ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-10-24 17:46:01

ᠵᠣᠬᠢᠶᠠᠭ᠍ᠴᠢ᠄ ᠰᠦᠨ ᠯᠢ ᠶᠢᠡᠭ ᠣᠩᠱᠢᠭ᠍ᠰᠠᠨ ᠣᠳᠠᠭ᠎ᠠ᠄ 3

ᠬᠦᠬᠡᠬᠣᠲᠠ᠎ᠶᠢᠨ 2026 ᠣᠨ᠎ᠤ ᠠᠰᠠᠷᠠᠨ ᠬᠠᠷᠠᠭᠠᠯᠵᠠᠬᠤ ᠡᠲᠡᠭᠡᠳ᠎ᠦᠨ ᠣᠨ᠎ᠤ ᠨᠤᠲᠠᠯᠠᠬᠤ ᠠᠵᠢᠯ᠎ᠢ ᠨᠠᠢᠳᠠᠪᠤᠷᠢᠵᠢᠭᠤᠯᠬᠤ᠎ᠶᠢᠨ ᠲᠥᠯᠥᠭᠡ᠂ ᠣᠢᠷ᠎ᠠ᠎ᠳᠤ ᠬᠦᠬᠡᠬᠣᠲᠠ᠎ᠶᠢᠨ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ ᠲᠦᠮᠡᠳ ᠵᠡᠭᠦᠨ ᠬᠣᠰᠢᠭᠤ᠂ ᠲᠤᠬᠳᠠᠬᠤ ᠰᠢᠶᠠᠨ᠂ ᠬᠣᠷᠢᠨᠭᠡᠷ ᠰᠢᠶᠠᠨ᠂ ᠴᠢᠩ ᠱᠦᠢ ᠾᠧ ᠰᠢᠶᠠᠨ᠂ ᠦᠴᠦᠸᠠᠨ ᠰᠢᠶᠠᠨ ᠵᠡᠷᠭᠡ ᠭᠠᠵᠠᠷ ᠲᠸ᠋ ᠬᠦᠷᠴᠦ᠂ ᠦᠷᠡᠭᠳᠡᠭᠰᠡᠨ ᠪᠠᠭᠠᠲᠤᠷ᠎ᠤᠨ ᠦᠨᠳᠦᠷ ᠨᠠᠰᠤᠳᠠᠢ ᠬᠡᠦᠬᠡᠳ᠂ ᠳᠠᠢ᠍ᠢᠨ᠎ᠳᠦ ᠣᠷᠣᠯᠴᠠᠬᠰᠠᠨ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠂ ᠪᠦᠬᠦᠯᠢ 60 ᠨᠠᠰᠤᠨ᠎ᠠᠴᠠ ᠳᠡᠭᠡᠭᠰᠢᠬᠢ ᠬᠥᠳᠡᠭᠡ ᠲᠣᠰᠬᠣᠨ᠎ᠤ ᠡᠷᠦᠬᠡ ᠠᠮᠠ᠎ᠲᠠᠢ ᠴᠡᠷᠢᠭ ᠤ᠋ᠨ ᠠᠯᠪᠠ᠎ᠡᠴᠡ ᠬᠠᠯᠠᠭᠳᠠᠭᠰᠠᠨ ᠪᠠᠢᠯᠳᠤᠭ᠍ᠴᠢ ᠵᠡᠷᠭᠡ 22 ᠡᠷᠦᠬᠡ ᠠᠰᠠᠷᠠᠨ ᠬᠠᠷᠠᠭᠠᠯᠵᠠᠨ ᠡᠲᠡᠭᠡᠳ ᠢ᠋ ᠰᠤᠭᠤᠴᠢᠨ ᠪᠠᠢᠴᠠᠭᠠᠪᠠ᠃ 

ᠠᠵᠢᠯᠳᠠᠳ ᠡᠷᠦᠬᠡ᠎ᠳᠦ ᠣᠷᠣᠵᠤ ᠰᠤᠷᠪᠤᠯᠵᠢᠯᠠᠬᠤ ᠪᠠ ᠲᠤᠬᠠᠢ᠎ᠶᠢᠨ ᠭᠠᠵᠠᠷ ᠲᠤᠨᠢ ᠬᠢᠨᠠᠨ ᠨᠤᠳᠠᠯᠠᠬᠤ᠎ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠋᠎ᠢᠶᠠᠷ ᠠᠰᠠᠷᠠᠨ ᠬᠠᠷᠠᠭᠠᠯᠵᠠᠬᠤ ᠡᠲᠡᠭᠡᠳ᠎ᠦᠨ ᠦᠨᠳᠦᠰᠦᠨ ᠮᠡᠳᠡᠭᠡ ᠵᠠᠩᠭᠢ᠂ ᠠᠰᠠᠷᠠᠮᠵᠢ᠎ᠶᠢᠨ ᠨᠥᠬᠥᠪᠦᠷᠢ ᠪᠡᠯᠡ ᠮᠥᠩᠭᠥ᠎ᠣᠯᠭᠣᠭᠰᠠᠨ ᠪᠠᠢᠳᠠᠯ ᠢ᠋ ᠬᠠᠷᠭᠤᠭᠤᠯᠵᠤ᠂ ᠠᠰᠠᠷᠠᠨ ᠬᠠᠷᠠᠭᠠᠯᠵᠠᠬᠤ ᠡᠲᠡᠭᠡᠳ᠎ᠦᠨ ᠪᠡᠶ᠎ᠡ᠎ᠶᠢᠨ ᠪᠠᠢᠳᠠᠯ᠂ ᠠᠮᠢᠳᠤᠷᠠᠯ ᠪᠠ ᠦᠵᠡᠯ ᠰᠠᠨᠠᠭᠠᠨ᠎ᠤ ᠪᠠᠢᠳᠠᠯ ᠢ᠋ ᠬᠢᠨᠠᠮᠠᠭᠠᠢ ᠤᠢᠯᠠᠭᠠᠵᠠᠢ᠃

ᠲᠠᠷᠠᠭᠠᠴᠢ᠎ᠪᠡᠷ᠂ ᠬᠦᠬᠡᠬᠣᠲᠠ᠎ᠶᠢᠨ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠶᠢ ᠦᠷᠭᠦᠯᠵᠢᠯᠡᠨ ᠪᠣᠳᠠᠲᠠᠢᠵᠢᠭᠤᠯᠵᠤ᠂ ᠲᠤᠬᠠᠢᠯᠠᠭᠰᠠᠨ ᠠᠵᠢᠯ᠎ᠤᠨ ᠵᠢᠯᠣᠭᠣᠳᠤᠯᠭ᠎ᠠ᠎ᠪᠠᠨ ᠴᠢᠩᠭᠠᠳᠬᠠᠵᠤ᠂ ᠡᠯ᠎ᠡ ᠵᠦᠢᠯ᠎ᠦᠨ ᠠᠰᠠᠷᠠᠨ ᠬᠠᠷᠠᠭᠠᠯᠵᠠᠬᠤ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠠᠰᠠᠷᠠᠨ ᠬᠠᠷᠠᠭᠠᠯᠵᠠᠬᠤ ᠡᠲᠡᠭᠡᠳ᠎ᠦᠨ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠢᠷᠠᠭᠤ ᠠᠯᠳᠠᠷ᠎ᠤᠨ ᠲᠥᠷᠥᠭᠳᠡᠯ᠎ᠢ ᠨᠢ ᠦᠨᠡᠨ ᠬᠦ᠌ ᠨᠡᠮᠡᠭᠳᠡᠭᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面