ᠂ 8 ᠰᠠᠷ᠎ᠠ᠎ᠳᠤ ᠨᠢᠭᠡᠨᠲᠡ ᠨᠥᠬᠦᠴᠡᠯ᠎ᠳᠤ ᠨᠡᠶ᠋ᠢᠴᠡᠭᠰᠡᠨ 11 ᠬᠦᠮᠦᠨ᠎ᠢ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠠᠷᠠᠭᠠᠯᠵᠠᠯ ᠬᠦᠷᠲᠡᠬᠦ ᠬᠡᠪᠴᠢᠶᠡᠨ ᠳ᠋ᠤ ᠣᠷᠤᠭᠤᠯᠤᠭᠰᠠᠨ ᠭᠡᠨ᠎ᠡ᠃
ᠬᠤᠩᠱᠠᠨ ᠲᠣᠭᠤᠷᠢᠭ ᠲᠣᠰ ᠤᠳᠠᠭᠠᠨ᠎ᠤ ᠲᠤᠰᠭᠠᠢ ᠵᠢᠭᠰᠠᠭᠠᠨ ᠪᠠᠶ᠋ᠢᠴᠠᠭᠠᠭᠰᠠᠨ ᠦᠷ᠎ᠡ ᠪᠦᠲᠦᠮᠵᠢ ᠪᠡᠷ ᠰᠠᠭᠤᠷᠢ ᠪᠣᠯᠭᠠᠵᠤ᠂ ᠭᠤᠤᠯᠳᠠᠯᠭ᠎ᠠ᠎ᠲᠠᠢ ᠬᠦᠴᠢᠷᠳᠡᠯᠲᠡᠢ ᠬᠥᠮᠦᠰ᠎ᠢ ᠰᠤᠷᠪᠤᠯᠵᠢᠯᠠᠨ ᠵᠢᠭᠰᠠᠭᠠᠨ ᠪᠠᠶ᠋ᠢᠴᠠᠭᠠᠬᠤ᠎ᠶ᠋ᠢ ᠪᠠᠶ᠋ᠢᠩᠭᠤ ᠥᠷᠨᠢᠭᠦᠯᠵᠦ᠍᠂ ᠬᠦᠨᠳᠦ ᠵᠡᠮᠳᠡᠭᠷᠡᠭᠰᠡᠳ ᠤ᠋ᠨ ᠠᠮᠢᠳᠣᠷᠠᠯ ᠤ᠋ᠨ ᠦᠨᠳᠣᠰᠣᠨ ᠵᠣᠢᠯ ᠤ᠋ᠨ ᠪᠠᠲᠤᠯᠠᠬᠤ ᠶᠣᠰᠤᠲᠠᠢᠶ᠋ᠢᠨᠢ ᠪᠦᠬᠦᠨ᠎ᠢ ᠪᠠᠳᠤᠯᠠᠵᠤ᠂ ᠠᠪᠤᠷᠠᠨ ᠲᠤᠰᠠᠯᠠᠬᠤ ᠶᠣᠰᠤᠲᠠᠢᠶ᠋ᠢᠨᠢ ᠪᠦᠬᠦᠨ᠎ᠢ ᠠᠪᠤᠷᠠᠨ ᠲᠤᠰᠠᠯᠠᠬᠤ᠎ᠶ᠋ᠢ ᠦᠨᠡᠨᠬᠦ᠌ ᠪᠠᠳᠤᠯᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃