ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-10-26 10:16:49

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


10 ᠰᠠᠷ᠎ᠠ᠎ᠶᠢᠨ 24 ᠎ᠤ᠋ ᠡᠳᠦᠷ᠎ᠦᠨ 11 ᠴᠠᠭ ᠪᠣᠯᠲᠠᠯ᠎ᠠ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠣᠲᠠ᠂ ᠰᠢᠶᠠᠨ ᠳᠥᠷᠪᠡᠨ ᠱᠠᠲᠤᠨ᠎ᠡᠴᠡ ᠲᠣᠬᠢᠷᠠᠭᠤᠯᠤᠭᠰᠠᠨ 52450 ᠬᠤᠪᠢ (ᠢᠵᠢ) ᠭᠠᠮᠰᠢᠭ᠎ᠡᠴᠡ ᠠᠪᠤᠷᠠᠬᠤ ᠡᠳ᠋ ᠪᠣᠳᠠᠰ᠎ᠢ ᠨᠢᠭᠡᠨᠲᠡ ᠲᠥᠪᠡᠳ᠎ᠦᠨ ᠪᠠᠴᠧᠨ ᠤ᠋ ᠭᠠᠵᠠᠷ ᠬᠥᠳᠡᠯᠦᠯᠲᠡ᠎ᠶᠢᠨ ᠭᠠᠮᠰᠢᠭᠳᠠᠭᠰᠠᠨ ᠣᠷᠣᠨ᠎ᠳᠤ ᠵᠠᠯᠭᠠᠭ᠎ᠠ᠎ᠪᠠᠷ ᠵᠥᠭᠡᠭᠡᠪᠦᠷᠢᠯᠡᠵᠦ᠍᠂ ᠡᠯ᠎ᠡ ᠱᠠᠲᠤᠨ᠎ᠤ ᠠᠪᠤᠷᠠᠨ ᠲᠤᠰᠠᠯᠠᠬᠤ ᠬᠦᠴᠦᠨ 2500 ᠭᠠᠷᠤᠶ ᠬᠥᠮᠦᠨ ᠣᠳᠣ ᠶᠠᠭ ᠪᠦᠬᠦ᠌ ᠬᠦᠴᠦ᠎ᠪᠡᠷ᠎ᠢᠶᠡᠨ ᠠᠪᠤᠷᠠᠨ ᠲᠤᠰᠠᠯᠠᠵᠤ ᠪᠠᠶ᠋ᠢᠨ᠎ᠠ᠃ ᠭᠠᠮᠰᠢᠭᠳᠠᠭᠰᠠᠨ ᠣᠷᠣᠨ᠎ᠳᠤ ᠨᠡᠢ᠌ᠳᠡ 35 ᠲᠥᠪᠬᠢᠨᠡᠭᠦᠯᠬᠦ᠌ ᠭᠠᠵᠠᠷ ᠲᠤᠬᠢᠷᠠᠭᠤᠯᠵᠤ᠂ ᠭᠠᠮᠰᠢᠭᠳᠠᠭᠰᠠᠨ ᠣᠷᠣᠨ᠎ᠤ ᠡᠮᠴᠢᠯᠡᠭᠡᠨ᠎ᠤ ᠠᠪᠤᠷᠠᠨ ᠵᠠᠰᠠᠬᠤ ᠪᠠ ᠡᠷᠡᠭᠦᠯ ᠬᠠᠮᠠᠭᠠᠯᠠᠯ ᠬᠢᠵᠢᠭ᠎ᠢ ᠰᠡᠷᠭᠡᠶ᠋ᠢᠯᠡᠬᠦ᠌ ᠠᠵᠢᠯ ᠶᠠᠭ ᠡᠮᠬᠢ ᠵᠢᠷᠤᠮ᠎ᠲᠠᠶ ᠶᠠᠪᠤᠭᠳᠠᠵᠤ ᠪᠠᠶ᠋ᠢᠨ᠎ᠠ᠃ ᠵᠢᠷᠤᠭ ᠪᠤᠯ 10 ᠰᠠᠷ᠎ᠠ᠎ᠶᠢᠨ 24 ᠤ᠋ ᠡᠳᠦᠷ᠂ ᠴᠠᠬᠢᠯᠭᠠᠨ ᠬᠦᠴᠦᠨ᠎ᠤ ᠠᠵᠢᠯᠲᠠᠨ ᠡᠴᠡ ᠴᠠᠬᠢᠯᠭᠠᠨ ᠵᠠᠯᠭᠠᠬᠤ ᠠᠵᠢᠯ ᠦᠷᠨᠢᠭᠦᠯᠵᠦ ᠴᠠᠬᠢᠯᠭᠠᠨ᠎ᠤ ᠬᠠᠩᠭᠠᠯᠭ᠎ᠠ ᠵᠢ ᠪᠠᠲᠤᠯᠠᠵᠤ ᠪᠠᠶ᠋ᠢᠭ᠎ᠠ ᠨᠢ᠃

ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ  ᠳ᠋ᠠᠨᠽᠧᠨᠨᠢᠳ᠋ᠡ ᠰᠡᠭᠦᠳᠡᠷᠯᠡᠪᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面