2026-10-27 11:02:26
10 ᠰᠠᠷ᠎ᠠ ᠶ᠋ᠢᠨ 15 ᠤ᠋ ᠡᠳᠦᠷ᠂ ᠬᠠᠮᠤᠭ ᠤ᠋ᠨ ᠰᠡᠭᠦᠯᠴᠢ ᠶ᠋ᠢᠨ 30 ᠬᠤᠰᠢᠭᠤ ᠰᠢᠶᠠᠨ (ᠬᠤᠲᠠ᠂ ᠲᠣᠭᠤᠷᠢᠭ) ᠳᠤᠯᠠᠭᠠᠯᠠᠭ᠎ᠠ ᠡᠬᠢᠯᠡᠨ ᠬᠠᠩᠭᠠᠬᠤ ᠵᠢ ᠳᠠᠭᠠᠯᠳᠤᠨ᠂ ᠦᠪᠦᠷ ᠮᠤᠨᠭᠭᠤᠯ ᠤ᠋ᠨ ᠪᠥᠬᠦ᠌ ᠣᠷᠤᠨ ᠪᠦᠰᠡ 2026 — 2027 ᠣᠨ ᠤ᠋ ᠳᠤᠯᠠᠭᠠᠯᠠᠭ᠎ᠠ ᠬᠠᠩᠭᠠᠬᠤ ᠬᠤᠭᠤᠴᠠᠭᠠᠨ ᠳ᠋ᠤ ᠣᠷᠤᠪᠠ᠃ ᠲᠣᠰ ᠤᠳᠠᠭᠠᠨ ᠤ᠋ ᠳᠤᠯᠠᠭᠠᠯᠠᠭ᠎ᠠ ᠬᠠᠩᠭᠠᠬᠤ ᠬᠤᠭᠤᠴᠠᠭᠠᠨ ᠳ᠋ᠤ 47 ᠬᠤᠰᠢᠭᠤ ᠰᠢᠶᠠᠨ (ᠬᠤᠲᠠ᠂ ᠲᠣᠭᠤᠷᠢᠭ) ᠲᠣᠭᠲᠠᠭᠰᠠᠨ ᠬᠤᠭᠤᠴᠠᠭᠠᠨ ᠳ᠋ᠤ ᠳᠤᠯᠠᠭᠠᠯᠠᠭ᠎ᠠ ᠬᠠᠩᠭᠠᠵᠤ᠂ 56 ᠬᠤᠰᠢᠭᠤ ᠰᠢᠶᠠᠨ ᠲᠣᠭᠤᠷᠢᠭ ᠡᠨᠡ ᠵᠢᠯ ᠤ᠋ᠨ ᠠᠭᠠᠷ ᠤ᠋ᠨ ᠳᠤᠯᠠᠭᠠᠨ ᠤ᠋ ᠬᠤᠪᠢᠷᠠᠯᠲᠠ ᠲᠠᠢ ᠤᠶᠠᠯᠳᠤᠭᠤᠯᠤᠨ ᠬᠠᠤᠯᠢ ᠪᠡᠷ ᠲᠣᠭᠲᠠᠭᠠᠭᠰᠠᠨ ᠳᠤᠯᠠᠭᠠᠯᠠᠭ᠎ᠠ ᠬᠠᠨᠭᠭᠠᠬᠤ ᠡᠳᠦᠷ ᠬᠤᠭᠤᠴᠠᠭ᠎ᠠ ᠡᠴᠡ 5 — 20 ᠡᠳᠦᠷ ᠤᠷᠢᠳᠴᠢᠯᠠᠨ ᠳᠤᠯᠠᠭᠠᠯᠠᠭ᠎ᠠ ᠬᠠᠨᠭᠭᠠᠵᠤ᠂ ᠪᠥᠬᠦ᠌ ᠣᠷᠤᠨ ᠤ᠋ ᠳᠤᠯᠠᠭᠠᠯᠠᠭ᠎ᠠ ᠬᠠᠩᠭᠠᠬᠤ ᠲᠠᠯᠠᠪᠠᠢ 11.3 ᠳ᠋ᠦᠩᠰᠢᠭᠤᠷ ᠲᠡᠭᠰᠢ ᠳᠥᠷᠪᠡᠯᠵᠢᠨ ᠮᠧᠲᠷ ᠲᠦ᠍ ᠬᠦᠷᠪᠡ᠃
ᠡᠯ᠎ᠡ ᠭᠠᠵᠠᠷ ᠤ᠋ᠨ ᠬᠢᠨ ᠵᠤᠨ ᠤ᠋ ᠤᠯᠠᠷᠢᠯ ᠤ᠋ᠨ ᠳᠤᠯᠠᠭᠠᠯᠠᠭ᠎ᠠ ᠬᠠᠨᠭᠭᠠᠬᠤ ᠵᠢ ᠵᠤᠬᠰᠤᠬᠤ ᠬᠤᠭᠤᠴᠠᠭ᠎ᠠ ᠵᠢ ᠠᠰᠢᠬᠯᠠᠨ ᠳᠤᠯᠠᠭᠠᠯᠠᠭ᠎ᠠ ᠬᠠᠨᠭᠭᠠᠬᠤ ᠲᠤᠨᠤᠭ ᠲᠦᠬᠦᠭᠡᠷᠦᠮᠵᠢ ᠶ᠋ᠢᠨ 《ᠡᠪᠦᠯ ᠤ᠋ᠨ ᠭᠡᠮ ᠢ᠋ ᠵᠤᠨ ᠵᠠᠰᠠᠬᠤ》 ᠠᠵᠢᠯᠯᠠᠭ᠎ᠠ ᠵᠢ ᠢᠳᠡᠪᠬᠢᠲᠡᠢ ᠦᠷᠨᠢᠭᠦᠯᠵᠦ᠂ ᠪᠥᠬᠦ᠌ ᠣᠷᠤᠨ ᠳ᠋ᠤ ᠨᠡᠶ᠋ᠢᠲᠡ 111 ᠰᠠᠭᠤᠷᠢ ᠨᠡᠭᠦᠷᠡᠰᠦ ᠲᠦᠯᠡᠬᠦ᠌ ᠢᠯᠴᠢ ᠡᠭᠦᠰᠭᠡᠭᠴᠢ᠂ 1556 ᠰᠠᠭᠤᠷᠢ ᠢᠯᠴᠢ ᠶ᠋ᠢᠨ ᠬᠦᠴᠦᠨ ᠤ᠋ ᠥᠷᠲᠡᠭᠡ᠂ 184 ᠺᠢᠯᠤᠮᠧᠲᠷ ᠨᠢᠭᠡᠳᠦᠭᠡᠷ ᠳᠡᠰ ᠤ᠋ᠨ ᠬᠤᠭᠤᠯᠠᠢ ᠲᠣᠣᠷ᠂ 640 ᠺᠢᠯᠤᠮᠧᠲᠷ ᠰᠠᠭᠤᠭᠠᠯᠢ ᠠᠷᠠᠳ ᠤ᠋ᠨ ᠲᠤᠭᠤᠷᠢᠭ ᠤ᠋ᠨ ᠬᠦᠷᠢᠶᠡᠨ ᠳ᠋ᠡᠬᠢ ᠬᠤᠶᠠᠳᠤᠭᠠᠷ ᠳᠡᠰ ᠤ᠋ᠨ ᠬᠤᠭᠤᠯᠠᠢ ᠲᠣᠣᠷ᠂ 332 ᠺᠢᠯᠤᠮᠧᠲᠷ ᠠᠰᠠᠷ ᠤ᠋ᠨ ᠪᠣᠰᠤᠭ᠎ᠠ ᠬᠤᠭᠤᠯᠠᠢ ᠵᠡᠷᠭᠡ ᠵᠢ ᠪᠠᠢᠴᠠᠭᠠᠨ ᠵᠠᠰᠠᠬᠰᠠᠨ ᠪᠠ ᠦᠭᠡᠷᠡᠴᠢᠯᠡᠨ ᠵᠠᠰᠠᠵᠤ᠂ ᠬᠤᠭᠤᠯᠠᠢ ᠲᠣᠣᠷ ᠤ᠋ᠨ ᠰᠢᠰᠲᠧᠮ ᠤ᠋ᠨ ᠲᠡᠩᠴᠡᠭᠦᠷᠢ ᠶ᠋ᠢᠨ ᠲᠥᠬᠦᠭᠡᠷᠦᠮᠵᠢ ᠵᠢ 1.5 ᠲᠦᠮᠡᠨ ᠢᠵᠢ ᠨᠡᠮᠡᠵᠦ᠍ ᠤᠭᠰᠠᠷᠠᠵᠤ᠂ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶ᠋ᠢᠨ ᠴᠢᠳᠠᠪᠤᠷᠢ ᠵᠢ ᠶᠡᠭᠡ ᠪᠡᠷ ᠳᠡᠭᠡᠭᠰᠢᠯᠡᠭᠦᠯᠪᠡ᠃
ᠦᠪᠦᠷ ᠮᠤᠨᠭᠭᠤᠯ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶ᠋ᠢᠨ ᠴᠢᠳᠠᠪᠤᠷᠢ ᠵᠢ ᠳᠡᠭᠡᠭᠰᠢᠯᠡᠭᠦᠯᠬᠦ ᠶ᠋ᠢᠨ ᠬᠠᠮᠲᠤ᠌᠂ ᠳᠤᠯᠠᠭᠠᠯᠠᠭ᠎ᠠ ᠬᠠᠩᠭᠠᠬᠤ ᠦᠢᠯᠡᠴᠢᠯᠡᠭᠡᠨ ᠤ᠋ ᠶᠠᠰᠤ ᠴᠢᠨᠠᠷ ᠢ᠋ ᠳᠡᠭᠡᠭᠰᠢᠯᠡᠭᠦᠯᠬᠦ ᠵᠢ ᠴᠢᠩᠭ᠎ᠠ ᠠᠳᠭᠤᠪᠠ᠃ ᠥᠪᠡᠷᠲᠡᠭᠡᠨ ᠵᠠᠰᠠᠬᠤ ᠣᠷᠤᠨ ᠤ᠋ ᠣᠷᠤᠨ ᠰᠠᠭᠤᠴᠠ ᠪᠠ ᠬᠤᠲᠠ ᠬᠥᠳᠡᠭᠡ ᠶ᠋ᠢᠨ ᠪᠥᠲᠦᠭᠡᠨ ᠪᠠᠶ᠋ᠢᠭᠤᠯᠤᠯᠲᠠ ᠶ᠋ᠢᠨ ᠲᠢᠩᠬᠢᠮ ᠵᠢᠯ ᠤ᠋ᠨ ᠡᠬᠢᠨ ᠳ᠋ᠤ 《ᠬᠤᠲᠠ ᠪᠠᠯᠭᠠᠰᠤᠨ ᠤ᠋ ᠳᠤᠯᠠᠭᠠᠯᠠᠭ᠎ᠠ ᠬᠠᠩᠭᠠᠬᠤ 〈ᠳᠤᠯᠠᠭᠠᠯᠠᠭ᠎ᠠ ᠶ᠋ᠢᠨ ᠢᠨᠵᠧᠨᠧᠷᠢᠩ〉 ᠤ᠋ᠨ ᠦᠢᠯᠡᠴᠢᠯᠡᠭᠡᠨ ᠤ᠋ ᠶᠠᠰᠤ ᠴᠢᠨᠠᠷ ᠢ᠋ ᠳᠡᠭᠡᠭᠰᠢᠯᠡᠭᠦᠯᠬᠦ᠌ ᠠᠵᠢᠯᠯᠠᠭ᠎ᠠ ᠥᠷᠨᠢᠭᠦᠯᠬᠦ ᠵᠢ ᠦᠷᠭᠦᠯᠵᠢᠯᠡᠨ ᠰᠠᠶ᠋ᠢᠲᠤᠷ ᠠᠳᠭᠤᠬᠤ ᠲᠤᠬᠠᠢ ᠮᠡᠳᠡᠭᠳᠡᠯ》 ᠢ᠋ ᠳᠠᠷᠤᠮᠠᠯᠯᠠᠨ ᠲᠠᠷᠬᠠᠭᠠᠵᠤ᠂ 2026 ᠣᠨ ᠢ᠋ ᠳᠤᠯᠠᠭᠠᠯᠠᠭ᠎ᠠ ᠬᠠᠩᠭᠠᠬᠤ ᠦᠢᠯᠡᠴᠢᠯᠡᠭᠡᠨ ᠤ᠋ ᠶᠠᠰᠤ ᠴᠢᠨᠠᠷ ᠢ᠋ ᠳᠡᠭᠡᠭᠰᠢᠯᠡᠭᠦᠯᠬᠦ ᠣᠨᠵᠢᠡᠷ ᠲᠣᠭᠲᠠᠭᠠᠵᠤ᠂ ᠳᠡᠭᠡᠷ᠎ᠡ ᠨᠢᠭᠡ ᠳᠤᠯᠠᠭᠠᠯᠠᠭ᠎ᠠ ᠬᠠᠩᠭᠠᠬᠤ ᠬᠤᠭᠤᠴᠠᠭᠠᠨ ᠤ᠋ 12345 ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨ ᠤ᠋ ᠬᠠᠯᠠᠮᠰᠢᠯ ᠤᠲᠠᠰᠤ ᠶ᠋ᠢᠨ ᠳᠤᠯᠠᠭᠠᠯᠠᠭ᠎ᠠ ᠬᠠᠩᠭᠠᠬᠤ ᠬᠦᠰᠡᠯ ᠱᠠᠭᠠᠷᠳᠠᠯᠭ᠎ᠠ ᠶ᠋ᠢᠨ ᠪᠠᠶ᠋ᠢᠳᠠᠯ ᠪᠠ ᠭᠡᠷ ᠤ᠋ᠨ ᠳᠤᠯᠠᠭᠠᠨ ᠢ᠋ ᠰᠦᠯᠵᠢᠶᠡᠨ ᠳᠡᠭᠡᠷ᠎ᠡ ᠬᠢᠨᠠᠨ ᠬᠡᠮᠵᠢᠭᠰᠡᠨ ᠪᠠᠶ᠋ᠢᠳᠠᠯ ᠲᠠᠢ ᠤᠶᠠᠯᠳᠤᠭᠤᠯᠤᠨ᠂ ᠳᠤᠯᠠᠭᠠᠯᠠᠭ᠎ᠠ ᠬᠠᠩᠭᠠᠬᠤ ᠦᠢᠯᠡᠴᠢᠯᠡᠭᠡᠨ ᠤ᠋ ᠳᠤᠮᠳᠠ ᠣᠷᠤᠰᠢᠵᠤ ᠪᠠᠶ᠋ᠢᠭ᠎ᠠ ᠳᠤᠲᠠᠭᠤᠳᠠᠯ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠡᠯ᠎ᠡ ᠭᠠᠵᠠᠷ ᠤ᠋ᠨ 《ᠬᠤᠲᠠ ᠪᠠᠯᠭᠠᠰᠤᠨ ᠤ᠋ ᠳᠤᠯᠠᠭᠠᠯᠠᠭ᠎ᠠ ᠬᠠᠩᠭᠠᠬᠤ ᠦᠢᠯᠡᠴᠢᠯᠡᠭᠡ》 ᠶ᠋ᠢᠨ ᠤᠯᠤᠰ ᠤ᠋ᠨ ᠪᠠᠷᠢᠮᠵᠢᠶ᠎ᠠ ᠲᠠᠢ ᠤᠶᠠᠯᠳᠤᠭᠤᠯᠤᠨ᠂ ᠳᠤᠯᠠᠭᠠᠯᠠᠭ᠎ᠠ ᠬᠠᠩᠭᠠᠬᠤ ᠪᠠᠷᠢᠮᠵᠢᠶᠠᠵᠢᠭᠤᠯᠤᠭᠰᠠᠨ ᠦᠢᠯᠡᠴᠢᠯᠡᠭᠡᠨ ᠤ᠋ ᠰᠢᠰᠲᠧᠮ ᠤ᠋ᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠳᠤᠯᠠᠭᠠᠯᠠᠭ᠎ᠠ ᠬᠠᠩᠭᠠᠬᠤ ᠵᠠᠷᠤᠳᠠᠯ ᠲᠤᠰᠢᠶᠠᠬᠤ ᠵᠠᠷᠤᠳᠠᠯ ᠪᠤᠴᠠᠭᠠᠬᠤ ᠬᠠᠮᠢᠶᠠᠷᠤᠯᠲᠠ ᠵᠡᠷᠭᠡ ᠬᠠᠮᠢᠶ᠎ᠠ ᠪᠥᠬᠦᠢ ᠲᠦᠷᠢᠮ ᠢ᠋ ᠲᠡᠭᠦᠯᠳᠡᠷᠵᠢᠭᠦᠯᠦᠨ᠂ ᠦᠢᠯᠡᠴᠢᠯᠡᠭᠡᠨ ᠤ᠋ ᠶᠠᠪᠤᠴᠠ ᠵᠢ ᠰᠢᠯᠢᠳᠡᠭᠵᠢᠭᠦᠯᠵᠦ᠍᠂ ᠦᠢᠯᠡᠴᠢᠯᠡᠭᠡᠨ ᠤ᠋ ᠶᠠᠰᠤ ᠴᠢᠨᠠᠷ ᠦᠷ᠎ᠡ ᠪᠦᠲᠦᠮᠵᠢ ᠵᠢ ᠤᠯᠠᠮ ᠴᠢᠨᠠᠬᠰᠢᠲᠠ ᠳᠡᠭᠡᠭᠰᠢᠯᠡᠭᠦᠯᠦᠨ᠂ ᠣᠯᠠᠨ ᠲᠦᠮᠡᠨ ᠤ᠋ ᠬᠠᠨᠤᠮᠵᠢ ᠶ᠋ᠢᠨ ᠬᠡᠮᠵᠢᠶ᠎ᠡ ᠵᠢ ᠳᠡᠭᠡᠭᠰᠢᠯᠡᠭᠦᠯᠬᠦ ᠵᠢ ᠬᠦᠲᠦᠯᠦᠨ ᠵᠢᠯᠤᠭᠤᠳᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃