ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-10-24 17:33:57

ᠵᠣᠬᠢᠶᠠᠭ᠍ᠴᠢ᠄ ᠸᠠᠩ ᠶᠠ ᠵᠢᠩ ᠣᠩᠱᠢᠭ᠍ᠰᠠᠨ ᠣᠳᠠᠭ᠎ᠠ᠄ 3

《 ᠣᠲᠣ ᠨᠠᠰᠤᠨ ᠤ᠋ ᠠᠮᠠᠷᠠᠯᠲᠠ ᠠᠪᠬᠤ ᠭᠠᠷ ᠭᠦᠶ᠋ᠴᠡᠳᠭᠡᠯ ᠬᠢᠬᠦ ᠳ᠋ᠤ ᠪᠠᠷᠤᠭ  3 — 5 ᠡᠳᠦᠷ ᠯᠡ ᠭᠡᠷᠡᠭᠰᠡᠬᠦ ᠪᠤᠯᠵᠠᠢ᠃ ᠤᠤᠯ ᠨᠢ ᠭᠠᠷ ᠬᠦᠢᠴᠡᠳᠭᠡᠯ ᠬᠢᠬᠦ ᠡᠴᠡ ᠡᠮᠤᠨ᠎ᠠ ᠬᠥᠳᠡᠯᠮᠦᠷᠢ ᠵᠢᠨ ᠭᠡᠷ᠎ᠡ ᠪᠠ ᠠᠵᠢᠯ ᠡᠴᠡ ᠪᠡᠨ ᠠᠮᠠᠷᠠᠬᠤ ᠬᠢᠨᠠᠨ ᠵᠥᠪᠱᠢᠶᠡᠷᠡᠭ᠌ᠰᠡᠨ ᠬᠦᠰᠦᠨᠦᠭ᠌ᠲᠦ ᠵᠡᠷᠭᠡ ᠶ᠋ᠢ ᠲᠤᠰᠢᠶᠠᠭᠰᠠᠨ ᠪᠠᠢᠬᠤ ᠭᠡᠷᠡᠭᠳᠡᠢ᠃ ᠤᠳᠤ ᠡᠨᠡ ᠬᠡᠳᠦᠨ ᠬᠦᠰᠦᠨᠦᠭ᠌ᠲᠦ᠍ ᠶ᠋ᠢ ᠨᠡᠢᠯᠡᠭᠦᠯᠦᠭᠡᠳ 1 ᠡᠴᠡ 2  ᠬᠠᠭᠤᠳᠠᠰᠤ ᠮᠠᠲ᠋ᠧᠷᠢᠶᠠᠯ ᠪᠣᠯᠭᠠᠵᠠᠢ᠃ ᠡᠨᠡ ᠨᠢ ᠮᠠᠨ  ᠤ᠋ ᠠᠵᠤ ᠠᠬᠤᠢᠯᠠᠯ ᠤ᠋ᠨ ᠳᠠᠷᠤᠭᠠᠰᠤ ᠶ᠋ᠢ ᠮᠠᠰᠢ ᠶᠡᠬᠡ ᠬᠥᠩᠭᠡᠷᠡᠭᠦᠯᠪᠡ 》 ᠭᠡᠵᠤ ᠱᠢᠨ᠎ᠡ ᠬᠣᠲᠠ ᠵᠣᠴᠢᠳ  ᠤ᠋ᠨ ᠪᠠᠭᠤᠳᠠᠯ ᠤ᠋ᠨ ᠪᠦᠯᠦᠭ᠌ᠯᠡᠯ  ᠤ᠋ᠨ ᠬᠥᠮᠦᠨ ᠤ᠋ ᠬᠦᠴᠦᠨ ᠤ᠋ ᠡᠬᠢ ᠪᠠᠶᠠᠯᠢᠭ ᠤ᠋ᠨ ᠬᠡᠯᠲᠡᠰ ᠤ᠋ᠨ ᠠᠵᠢᠯᠲᠠᠨ ᠡᠸ᠋ ᠱᠢᠤᠸᠠᠨ ᠬᠥᠬᠡᠬᠣᠲᠠ ᠵᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠢᠨ ᠦᠶ᠋ᠯᠡᠴᠢᠯᠡᠭᠡᠨ ᠤ᠋ ᠲᠢᠩᠬᠢᠮ᠎ᠳᠦ ᠭᠠᠷ ᠭᠦᠶ᠋ᠴᠡᠳᠭᠡᠯ ᠵᠢᠡᠨ ᠬᠢᠵᠤ ᠲᠠᠭᠤᠰᠤᠭᠰᠠᠨ᠎ᠤ ᠲᠠᠷᠠᠭ᠎ᠠ ᠰᠤᠷᠪᠤᠯᠵᠢᠯᠠᠭᠴᠢ᠎ᠳᠤ ᠭᠡᠯᠡᠨ᠎ᠠ᠃

ᠣᠯᠠᠨ ᠲᠦᠮᠡᠨ ᠤ᠋ ᠦᠶ᠋ᠯᠡᠴᠢᠯᠡᠭᠡ ᠶ᠋ᠢ ᠪᠡᠶᠡᠴᠢᠯᠡᠨ ᠣᠢᠯᠠᠭᠠᠵᠤ ᠳᠡᠭᠡᠭ᠌ᠰᠢᠯᠡᠭᠦᠯᠦᠭᠰᠡᠨ ᠨᠢ ᠬᠥᠬᠡᠬᠣᠲᠠ ᠵᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠢᠨ ᠦᠶ᠋ᠯᠡᠴᠢᠯᠡᠭᠡᠨ ᠤ᠋ ᠣᠷᠳᠣ ᠬᠤᠭᠤᠴᠠᠭᠠᠨ ᠤ᠋ ᠪᠦᠲᠦᠮᠵᠢᠲᠡᠶ ᠲᠣᠭ᠍ᠲᠠᠴᠠ ᠶ᠋ᠢᠨ ᠥᠭᠡᠷᠡᠴᠢᠯᠡᠯᠳᠠ ᠲᠡᠭᠡᠭᠰᠢᠯᠡᠯᠳᠠ ᠪᠤᠯᠬᠤ ᠶᠤᠮ᠃

ᠬᠥᠬᠡᠬᠣᠲᠠ 《ᠪᠠᠷᠢᠮᠵᠢᠶ᠎ᠠ ᠶ᠋ᠢ ᠳᠡᠭᠡᠭ᠌ᠰᠢᠯᠡᠭᠦᠯᠦᠨ ᠠᠷᠭ᠎ᠠ ᠬᠡᠮᠵᠢᠶ᠎ᠡ ᠶ᠋ᠢ ᠱᠢᠯᠢᠳᠡᠭ᠌ᠵᠢᠭᠦᠯᠵᠦ᠍᠂ ᠲᠣᠭ᠍ᠲᠠᠴᠠ ᠶ᠋ᠢ ᠪᠠᠢᠭᠤᠯᠤᠨ ᠦᠶ᠋ᠯᠡᠴᠢᠯᠡᠭᠡ ᠶ᠋ᠢ ᠱᠢᠯᠢᠳᠡᠭ᠌ᠵᠢᠭᠦᠯᠬᠦ᠌ 》 ᠭᠤᠤᠯ ᠡᠭᠦᠷᠭᠡ᠎ᠳᠦ ᠠᠩᠬᠠᠷᠤᠯ ᠵᠢᠡᠨ ᠲᠥᠪᠯᠡᠷᠡᠭᠦᠯᠵᠦ᠍᠂ ᠪᠥᠬᠥ᠌ ᠬᠣᠲᠠ  ᠵᠢᠨ ᠬᠥᠮᠦᠨ  ᠤ᠋ ᠬᠦᠴᠦᠨ  ᠤ᠋ ᠡᠬᠢ ᠪᠠᠶᠠᠯᠢᠭ ᠪᠠ ᠨᠡᠢᠭᠡᠮ  ᠤ᠋ᠨ ᠪᠠᠲᠤᠯᠠᠭ᠎ᠠ ᠵᠢᠨ ᠬᠦᠷᠢᠶ᠎ᠡ ᠴᠠᠷᠠᠭ᠎ᠠ  ᠵᠢᠨ ᠬᠢᠨ  ᠢ᠋ ᠬᠦᠲᠦᠯᠦᠨ ᠳᠠᠭᠠᠭᠤᠯᠵᠤ ᠠᠷᠠᠳ  ᠤ᠋ᠨ ᠠᠮᠢᠳᠤᠷᠠᠯ  ᠤ᠋ᠨ 《 ᠪᠠᠭ᠎ᠠ ᠶᠠᠪᠤᠳᠠᠯ 》 ᠳ᠋ᠤ ᠰᠠᠭᠤᠷᠢᠯᠠᠨ ᠣᠨᠣᠪᠴᠢᠲᠠᠶ ᠰᠢᠢᠳᠪᠤᠷᠢᠯᠡᠬᠦ ᠭᠠᠷᠳᠠᠴᠠ ᠶ᠋ᠢ ᠤᠯᠵᠤ᠂ 《ᠠᠵᠢᠯ ᠶᠠᠪᠤᠳᠠᠯ ᠭᠦᠶ᠋ᠴᠡᠳᠭᠡᠬᠦ ᠳ᠋ᠤ ᠠᠷᠤ ᠡᠬᠦᠳᠠ ᠶᠠᠪᠤᠬᠤ ᠦᠭᠡᠢ 》 ᠲᠤᠰᠭᠠᠶ ᠠᠵᠢᠯᠯᠠᠭ᠎ᠠ ᠶ᠋ᠢ ᠱᠢᠨ᠎ᠡ ᠶ᠋ᠢ ᠡᠭᠦᠳᠦᠨ ᠥᠷᠨᠢᠭᠦᠯᠵᠦ᠍᠂ ᠦᠶ᠋ᠯᠡᠴᠢᠯᠡᠭᠡ  ᠶ᠋ᠢ  《ᠭᠦᠶ᠋ᠴᠡᠳᠭᠡᠵᠦ᠍ ᠳᠡᠢᠯᠬᠦ᠌》 ᠡᠴᠡ  《ᠠᠮᠠᠷᠬᠠᠨ ᠭᠦᠶ᠋ᠴᠡᠳᠭᠡᠬᠦ᠂ ᠲᠦᠷᠭᠡᠨ ᠭᠦᠶ᠋ᠴᠡᠳᠭᠡᠬᠦ᠌᠂ ᠰᠡᠳᠭᠢᠯ ᠲᠠᠭᠠᠯᠠᠮᠵᠢᠳᠠᠢ ᠭᠦᠶ᠋ᠴᠡᠳᠭᠡᠬᠦ᠌ 》 ᠲᠡᠢᠰᠢ ᠬᠤᠪᠢᠷᠠᠭᠤᠯᠬᠤ ᠶ᠋ᠢ ᠢᠳᠡᠪᠬᠢᠲᠡᠶ ᠠᠬᠢᠭᠤᠯᠵᠤ ᠪᠣᠶ᠃

ᠬᠠᠷᠠᠯᠲᠠ᠎ᠲᠠᠶ ᠪᠡᠷ ᠪᠣᠭᠣᠮᠲᠠ ᠱᠢᠪᠲᠤᠯᠵᠤ ᠠᠷᠠᠳ ᠤ᠋ᠨ ᠠᠮᠢᠳᠤᠷᠠᠯ ᠤ᠋ᠨ ᠲᠦᠭ᠌ᠵᠢᠷᠡᠯ ᠲᠠᠢ ᠬᠦᠴᠢᠷ ᠠᠰᠠᠭᠤᠳᠠᠯ ᠢ᠋ ᠱᠢᠢᠳᠪᠦᠷᠢᠯᠡᠪᠡ᠃ ᠲᠣᠭ᠍ᠲᠠᠴᠠ ᠶ᠋ᠢ ᠳᠠᠬᠢᠨ ᠴᠣᠭ᠍ᠴᠠᠯᠠᠵᠤ᠂ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠢᠨ ᠦᠶ᠋ᠯᠡᠴᠢᠯᠡᠭᠡ ᠶ᠋ᠢ 《ᠰᠠᠨᠠᠭᠠᠴᠢᠯᠠᠭ᠎ᠠ ᠥᠬᠡᠶ ᠴᠤᠤᠷᠢᠶᠠᠳᠤᠨ ᠳᠠᠭᠠᠬᠤ 》 ᠡᠴᠡ 《 ᠰᠠᠨᠠᠭᠠᠴᠢᠯᠠᠭ᠎ᠠ ᠲᠠᠢ ᠪᠡᠷ ᠠᠰᠠᠭᠤᠳᠠᠯ ᠢ᠋ ᠱᠢᠶ᠋ᠳᠪᠦᠷᠢᠯᠡᠬᠦ᠌ 》 ᠲᠡᠢᠰᠢ ᠬᠤᠪᠢᠷᠠᠭᠤᠯᠬᠤ ᠶ᠋ᠢ ᠠᠬᠢᠭᠤᠯᠬᠤ ᠵᠢᠨ ᠲᠥᠯᠥᠭᠡ᠂ 《ᠠᠵᠢᠯ ᠶᠠᠪᠤᠳᠠᠯ ᠭᠦᠶ᠋ᠴᠡᠳᠭᠡᠬᠦ ᠳ᠋ᠤ ᠠᠷᠤ ᠡᠬᠦᠳᠠ ᠶᠠᠪᠤᠬᠤ ᠦᠭᠡᠢ 》 ᠪᠠᠢᠬᠤ ᠲᠦᠷᠢᠮ ᠤ᠋ᠨ ᠰᠠᠭᠤᠷᠢ ᠶ᠋ᠢ ᠪᠡᠬᠢᠵᠢᠭᠦᠯᠤᠨ᠂ ᠬᠥᠬᠡᠬᠣᠲᠠ  ᠪᠥᠬᠥ᠌ ᠣᠷᠣᠨ ᠪᠦᠰᠡ᠎ᠳᠦ ᠪᠦᠬᠦᠨ ᠢ᠋ ᠵᠢᠭ᠍ᠰᠠᠭᠠᠨ ᠪᠠᠢᠴᠠᠭᠠᠵᠤ᠂ ᠪᠢᠲᠡᠭᠦᠮᠵᠢᠯᠡᠨ ᠳ᠋ᠤᠭᠠᠷ ᠬᠠᠰᠤᠬᠤ ᠲᠣᠪᠣᠢᠮ᠎ᠠ ᠠᠰᠠᠭᠤᠳᠠᠯ ᠢ᠋ ᠴᠡᠭ᠌ᠴᠡᠯᠡᠨ ᠵᠠᠰᠠᠪᠠ᠃ᠬᠣᠶᠠᠷ ᠡᠭᠡᠯᠵᠢ ᠵᠢᠨ ᠠᠰᠠᠭᠤᠳᠠᠯ ᠢ᠋ ᠦᠨᠳᠦᠰᠦᠨ ᠡᠴᠡ ᠨᠢ ᠵᠢᠭᠰᠠᠭᠠᠨ ᠪᠠᠢᠴᠠᠭᠠᠬᠤ ᠪᠡᠷ ᠳᠠᠮᠵᠢᠭᠤᠯᠤᠨ᠂ ᠲᠤᠬᠠᠢᠯᠠᠭ᠍ᠰᠠᠨ ᠠᠵᠢᠯ ᠤ᠋ᠨ ᠬᠠᠷᠢᠭᠤ ᠲᠤᠰᠭᠠᠬᠤ ᠠᠷᠭ᠎ᠠ ᠵᠠᠮ ᠨᠢ ᠱᠢᠯᠤᠭᠤᠨ ᠪᠤᠰᠤ᠂ ᠬᠢᠨᠠᠨ ᠵᠥᠪᠱᠢᠶᠡᠷᠡᠬᠦ᠌ ᠶᠠᠪᠤᠴᠠ ᠶᠠᠷᠱᠢᠭ ᠲᠦᠪᠡᠭ᠌ᠲᠡᠶ᠂ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠶ᠋ᠢ ᠤᠢᠯᠠᠭᠠᠬᠤ ᠦᠭᠡᠢ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ ᠲᠠᠯ᠎ᠠ ᠪᠡᠷ ᠰᠠᠭᠠᠳ᠎ᠲᠠᠶ᠂ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡ ᠶ᠋ᠢᠨ ᠨᠠᠷᠢᠯᠢᠭᠵᠢᠭᠤᠯᠤᠯᠳᠠ ᠠᠨᠠᠢ ᠵᠡᠷᠭᠡ 7 ᠶᠡᠬᠡ ᠬᠦᠷᠢᠶᠡᠨ ᠤ᠋ 329 ᠲᠣᠪᠣᠢᠮ᠎ᠠ ᠠᠰᠠᠭᠤᠳᠠᠯ ᠢ᠋ ᠱᠢᠰᠲ᠋ᠧᠮ᠎ᠲᠡᠶ ᠡᠮᠬᠢᠯᠡᠨ ᠭᠠᠷᠭᠠᠵᠤ᠂761 ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠶ᠋ᠢ ᠵᠦᠶ᠋ᠯ ᠳᠠᠷᠠᠭᠠᠯᠠᠨ ᠰᠤᠳᠤᠯᠤᠨ ᠲᠣᠭ᠍ᠲᠠᠭᠠᠪᠠ᠃

ᠵᠠᠰᠠᠯᠲᠠ ᠵᠢᠨ ᠠᠬᠢᠴᠠ᠎ᠵᠢ ᠲᠦᠷᠭᠡᠳᠭᠡᠵᠤ᠂ ᠵᠠᠭᠠᠯᠳᠤᠯᠭ᠎ᠠ ᠬᠢᠬᠦ ᠡᠴᠡ ᠡᠮᠤᠨ᠎ᠠ ᠰᠢᠢᠳᠪᠤᠷᠢᠯᠡᠯᠳᠠ ᠬᠢᠵᠤ ᠂ ᠤᠯᠠᠨ ᠲᠦᠮᠡᠨ ᠤ᠋ ᠬᠦᠴᠢᠷᠳᠠᠯ᠎ᠢ  ᠠᠷᠢᠯᠭᠠᠪᠠ᠃ ᠣᠢᠷ᠎ᠠ ᠵᠢᠨ ᠬᠣᠶᠠᠷ ᠵᠢᠯ ᠤ᠋ᠨ ᠲᠤᠷᠱᠢᠬᠢ ᠡᠯ᠎ᠡ ᠲᠥᠷᠥᠯ ᠤ᠋ᠨ ᠭᠣᠮᠣᠳᠠᠯ ᠲᠤᠭᠠᠴᠢᠯᠲᠠ ᠵᠢᠨ ᠲᠣᠭ᠎ᠠ ᠪᠠᠷᠢᠮᠲᠠ ᠶ᠋ᠢ ᠱᠢᠰᠲ᠋ᠧᠮ᠎ᠲᠡᠶ ᠰᠡᠷᠭᠦᠭᠡᠵᠤ᠂ ᠰᠠᠷ᠎ᠠ ᠵᠢᠨ ᠰᠤᠳᠤᠯᠤᠨ ᠮᠠᠭᠠᠳᠯᠠᠬᠤ ᠲᠣᠭ᠍ᠲᠠᠴᠠ ᠶ᠋ᠢ ᠪᠠᠢᠭᠤᠯᠤᠨ᠂ ᠬᠠᠨᠳᠤᠯᠭᠠᠲᠤ ᠴᠢᠨᠠᠷᠲᠠᠶ ᠪᠡᠷ ᠱᠢᠶ᠋ᠳᠪᠦᠷᠢᠯᠡᠬᠦ᠌ ᠠᠷᠭ᠎ᠠ ᠬᠡᠮᠵᠢᠶ᠎ᠡ ᠲᠣᠭ᠍ᠲᠠᠭᠠᠵᠤ᠂ ᠡᠬᠢ ᠡᠭᠦᠰᠦᠯ ᠡᠴᠡ᠎ᠨᠢ ᠵᠠᠰᠠᠬᠤ᠂ ᠤᠷᠢᠳᠴᠢᠯᠠᠨ ᠦᠶ᠋ᠯᠡᠴᠢᠯᠡᠬᠦ᠌᠂ ᠨᠠᠷᠢᠯᠢᠭ ᠣᠨᠣᠴᠠᠲᠠᠶ ᠪᠡᠷ ᠠᠷᠭ᠎ᠠ ᠪᠣᠳᠣᠯᠭ᠎ᠠ ᠬᠡᠷᠡᠭ᠌ᠵᠢᠭᠦᠯᠬᠦ᠌ ᠪᠡᠷ ᠳᠡᠮᠵᠢᠨ᠂ 2025 ᠣᠨ ᠤ᠋ ᠪᠥᠬᠥ᠌ ᠵᠢᠯ᠂ 2026 ᠣᠨ ᠤ᠋ ᠲᠦᠷᠦᠬᠦᠤ ᠤᠯᠠᠷᠢᠯ ᠳ᠋ᠤ ᠵᠠᠷᠭᠤ ᠶ᠋ᠢ ᠭᠥᠯᠢᠶᠡᠨ ᠠᠪᠴᠤ ᠲᠡᠷᠡ ᠳᠠᠷᠤᠢ ᠳ᠋ᠤᠨᠢ ᠰᠢᠢᠳᠪᠤᠷᠢᠯᠡᠭᠰᠡᠨ ᠬᠡᠮᠵᠢᠶ᠎ᠡ ᠠᠳᠠᠯᠢ ᠬᠤᠭᠤᠴᠠᠭᠠᠨ  ᠤ᠋ ᠎ᠬᠢ ᠡᠴᠡ ᠲᠣᠰ ᠲᠣᠰ 55.2%᠂ 34.02% ᠵᠢᠡᠷ ᠪᠠᠭᠤᠷᠠᠵᠤ᠂ ᠲᠤᠬᠠᠢᠯᠠᠭ᠍ᠰᠠᠨ ᠠᠵᠢᠯ  ᠤ᠋ᠨ ᠳᠤᠮᠳᠠᠴᠢ ᠰᠢᠢᠳᠪᠤᠷᠢᠯᠡᠭᠰᠡᠨ ᠴᠠᠭ  ᠤ᠋ᠨ ᠬᠢᠵᠠᠭᠠᠷᠯᠡᠯ  ᠢ᠋ ᠠᠳᠠᠯᠢ ᠬᠤᠭᠤᠴᠠᠭᠠᠨ ᠤ᠋᠎ᠬᠢ ᠡᠴᠡ 56% ᠪᠡᠷ ᠪᠣᠭᠣᠨᠢᠰᠭᠠᠨ᠂ ᠱᠢᠶ᠋ᠳᠪᠦᠷᠢᠯᠡᠵᠦ᠍ ᠳᠠᠭᠤᠰᠬᠠᠬᠤ ᠴᠠᠭ ᠤ᠋ᠨ ᠬᠢᠵᠠᠭᠠᠷᠯᠡᠯ ᠢ᠋ 3.26 ᠡᠳᠦᠷ ᠪᠣᠯᠭᠠᠨ ᠪᠣᠭᠣᠨᠢᠰᠭᠠᠵᠤ᠂ ᠣᠯᠠᠨ ᠲᠦᠮᠡᠨ ᠤ᠋ ᠲᠤᠯᠭᠠᠮ ᠱᠠᠭᠠᠷᠳᠠᠭᠳᠠᠵᠤ ᠪᠠᠢᠭ᠎ᠠ ᠬᠦᠴᠢᠷ ᠠᠰᠠᠭᠤᠳᠠᠯ ᠦᠨᠳᠦᠷ ᠦᠷ᠎ᠡ ᠪᠦᠲᠦᠮᠵᠢᠲᠠᠢ ᠰᠢᠢᠳᠪᠦᠷᠢᠯᠡᠭᠳᠡᠪᠡ᠃

ᠳᠦᠷᠢᠮ ᠲᠣᠭ᠍ᠲᠠᠭᠠᠯ ᠲᠣᠭ᠍ᠲᠠᠭᠠᠵᠤ ᠤᠷᠲᠤ ᠬᠤᠭᠤᠴᠠᠭᠠᠨ ᠤ᠋ ᠪᠦᠲᠦᠮᠵᠢᠲᠡᠶ ᠵᠠᠰᠠᠯᠲᠠ ᠶ᠋ᠢ ᠪᠡᠶᠡᠯᠡᠭᠦᠯᠪᠡ᠃ ᠲᠤᠰᠭᠠᠶ ᠠᠵᠢᠯᠯᠠᠭ᠎ᠠ ᠶ᠋ᠢ ᠥᠷᠨᠢᠭᠦᠯᠦᠭ᠌ᠰᠡᠨ ᠡᠴᠡ ᠨᠠᠭᠠᠰᠢ᠂ ᠦᠶ᠋ᠯᠡᠴᠢᠯᠡᠭᠡᠨ  ᠤ᠋  278 ᠬᠦᠴᠢᠷᠳᠡᠯ ᠤ᠋ᠨ ᠴᠡᠭ ᠢ᠋ ᠱᠢᠶ᠋ᠳᠪᠦᠷᠢᠯᠡᠵᠦ᠍᠂ 162 ᠵᠦᠶ᠋ᠯ ᠤ᠋ᠨ ᠲᠤᠬᠠᠢᠯᠠᠭ᠍ᠰᠠᠨ ᠠᠵᠢᠯ  ᠤ᠋ᠨ ᠴᠤᠪᠤᠷᠠᠯ  ᠢ᠋ ᠱᠢᠯᠢᠳᠡᠭ᠌ᠵᠢᠭᠦᠯᠦᠨ ᠳᠠᠬᠢᠨ ᠱᠤᠭᠤᠵᠤ᠂ 201 ᠵᠦᠶ᠋ᠯ ᠤ᠋ᠨ ᠬᠠᠮᠢᠶᠠᠷᠤᠯᠲᠠ ᠵᠢᠨ ᠲᠦᠷᠢᠮ ᠲᠣᠭ᠍ᠲᠠᠴᠠ ᠶ᠋ᠢ ᠪᠦᠷᠢᠨᠱᠢᠭᠦᠯᠦᠨ ᠲᠡᠭᠦᠯᠳᠡᠷᠵᠢᠭᠦᠯᠪᠡ᠃ ᠡᠷᠬᠡ ᠬᠠᠷᠢᠭᠤᠴᠠᠯᠭ᠎ᠠ ᠵᠢᠨ ᠱᠢᠰᠲ᠋ᠧᠮ ᠢ᠋ ᠨᠠᠷᠢᠯᠢᠬ᠍ᠵᠢᠭᠤᠯᠵᠤ᠂ ᠬᠣᠷᠸ᠎ᠠ ᠲᠠᠯ᠎ᠠ ᠵᠢᠨ ᠲᠤᠬᠠᠢᠯᠠᠭ᠍ᠰᠠᠨ ᠠᠵᠢᠯ ᠤ᠋ᠨ ᠡᠭᠦᠷᠭᠡ ᠴᠢᠳᠠᠪᠬᠢ ᠶ᠋ᠢ 1881 ᠵᠦᠢᠯ ᠤ᠋ᠨ ᠪᠣᠳᠠᠲᠠᠢ ᠲᠤᠬᠠᠢᠯᠠᠭ᠍ᠰᠠᠨ ᠠᠵᠢᠯ ᠤ᠋ᠨ ᠭᠣᠭ᠍ᠴᠣᠭ᠎ᠠ ᠪᠣᠯᠭᠠᠨ ᠨᠠᠷᠢᠯᠢᠬ᠍ᠵᠢᠭᠤᠯᠵᠤ᠂ ᠡᠷᠬᠡ ᠬᠠᠷᠢᠭᠤᠴᠠᠯᠭ᠎ᠠ ᠶ᠋ᠢ ᠬᠤᠪᠢ ᠬᠥᠮᠦᠨ᠎ᠳᠦ ᠨᠠᠢᠳᠠᠪᠤᠷᠢᠵᠢᠭᠤᠯᠬᠤ᠂ ᠪᠦᠬᠦ᠌ ᠣᠷᠣᠨ ᠪᠦᠰᠡ ᠶ᠋ᠢ ᠪᠦᠷᠬᠦᠭ᠌ᠰᠡᠨ ᠭᠤᠷᠪᠠᠨ ᠱᠠᠲᠤᠨ ᠤ᠋ ᠲᠤᠬᠠᠢᠯᠠᠭ᠍ᠰᠠᠨ ᠠᠵᠢᠯ ᠤ᠋ᠨ ᠬᠠᠮᠢᠶᠠᠷᠤᠯᠲᠠ ᠵᠢᠨ ᠱᠢᠰᠲ᠋ᠧᠮ ᠢ᠋ ᠪᠠᠢᠭᠤᠯᠵᠤ᠂  ᠬᠠᠷᠢᠭᠤᠴᠠᠯᠭ᠎ᠠ ᠡᠭᠦᠷᠭᠡᠯᠡᠬᠦ ᠦᠭᠡᠢ ᠪᠠᠢᠳᠠᠯ ᠵᠡᠷᠭᠡ ᠎ᠵᠢ ᠲᠤᠢᠯᠪᠤᠷᠢᠲᠠᠢ ᠵᠤᠭᠰᠤᠭᠠᠪᠠ᠃

ᠰᠠᠯᠠᠭ᠎ᠠ ᠮᠥᠴᠢᠷ ᠤ᠋ᠨ ᠬᠣᠯᠪᠣᠭᠠᠯᠠᠨ ᠬᠥᠳᠡᠯᠦᠯᠴᠡᠬᠦ᠌ ᠶ᠋ᠢ ᠴᠢᠩᠭᠠᠳᠭᠠᠵᠤ᠂ ᠠᠵᠢᠯ ᠣᠯᠭᠣᠬᠤ ᠦᠢᠯᠡᠴᠢᠯᠡᠭᠡᠨ ᠤ᠋ ᠬᠣᠯᠪᠣᠭ᠎ᠠ ᠶ᠋ᠢ ᠪᠠᠢᠭᠤᠯᠪᠠ᠃ ᠵᠠᠰᠠᠭ ᠤ᠋ᠨ ᠣᠷᠳᠣᠨ ᠤ᠋ 7 ᠰᠠᠯᠠᠭ᠎ᠠ ᠮᠥᠴᠢᠷ᠂ ᠬᠥᠬᠡᠬᠣᠲᠠ ᠳ᠋ᠤ ᠰᠠᠭᠤᠭ᠎ᠠ 24 ᠶᠡᠬᠡ ᠳᠡᠭᠡᠳᠦ ᠰᠤᠷᠭᠠᠭᠤᠯᠢ᠂ 13 ᠠᠵᠢᠯ ᠲᠥᠷᠥᠯ ᠤ᠋ᠨ ᠨᠡᠢᠭᠡᠮᠯᠢᠭ᠂ 47 ᠬᠥᠮᠦᠨ ᠤ᠋ ᠬᠦᠴᠦᠨ ᠤ᠋ ᠡᠬᠢ ᠪᠠᠶᠠᠯᠢᠭ ᠤ᠋ᠨ ᠪᠠᠢᠭᠤᠯᠤᠮᠵᠢ ᠵᠢᠴᠢ 300 ᠭᠠᠷᠤᠶ ᠭᠤᠤᠯᠳᠠᠯᠭ᠎ᠠ᠎ᠲᠠᠶ ᠠᠵᠤ ᠠᠬᠤᠢᠯᠠᠯ ᠤ᠋ᠨ ᠡᠬᠢ ᠪᠠᠶᠠᠯᠢᠭ ᠢ᠋ ᠨᠡᠢᠳᠭᠡᠵᠦ᠂ ᠠᠵᠢᠯ ᠤ᠋ᠨ ᠪᠠᠢᠷᠢ ᠲᠠᠨᠢᠯᠴᠠᠭᠤᠯᠬᠤ᠂ ᠲᠥᠷᠥ ᠵᠢᠨ ᠪᠣᠳᠣᠯᠭ᠎ᠠ ᠶ᠋ᠢ ᠤᠬᠠᠭᠤᠯᠤᠨ ᠲᠠᠢᠯᠪᠤᠷᠢᠯᠠᠬᠤ᠂ ᠠᠵᠢᠯ ᠣᠯᠭᠣᠯᠲᠠ  ᠪᠡᠷ ᠬᠠᠪᠰᠤᠷᠤᠨ ᠲᠡᠳᠬᠦᠬᠦ᠌ ᠵᠡᠷᠭᠡ ᠠᠵᠢᠯ  ᠢ᠋ ᠨᠢᠭᠡᠳᠦᠯᠲᠡᠶ ᠲᠥᠯᠥᠪᠵᠢᠭᠦᠯᠦᠨ ᠥᠷᠨᠢᠭᠦᠯᠵᠦ᠍᠂ ᠣᠯᠠᠨ ᠲᠠᠯ᠎ᠠ ᠪᠡᠷ ᠬᠠᠮᠲᠤᠷᠠᠨ ᠬᠥᠳᠡᠯᠦᠯᠴᠡᠭ᠌ᠰᠡᠨ᠂ ᠵᠡᠷᠭᠡ ᠪᠡᠷ ᠠᠳᠭᠤᠨ ᠬᠠᠮᠲᠤ ᠪᠡᠷ ᠬᠠᠮᠢᠶᠠᠷᠤᠭ᠍ᠰᠠᠨ ᠠᠵᠢᠯ ᠣᠯᠭᠣᠯᠲᠠ ᠵᠢᠨ ᠦᠶ᠋ᠯᠡᠴᠢᠯᠡᠭᠡᠨ ᠤ᠋ ᠱᠢᠨ᠎ᠡ ᠪᠠᠢᠷᠢᠱᠢᠯ ᠢ᠋ ᠪᠤᠢ ᠪᠤᠯᠭᠠᠪᠠ᠃

《ᠰᠦᠯᠵᠢᠶᠡᠨ ᠭᠠᠳᠠᠨ᠎ᠠ ᠨᠢᠭᠡ ᠴᠣᠩᠬᠣᠪᠴᠢ ᠶ᠋ᠢ ᠨᠡᠢᠯᠡᠭᠦᠯᠬᠦ᠌᠂ ᠰᠦᠯᠵᠢᠶᠡᠨ ᠳᠡᠭᠡᠷ᠎ᠡ ᠨᠢᠭᠡ ᠰᠦᠯᠵᠢᠶ᠎ᠡ ᠪᠡᠷ ᠨᠡᠢᠳᠡᠮ ᠭᠦᠶ᠋ᠴᠡᠳᠭᠡᠬᠦ᠌᠂ ᠪᠥᠬᠥ᠌ ᠶᠠᠪᠤᠴᠠ ᠳ᠋ᠤ ᠬᠤᠷᠳᠤᠴᠠ ᠶ᠋ᠢ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ 》 ᠦᠶ᠋ᠯᠡᠴᠢᠯᠡᠭᠡᠨ ᠤ᠋ ᠱᠢᠰᠲ᠋ᠧᠮ  ᠢ᠋ ᠪᠠᠢᠭᠤᠯᠪᠠ᠃ 《ᠶᠡᠷᠦᠩᠬᠡᠢᠯᠡᠭ᠌ᠰᠡᠨ ᠴᠤᠩᠬᠤᠪᠴᠢ ᠵᠢᠨ ᠲᠦᠷᠢᠮ 》 ᠢ᠋ ᠬᠡᠷᠡᠭ᠌ᠵᠢᠭᠦᠯᠵᠦ᠍᠂ 134 ᠵᠦᠶ᠋ᠯ ᠤ᠋ᠨ ᠲᠤᠬᠠᠢᠯᠠᠭ᠍ᠰᠠᠨ ᠠᠵᠢᠯ ᠤ᠋ᠨ ᠵᠦᠶ᠋ᠯᠡᠰ ᠢ᠋ ᠪᠦᠬᠦᠨ ᠢ᠋ ᠰᠦᠯᠵᠢᠶ᠎ᠠ ᠪᠠᠷ ᠶᠡᠷᠦᠩᠬᠡᠢᠯᠡᠨ ᠭᠥᠯᠢᠶᠡᠨ ᠠᠪᠴᠤ᠌ ᠱᠢᠶ᠋ᠳᠪᠦᠷᠢᠯᠡᠬᠦ᠌ ᠴᠣᠩᠬᠤᠪᠴᠢ᠎ᠳ᠋ᠤ ᠭᠠᠷᠭᠠᠵᠤ᠂ 《ᠨᠢᠭᠡ ᠬᠦᠰᠦᠨᠦᠭ᠌ᠲᠦ᠍ ᠪᠡᠷ ᠭᠤᠶᠤᠴᠢᠯᠠᠬᠤ᠂ ᠨᠢᠭᠡ ᠴᠣᠩᠬᠤᠪᠴᠢ ᠪᠡᠷ ᠭᠥᠯᠢᠶᠡᠨ ᠠᠪᠴᠤ᠌ ᠱᠢᠶ᠋ᠳᠪᠦᠷᠢᠯᠡᠬᠦ᠌ 》 ᠶ᠋ᠢ ᠪᠡᠶᠡᠯᠡᠭᠦᠯᠪᠡ᠃ ᠦᠶ᠋ᠯᠡᠴᠢᠯᠡᠭᠡᠨ ᠤ᠋ ᠬᠡᠪᠴᠢᠶ᠎ᠡ ᠶ᠋ᠢ ᠤᠷᠲᠤᠳᠭᠠᠵᠤ᠂ ᠬᠣᠷᠱᠢᠶ᠎ᠠ ᠪᠠᠩᠬᠢ ᠵᠢᠨ ᠬᠤᠷᠱᠢᠭ᠍ᠰᠠᠨ ᠰᠦᠯᠵᠢᠶᠡᠨ ᠤ᠋ ᠴᠡᠭ ᠢ᠋ 54 ᠨᠡᠮᠡᠭ᠌ᠳᠡᠭᠦᠯᠵᠦ᠍᠂ ᠠᠵᠢᠯ ᠠᠯᠳᠠᠯᠲᠠ ᠵᠢᠨ ᠳᠠᠭᠠᠳᠭᠠᠯ ᠤ᠋ᠨ ᠮᠥᠩᠭᠥ᠌ ᠭᠤᠶᠤᠴᠢᠯᠠᠨ ᠠᠪᠬᠤ ᠵᠡᠷᠭᠡ 25 ᠵᠦᠶ᠋ᠯ ᠤ᠋ᠨ ᠲᠤᠬᠠᠢᠯᠠᠭ᠍ᠰᠠᠨ ᠠᠵᠢᠯ ᠢ᠋ ᠪᠠᠩᠬᠢ ᠵᠢᠨ ᠴᠤᠩᠬᠤᠪᠴᠢ᠎ᠳᠦ ᠬᠦᠷᠲᠡᠯ᠎ᠡ ᠥᠷᠭᠡᠳᠭᠡᠨ᠂ 11 ᠵᠦᠶ᠋ᠯ ᠤ᠋ᠨ ᠲᠤᠬᠠᠢᠯᠠᠭ᠍ᠰᠠᠨ ᠠᠵᠢᠯ ᠢ᠋ ᠬᠣᠲᠠ ᠵᠢᠨ ᠳᠥᠷᠪᠡᠨ ᠲᠣᠭᠣᠷᠢᠭ᠎ᠲᠤ ᠬᠦᠷᠲᠡᠯ᠎ᠡ ᠭᠦᠨᠵᠡᠭᠡᠢᠷᠡᠭᠦᠯᠵᠦ᠍᠂ 《 15 ᠮᠢᠨᠦ᠋ᠲ ᠤ᠋ᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠢᠨ ᠦᠶ᠋ᠯᠡᠴᠢᠯᠡᠭᠡᠨ ᠤ᠋ ᠲᠣᠭᠣᠷᠢᠭ 》  ᠢ᠋  ᠪᠠᠢᠭᠤᠯᠤᠨ᠂ ᠣᠯᠠᠨ ᠲᠦᠮᠡᠨ ᠢ᠋ ᠤᠢᠷ᠎ᠠ ᠬᠠᠪᠢ᠎ᠳᠠᠭᠠᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ  ᠤ᠋ᠨ ᠪᠠᠲᠤᠯᠠᠭ᠎ᠠ ᠵᠢᠨ ᠲᠤᠬᠠᠢᠯᠠᠭ᠍ᠰᠠᠨ ᠠᠵᠢᠯ ᠢ᠋ ᠭᠦᠶ᠋ᠴᠡᠳᠭᠡᠵᠦ᠍ ᠪᠣᠯᠬᠤ ᠪᠣᠯᠭᠠᠪᠠ᠃

《ᠯᠧ ᠶᠧ ᠴᠢᠡᠭ ᠴᠸᠡᠭ 》 ᠴᠢᠳᠠᠪᠤᠷᠢᠲᠠᠨ ᠤ᠋ ᠠᠵᠢᠯ ᠣᠯᠭᠣᠯᠲᠠ ᠵᠢᠨ ᠦᠶ᠋ᠯᠡᠴᠢᠯᠡᠭᠡᠨ ᠤ᠋ ᠲᠠᠪᠴᠠᠩ  ᠢ᠋ ᠰᠦᠯᠵᠢᠶᠡᠨ᠎ᠳᠦ ᠭᠠᠷᠭᠠᠵᠤ᠂ ᠮᠡᠳᠡᠭᠡ ᠵᠠᠩᠭᠢ ᠶ᠋ᠢ ᠨᠢᠭᠡ ᠯᠡ ᠳᠠᠷᠤᠪᠴᠢ ᠪᠡᠷ ᠪᠠᠢᠴᠠᠭᠠᠨ ᠯᠠᠪᠯᠠᠬᠤ᠂ ᠨᠥᠬᠥᠪᠥᠷᠢ ᠶ᠋ᠢ ᠤᠲᠠᠰᠤᠨ ᠳᠡᠭᠡᠷ᠎ᠡ ᠭᠤᠶᠤᠴᠢᠯᠠᠨ ᠠᠪᠬᠤ᠂ ᠬᠥᠮᠦᠨ ᠪᠠ ᠠᠵᠢᠯ ᠤ᠋ᠨ ᠪᠠᠢᠷᠢ ᠶ᠋ᠢ ᠨᠠᠷᠢᠯᠢᠭ ᠤᠨᠤᠪᠴᠢᠲᠠᠢ ᠪᠡᠷ ᠵᠣᠬᠢᠴᠠᠭᠤᠯᠬᠤ ᠶ᠋ᠢ ᠪᠡᠶᠡᠯᠡᠭᠦᠯᠵᠦ᠍᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠠᠵᠢᠯ ᠡᠷᠢᠬᠦ᠌ ᠬᠥᠮᠦᠰ ᠲᠤ᠌ ᠨᠢᠭᠡ ᠥᠷᠲᠡᠭᠡᠴᠢᠯᠡᠭᠰᠡᠨ ᠮᠠᠶᠢᠭ ᠤ᠋ᠨ ᠦᠶ᠋ᠯᠡᠴᠢᠯᠡᠭᠡ ᠬᠠᠩᠭᠠᠪᠠ᠃ 《ᠲᠣᠭᠠᠴᠢᠯᠠᠭ᠍ᠰᠠᠨ ᠠᠵᠢᠯᠲᠠᠨ》  ᠢ᠋ ᠣᠷᠣᠭᠤᠯᠤᠨ ᠠᠪᠴᠢᠷᠠᠵᠤ᠂ ᠠᠵᠢᠯ ᠠᠯᠳᠠᠯᠲᠠ ᠵᠢᠨ ᠳᠠᠭᠠᠳᠭᠠᠯ ᠤ᠋ᠨ ᠮᠥᠩᠭᠥ᠌ ᠭᠤᠶᠤᠴᠢᠯᠠᠨ ᠠᠪᠬᠤ᠂ ᠠᠵᠢᠯ  ᠤ᠋ᠨ ᠪᠠᠢᠷᠢ ᠶ᠋ᠢ ᠲᠣᠭ᠍ᠲᠠᠪᠤᠷᠢᠵᠢᠭᠤᠯᠤᠨ ᠪᠤᠴᠠᠭᠠᠬᠤ ᠵᠡᠷᠭᠡ ᠬᠦᠷᠢᠶᠡᠨ᠎ᠳᠦ 7 ×24 ᠴᠠᠭ  ᠤ᠋ᠨ ᠤᠶᠤᠨᠴᠢᠯᠠᠭᠰᠠᠨ ᠠᠩᠬᠠᠨ ᠤ᠋ ᠬᠢᠨᠠᠯᠲᠠ ᠶ᠋ᠢ ᠬᠡᠷᠡᠭ᠌ᠵᠢᠭᠦᠯᠵᠦ᠍᠂ ᠭᠦᠶ᠋ᠴᠡᠳᠭᠡᠬᠦ᠌ ᠴᠠᠭ ᠤ᠋ᠨ ᠬᠢᠵᠠᠭᠠᠷ ᠢ᠋ 75% ᠤᠷᠴᠢᠮ ᠪᠣᠭᠣᠨᠢᠰᠭᠠᠪᠠ᠃

ᠠᠵᠢᠯ ᠡᠴᠡ ᠪᠡᠨ ᠠᠮᠠᠷᠠᠭ᠍ᠰᠠᠨ ᠲᠠᠩᠰᠠ ᠡᠪᠬᠡᠮᠡᠯ ᠢ᠋ ᠡᠯᠧᠺᠲ᠋ᠷᠣᠨ ᠵᠢᠡᠷ ᠭᠦᠢᠯᠭᠡᠭᠡᠨ ᠦᠭᠬᠦ᠂ ᠲᠠᠩᠰᠠ ᠡᠪᠬᠡᠮᠡᠯ ᠢ᠋ ᠤᠷᠢᠳᠴᠢᠯᠠᠨ ᠬᠢᠨᠠᠬᠤ᠂ ᠠᠵᠢᠯ ᠡᠴᠡ ᠪᠡᠨ ᠠᠮᠠᠷᠠᠬᠤ ᠶ᠋ᠢ ᠬᠢᠨᠠᠨ ᠬᠠᠷᠭᠤᠭᠤᠯᠬᠤ ᠬᠤᠭᠤᠴᠠᠭ᠎ᠠ ᠬᠡᠲᠦᠷᠡᠭ᠌ᠰᠡᠨ ᠢ᠋ ᠤᠷᠢᠳᠴᠢᠯᠠᠨ ᠰᠡᠷᠡᠮᠵᠢᠯᠡᠭᠦᠯᠬᠦ᠌ 3 ᠵᠦᠶ᠋ᠯ ᠤ᠋ᠨ ᠲᠣᠭ᠍ᠲᠠᠴᠠ ᠶ᠋ᠢ ᠪᠠᠢᠭᠤᠯᠵᠤ᠂ ᠠᠵᠢᠯ ᠡᠴᠡ ᠪᠡᠨ ᠠᠮᠠᠷᠠᠬᠤ ᠶ᠋ᠢ ᠬᠢᠨᠠᠨ ᠬᠠᠷᠭᠤᠭᠤᠯᠬᠤ ᠴᠠᠭ ᠤ᠋ᠨ ᠬᠢᠵᠠᠭᠠᠷ ᠢ᠋ 5 ᠠᠵᠢᠯᠯᠠᠬᠤ ᠡᠳᠦᠷ ᠪᠣᠯᠲᠠᠯ᠎ᠠ ᠪᠣᠭᠣᠨᠢᠰᠭᠠᠪᠠ᠃ ᠠᠵᠢᠯ ᠡᠴᠡ ᠪᠣᠯᠤᠭ᠍ᠰᠠᠨ ᠭᠡᠮᠲᠦᠯ ᠢ᠋ ᠮᠠᠭᠠᠳᠯᠠᠨ ᠲᠣᠭ᠍ᠲᠠᠭᠠᠬᠤ ᠳ᠋ᠤ 《 ᠳᠥᠭᠥᠮ ᠬᠡᠷᠡᠭ ᠢ᠋ ᠲᠦᠷᠭᠡᠨ ᠱᠢᠶ᠋ᠳᠪᠦᠷᠢᠯᠡᠬᠦ᠌᠂ ᠮᠠᠳᠠᠭ᠎ᠲᠠᠶ ᠬᠡᠷᠡᠭ ᠢ᠋ ᠨᠠᠷᠢᠨ ᠰᠤᠳᠤᠯᠬᠤ᠂ ᠬᠦᠴᠢᠷ ᠬᠡᠷᠡᠭ  ᠢ᠋ ᠪᠤᠭᠤᠮᠳᠠ ᠰᠢᠪᠳᠤᠯᠬᠤ 》 ᠭᠤᠷᠪᠠᠨ ᠱᠠᠲᠤᠨ ᠤ᠋ ᠲᠥᠷᠥᠯ ᠬᠤᠪᠢᠶᠠᠨ ᠱᠢᠶ᠋ᠳᠪᠦᠷᠢᠯᠡᠬᠦ᠌ ᠲᠣᠭ᠍ᠲᠠᠴᠠ ᠶ᠋ᠢ ᠪᠠᠢᠭᠤᠯᠵᠤ᠂ ᠱᠢᠷᠬᠠᠲᠤᠭ᠍ᠰᠠᠨ ᠠᠵᠢᠯᠲᠠᠨ ᠠᠵᠢᠯᠴᠢᠨ ᠳᠤᠮᠳᠠᠴᠢ ᠪᠡᠷ 5 ᠡᠴᠡ 10 ᠡᠳᠦᠷ ᠤ᠋ᠨ ᠡᠮᠦᠨ᠎ᠡ ᠣᠯᠭᠣᠮᠵᠢ ᠭᠤᠶᠤᠴᠢᠯᠠᠬᠤ ᠭᠣᠭ᠍ᠴᠣᠭ᠎ᠠ ᠳ᠋ᠤ ᠣᠷᠣᠨ᠎ᠠ᠃ ᠠᠵᠤ ᠠᠬᠤᠢᠯᠠᠯ ᠤ᠋ᠨ ᠠᠵᠢᠯᠲᠠᠨ ᠠᠵᠢᠯᠴᠢᠨ ᠤ᠋ ᠨᠠᠰᠤᠵᠢᠯ ᠤ᠋ᠨ ᠳᠠᠭᠠᠳᠭᠠᠯ ᠤ᠋ᠨ ᠨᠥᠬᠥᠵᠦ᠍ ᠲᠤᠱᠢᠶᠠᠬᠤ ᠶ᠋ᠢ ᠪᠠᠷᠢᠮᠵᠢᠶᠠᠵᠢᠭᠤᠯᠬᠤ ᠵᠢᠨ ᠭᠠᠷᠲᠠᠨ ᠭᠦᠶ᠋ᠴᠡᠳᠭᠡᠬᠦ᠌ ᠴᠤᠪᠤᠷᠠᠯ ᠢ᠋ ᠪᠠᠢᠭᠤᠯᠵᠤ᠂ 《 ᠭᠣᠭ᠍ᠴᠣᠭ᠎ᠠ ᠨᠢᠭᠡ ᠪᠦᠷᠢ᠎ᠳᠦ ᠭᠦᠢᠴᠡᠳᠭᠡᠬᠦ ᠳ᠋ᠤ ᠨᠢᠭᠡ ᠡᠳᠦᠷ ᠢ᠋ ᠬᠡᠲᠦᠷᠡᠭᠦᠯᠬᠦ ᠥᠬᠡᠶ᠂ ᠪᠥᠬᠥ᠌ ᠶᠠᠪᠤᠴᠠ ᠶ᠋ᠢ ᠭᠦᠢᠴᠡᠳᠭᠡᠬᠦ  ᠳ᠋ᠤ ᠨᠢᠭᠡ ᠭᠠᠷᠠᠭ ᠢ᠋ ᠬᠡᠲᠦᠷᠡᠬᠦᠯᠬᠦ ᠥᠬᠡᠶ 》 ᠪᠠᠢᠬᠤ ᠶ᠋ᠢ ᠦᠨᠡᠨ ᠬᠦ᠌ ᠪᠠᠲᠤᠯᠠᠵᠤ᠂ ᠭᠦᠶ᠋ᠴᠡᠳᠭᠡᠵᠦ᠍ ᠳᠠᠭᠤᠰᠭᠠᠬᠤ ᠴᠠᠭ ᠬᠤᠭᠤᠴᠠᠭ᠎ᠠ ᠶ᠋ᠢ 50% ᠪᠠᠷ ᠪᠤᠭᠤᠨᠢᠰᠬᠠᠪᠠ᠃

ᠡᠭᠦᠨ ᠤ᠋ ᠬᠠᠮᠲᠤ᠂ 《ᠠᠵᠢᠯ ᠶᠠᠪᠤᠳᠠᠯ ᠭᠦᠶ᠋ᠴᠡᠳᠭᠡᠬᠦ ᠳ᠋ᠤ ᠠᠷᠤ ᠡᠬᠦᠳᠠ ᠶᠠᠪᠤᠬᠤ ᠦᠭᠡᠢ 》 ᠭᠡᠬᠦ᠌ ᠣᠢᠯᠠᠭᠠᠭ᠍ᠳᠠᠬᠤᠨ ᠢ᠋ ᠦᠶ᠋ᠯᠡᠴᠢᠯᠡᠭᠡᠨ  ᠤ᠋ ᠵᠠᠭ᠍ᠪᠤᠷ ᠤ᠋ᠨ ᠱᠢᠨ᠎ᠡ ᠡᠭᠦᠳᠦᠯᠲᠡ᠂ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠂ ᠺᠠᠳ᠋ᠷ ᠤ᠋ᠨ ᠰᠤᠷᠲᠠᠯ ᠤ᠋ᠨ ᠪᠠᠢᠭᠤᠯᠤᠯᠲᠠ ᠵᠡᠷᠭᠡ ᠲᠠᠯ᠎ᠠ ᠳ᠋ᠤ ᠭᠦᠨᠵᠡᠭᠡᠶ ᠠᠭᠤᠰᠤᠯᠴᠠᠭᠤᠯᠤᠨ᠂ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠢᠨ ᠦᠶ᠋ᠯᠡᠴᠢᠯᠡᠭᠡ ᠶ᠋ᠢ ᠡᠷᠴᠢᠮ᠎ᠲᠡᠶ ᠪᠥᠭᠡᠳ ᠨᠠᠩ ᠬᠠᠯᠠᠭᠤᠮᠰᠤᠭ ᠪᠣᠯᠭᠠᠬᠤ ᠶ᠋ᠢ ᠠᠬᠢᠭᠤᠯᠪᠠ᠃

《ᠲᠠᠷᠠᠭᠠᠴᠢ ᠵᠢᠨ ᠠᠯᠬᠤᠮ ᠳ᠋ᠤ᠂ ᠪᠢᠳᠡ 〈ᠠᠵᠢᠯ ᠶᠠᠪᠤᠳᠠᠯ ᠭᠦᠶ᠋ᠴᠡᠳᠭᠡᠬᠦ ᠳ᠋ᠤ ᠠᠷᠤ ᠡᠬᠦᠳᠠ ᠶᠠᠪᠤᠬᠤ ᠦᠭᠡᠢ〉 ᠲᠤᠰᠭᠠᠶ ᠠᠵᠢᠯᠯᠠᠭ᠎ᠠ ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠠᠷᠠᠯᠲᠠ ᠪᠡᠨ ᠬᠤᠪᠢᠷᠠᠭᠤᠯᠬᠤ ᠥᠬᠡᠶ᠂ ᠪᠠᠷᠢᠮᠵᠢᠶ᠎ᠠ ᠪᠡᠨ ᠪᠠᠭᠤᠷᠠᠭᠤᠯᠬᠤ ᠥᠬᠡᠶ᠂ ᠡᠷᠴᠢᠮ ᠵᠢᠡᠨ ᠰᠤᠯᠠᠷᠠᠭᠤᠯᠬᠤ ᠥᠬᠡᠶ ᠪᠠᠢᠬᠤ ᠶ᠋ᠢ ᠪᠠᠷᠢᠮᠲᠠᠯᠠᠨ᠂ ᠪᠥᠬᠥ᠌ ᠬᠦᠴᠦᠨ ᠵᠢᠡᠷ ᠵᠢᠡᠨ ᠦᠷ᠎ᠡ ᠪᠦᠲᠦᠭᠡᠯ ᠵᠢᠡᠨ ᠪᠡᠬᠢᠵᠢᠭᠦᠯᠵᠦ᠍᠂ ᠳᠤᠲᠠᠭᠤᠳᠠᠯ ᠵᠢᠡᠨ ᠨᠥᠬᠥᠪᠥᠷᠢᠯᠡᠨ᠂ ᠲᠣᠭ᠍ᠲᠠᠴᠠ ᠪᠠᠢᠭᠤᠯᠵᠤ᠂ ᠦᠷ᠎ᠡ ᠪᠦᠲᠦᠮᠵᠢ ᠎ᠪᠡᠨ ᠳᠡᠭᠡᠭ᠌ᠰᠢᠯᠡᠭᠦᠯᠤᠨ᠂ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ  ᠤ᠋ᠨ ᠪᠠᠲᠤᠯᠠᠭ᠎ᠠ ᠵᠢᠨ ᠦᠶ᠋ᠯᠡᠴᠢᠯᠡᠭᠡ ᠵᠢᠨ ᠳᠠᠬᠢᠨ ᠱᠢᠨ᠎ᠡ ᠳᠡᠭ᠌ᠲᠡᠷ ᠲᠤ᠌ ᠭᠠᠷᠬᠤ ᠶ᠋ᠢ ᠠᠬᠢᠭᠤᠯᠤᠨ᠎ᠠ 》 ᠭᠡᠵᠦ᠍ ᠬᠥᠬᠡᠬᠣᠲᠠ ᠵᠢᠨ ᠬᠥᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠢᠨ ᠲᠣᠪᠴᠢᠶ᠎ᠠ ᠵᠢᠨ ᠭᠤᠷᠪᠠᠳᠤᠭᠠᠷ ᠳᠡᠰ ᠤ᠋ᠨ ᠪᠠᠢᠴᠠᠭᠠᠨ ᠰᠤᠳᠤᠯᠤᠭ᠍ᠴᠢ ᠹᠠᠨ ᠱᠢᠶᠤᠤ ᠴᠢᠤᠸᠠᠨ ᠬᠡᠯᠡᠨ᠎ᠠ᠃

《ᠠᠵᠢᠯ ᠶᠠᠪᠤᠳᠠᠯ ᠭᠦᠶ᠋ᠴᠡᠳᠭᠡᠬᠦ ᠳ᠋ᠤ ᠠᠷᠤ ᠡᠬᠦᠳᠠ ᠶᠠᠪᠤᠬᠤ ᠦᠭᠡᠢ》 ᠲᠣᠭ᠍ᠲᠠᠴᠠ ᠶ᠋ᠢ ᠦᠷᠭᠦᠯᠵᠢᠯᠡᠨ ᠪᠦᠲᠦᠮᠵᠢᠲᠡᠶ ᠬᠡᠷᠡᠭ᠌ᠵᠢᠭᠦᠯᠬᠦ᠌ ᠵᠢᠨ ᠲᠥᠯᠥᠭᠡ᠂ᠬᠥᠬᠡᠬᠣᠲᠠ ᠠᠬᠢᠴᠠ ᠲᠠᠷᠠᠭᠠᠯᠠᠯ᠎ᠵᠢᠡᠨ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠳ᠋ᠠᠢᠲ᠋ᠠ ᠪᠡᠷ ᠡᠨᠧᠷᠭᠢ ᠣᠯᠭᠣᠬᠤ ᠶ᠋ᠢ ᠠᠬᠢᠭᠤᠯᠤᠨ᠂ ᠣᠷᠳᠣ ᠬᠤᠭᠤᠴᠠᠭᠠᠨ ᠤ᠋ ᠪᠦᠲᠦᠮᠵᠢᠲᠡᠶ ᠲᠣᠭ᠍ᠲᠠᠴᠠ ᠶ᠋ᠢ ᠪᠦᠷᠢᠨᠱᠢᠬᠦᠯᠬᠦ᠌ ᠪᠣᠯᠤᠨ᠎ᠠ᠃ 《 ᠪᠢᠳᠡ ᠲᠤᠰᠭᠠᠶ ᠠᠵᠢᠯᠯᠠᠭ᠎ᠠ ᠵᠢᠨ ᠳᠤᠮᠳᠠᠬᠢ ᠪᠦᠲᠦᠮᠵᠢᠲᠡᠶ ᠠᠷᠭ᠎ᠠ ᠬᠢᠳᠡᠯ ᠢ᠋ ᠲᠦᠷᠢᠮ  ᠤ᠋ᠨ ᠵᠢᠷᠤᠮᠵᠢᠯ ᠪᠣᠯᠭᠠᠨ ᠲᠣᠭ᠍ᠲᠠᠪᠤᠷᠢᠵᠢᠭᠤᠯᠵᠤ᠂ ᠠᠩᠬ᠎ᠠ ᠬᠦᠯᠢᠶᠡᠵᠤ ᠠᠪᠤᠭᠰᠠᠨ ᠬᠦᠮᠦᠨ ᠨᠢ ᠬᠠᠷᠢᠭᠤᠴᠠᠬᠤ᠂ ᠴᠠᠭ ᠬᠢᠵᠠᠭᠠᠷᠯᠠᠨ ᠱᠢᠶ᠋ᠳᠪᠦᠷᠢᠯᠡᠵᠦ᠍ ᠳᠠᠭᠤᠰᠭᠠᠬᠤ ᠵᠡᠷᠭᠡ ᠲᠣᠭ᠍ᠲᠠᠴᠠ ᠶ᠋ᠢ ᠲᠡᠭᠦᠯᠳᠡᠷᠵᠢᠭᠦᠯᠦᠨ᠂ ᠱᠢᠰᠲ᠋ᠧᠮ ᠪᠦᠷᠢᠨ ᠲᠡᠭᠦᠯᠳᠡᠷ᠂ ᠱᠢᠨᠵᠢᠯᠡᠬᠦ᠌ ᠤᠬᠠᠭᠠᠨᠴᠢ ᠪᠥᠭᠡᠳ ᠵᠢᠷᠤᠮᠵᠢᠭᠤᠨ᠂ ᠠᠵᠢᠯᠯᠠᠭ᠎ᠠ ᠨᠢ ᠥᠨᠳᠥᠷ ᠪᠦᠲᠦᠮᠵᠢᠲᠡᠶ ᠦᠶ᠋ᠯᠡᠴᠢᠯᠡᠭᠡᠨ ᠤ᠋ ᠬᠠᠮᠢᠶᠠᠷᠤᠯᠲᠠ ᠵᠢᠨ ᠱᠢᠰᠲ᠋ᠧᠮ ᠢ᠋ ᠪᠠᠢᠭᠤᠯᠵᠤ᠂ ᠬᠠᠳᠠᠭᠤ ᠴᠢᠡᠭᠭ᠎ᠠ ᠲᠦᠷᠢᠮ  ᠵᠢᠡᠷ 〈 ᠠᠵᠢᠯ ᠶᠠᠪᠤᠳᠠᠯ ᠭᠦᠶ᠋ᠴᠡᠳᠭᠡᠬᠦ ᠳ᠋ᠤ ᠠᠷᠤ ᠡᠬᠦᠳᠠ ᠶᠠᠪᠤᠬᠤ ᠦᠭᠡᠢ 〉 ᠪᠠᠢᠬᠤ ᠶ᠋ᠢ ᠲᠤᠭᠤᠰᠢᠳᠠᠢ ᠨᠠᠢᠳᠠᠪᠤᠷᠢᠵᠢᠭᠤᠯᠬᠤ ᠶ᠋ᠢ ᠪᠠᠲᠤᠯᠠᠨ᠎ᠠ 》 ᠭᠡᠵᠤ ᠹᠠᠨ ᠱᠢᠶᠤᠤ ᠴᠢᠤᠸᠠᠨ ᠭᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面