ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-10-29 20:30:14

ᠵᠣᠬᠢᠶᠠᠭ᠍ᠴᠢ᠄ ​ᠬᠤᠩ ᠰᠢᠶᠠ ᠣᠩᠱᠢᠭ᠍ᠰᠠᠨ ᠣᠳᠠᠭ᠎ᠠ᠄ 3

ᠲᠦᠷᠦᠬᠦᠬᠡᠨ ᠥᠪᠡᠷᠲᠡᠭᠡᠨ ᠵᠠᠰᠠᠬᠤ ᠣᠷᠤᠨ᠎ᠤ ᠡᠪᠯᠡᠯ᠎ᠤᠨ ᠬᠤᠷᠢᠶ᠎ᠠ ᠵᠢᠨ ᠬᠢᠨ ᠥᠪᠦᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠂ ᠥᠪᠦᠷ ᠮᠣᠩᠭᠤᠯ᠎ᠤᠨ ᠡᠳ᠋᠎ᠤᠨ ᠵᠠᠰᠠᠭ ᠠᠵᠤ ᠠᠬᠤᠢ᠎ᠶ᠋ᠢᠨ ᠶᠡᠭᠡ ᠰᠤᠷᠭᠠᠭᠤᠯᠢ᠎ᠲᠠᠢ ᠬᠠᠮᠲᠤᠷᠠᠨ 《2026 ᠣᠨ᠎ᠤ ᠥᠪᠦᠷ ᠮᠣᠩᠭᠤᠯ᠎ᠤᠨ ᠡᠪ ᠬᠠᠮᠲᠤ᠌ ᠵᠠᠯᠠᠭᠤᠴᠤᠳ᠎ᠤᠨ ᠡᠪᠯᠡᠯ᠎ᠤᠨ ᠤᠶᠤᠲᠠᠳ᠎ᠤᠨ ᠠᠵᠢᠯ ᠣᠯᠭᠤᠯᠲᠠ᠎ᠶ᠋ᠢ ᠠᠬᠢᠭᠤᠯᠬᠤ ᠰᠤᠷᠭᠠᠭᠤᠯᠢ᠎ᠶ᠋ᠢᠨ ᠬᠦᠷᠢᠶᠡᠨ᠎ᠤ ᠨᠠᠮᠤᠷ᠎ᠤᠨ ᠤᠯᠠᠷᠢᠯ᠎ᠤᠨ ᠠᠵᠢᠯᠲᠠᠨ ᠡᠯᠰᠡᠬᠦ᠌ ᠴᠤᠭᠯᠠᠭᠠᠨ》᠎ᠢ ᠡᠷᠭᠢᠯᠡᠪᠡ᠃

ᠲᠣᠰ ᠤᠳᠠᠭᠠᠨ᠎ᠤ ᠠᠵᠢᠯᠲᠠᠨ ᠡᠯᠰᠡᠬᠦ᠌ ᠴᠤᠭᠯᠠᠭᠠᠨ᠎ᠨᠢ  ᠬᠤᠶᠠᠷ ᠶᠡᠭᠡ ᠳᠡᠭᠡᠳᠦ ᠰᠤᠷᠭᠠᠭᠤᠯᠢ᠎ᠶ᠋ᠢᠨ ᠰᠤᠷᠭᠠᠭᠤᠯᠢ ᠡᠷᠭᠢᠯᠡᠬᠦ᠌ ᠪᠠᠶ᠋ᠢᠷᠢ ᠲᠣᠭᠲᠠᠭᠠᠯᠲᠠ ᠪᠠ ᠬᠢᠴᠢᠶᠡᠯ ᠲᠥᠷᠦᠯ ᠲᠤᠰᠭᠠᠢ ᠮᠡᠷᠭᠡᠵᠢᠯ᠎ᠤᠨ ᠣᠨᠴᠠᠯᠢᠭ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠤᠨ᠎ᠤ ᠣᠲᠤ᠌ ᠦᠶ᠎ᠡ᠎ᠶ᠋ᠢᠨ ᠲᠠᠷᠢᠶᠠᠯᠠᠩ ᠮᠠᠯ ᠠᠵᠤ ᠠᠬᠤᠢ᠂ ᠡᠳ᠋᠎ᠤᠨ ᠵᠠᠰᠠᠭ ᠠᠵᠤ ᠠᠬᠤᠢ ᠮᠥᠩᠭᠦᠨ ᠭᠦᠢᠯᠭᠡᠭᠡ᠂ ᠠᠵᠤ ᠠᠬᠤᠢ ᠠᠷᠠᠯᠵᠢᠶ᠎ᠠ ᠬᠤᠳᠠᠯᠳᠤᠭ᠎ᠠ᠂ ᠮᠡᠳᠡᠭᠡ ᠵᠠᠩᠭᠢ᠎ᠶ᠋ᠢᠨ ᠮᠡᠷᠭᠡᠵᠢᠯ ᠵᠡᠷᠭᠡ ᠭᠤᠤᠯᠳᠠᠯᠭ᠎ᠠ᠎ᠲᠠᠢ ᠠᠵᠤ ᠦᠢᠯᠡᠰ᠎ᠤᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠴᠢᠨᠠᠷ ᠰᠠᠶ᠋ᠢᠲᠠᠢ ᠬᠥᠮᠦᠨ ᠬᠡᠷᠡᠭᠯᠡᠬᠦ᠌ ᠨᠢᠭᠡᠴᠢ ᠵᠢ ᠨᠠᠷᠢᠯᠢᠭ ᠣᠨᠤᠴᠠᠲᠠᠢ᠎ᠪᠠᠷ ᠵᠣᠯᠭᠠᠭᠤᠯᠵᠤ᠂ ᠠᠵᠢᠯ᠎ᠤᠨ ᠪᠠᠶ᠋ᠢᠷᠢ᠎ᠶ᠋ᠢ ᠥᠷᠭᠡᠨ᠎ᠢᠶᠠᠷ ᠠᠭᠤᠳᠠᠯᠵᠠᠢ᠃ ᠲᠣᠰ ᠤᠳᠠᠭᠠᠨ᠎ᠤ ᠠᠵᠢᠯᠯᠠᠭ᠎ᠠ᠎ᠳᠤ ᠨᠡᠶ᠋ᠢᠲᠡ 229 ᠠᠵᠤ ᠠᠬᠤᠶ᠋ᠢᠯᠠᠯ᠎ᠢ ᠲᠠᠲᠠᠵᠤ  ᠣᠷᠤᠯᠴᠠᠭᠤᠯᠤᠨ᠂ 7096 ᠠᠵᠢᠯ᠎ᠤᠨ ᠪᠠᠶ᠋ᠢᠷᠢ ᠬᠠᠩᠭᠠᠵᠤ᠂ ᠲᠦᠮᠡ ᠭᠠᠷᠤᠢ ᠰᠣᠷᠤᠭᠴᠢ᠎ᠶ᠋ᠢᠨ ᠴᠢᠨᠠᠷ  ᠰᠠᠢᠳᠠᠢ  ᠠᠵᠢᠯ  ᠤᠯᠬᠤ ᠳ᠋ᠤ  ᠵᠠᠪᠰᠢᠶᠠᠨ ᠬᠠᠩᠭᠠᠵᠠᠢ᠃

ᠡᠨᠡ ᠵᠢᠯ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠤᠨ᠎ᠤ ᠡᠪᠯᠡᠯ᠎ᠤᠨ ᠬᠤᠷᠢᠶ᠎ᠠ  ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠵᠢ ᠨᠢᠭᠡ ᠴᠤᠭᠴᠠᠵᠢᠭᠤᠯᠤᠭᠰᠠᠨ ᠠᠵᠢᠯ ᠤᠯᠭᠤᠬᠤ ᠦᠢᠯᠡᠴᠢᠯᠡᠭᠡ᠎ᠵᠢ ᠦᠷᠭᠦᠯᠵᠢᠯᠡᠨ ᠪᠦᠷᠢᠨᠰᠢᠬᠦᠯᠵᠦ᠍᠂ ᠪᠥᠬᠦ᠌ ᠣᠷᠤᠨ᠎ᠤ ᠡᠪ ᠬᠠᠮᠲᠤ᠌ ᠵᠠᠯᠠᠭᠤᠴᠤᠳ᠎ᠤᠨ ᠡᠪᠯᠡᠯ᠎ᠤᠨ ᠠᠵᠢᠯ ᠣᠯᠭᠤᠯᠲᠠ᠎ᠶ᠋ᠢ ᠠᠬᠢᠭᠤᠯᠬᠤ ᠲᠤᠰᠭᠠᠢ ᠠᠵᠢᠯᠯᠠᠭ᠎ᠠ᠎ᠶ᠋ᠢ ᠨᠢᠭᠡᠳᠦᠯᠲᠡᠢ ᠲᠥᠯᠦᠪᠯᠡᠨ ᠠᠬᠢᠭᠤᠯᠵᠤ᠂ ᠪᠥᠬᠦ᠌ ᠣᠷᠤᠨ᠎ᠤ ᠵᠢᠱ᠌ᠢᠶ᠎ᠡ ᠦᠵᠡᠭᠦᠯᠬᠦ᠌ ᠴᠢᠨᠠᠷᠲᠠᠢ ᠬᠠᠪᠤᠷ᠎ᠤᠨ ᠤᠯᠠᠷᠢᠯ᠎ᠤᠨ ᠲᠣᠮᠤ ᠬᠡᠯᠪᠡᠷᠢ᠎ᠶ᠋ᠢᠨ ᠠᠵᠢᠯ ᠣᠯᠭᠤᠯᠲᠠ᠎ᠶ᠋ᠢᠨ ᠠᠵᠢᠯᠲᠠᠨ ᠡᠯᠰᠡᠬᠦ᠌ ᠴᠤᠭᠯᠠᠭᠠᠨ᠎ᠢ 1 ᠤᠳᠠᠭ᠎ᠠ᠂ ᠶᠡᠭᠡ ᠳᠡᠭᠡᠳᠦ ᠰᠤᠷᠭᠠᠭᠤᠯᠢ᠎ᠶ᠋ᠢᠨ ᠰᠤᠷᠭᠠᠭᠤᠯᠢ᠎ᠶ᠋ᠢᠨ ᠬᠦᠷᠢᠶᠡᠨ᠎ᠤ ᠠᠵᠢᠯᠲᠠᠨ ᠡᠯᠰᠡᠬᠦ᠌ ᠠᠵᠢᠯᠯᠠᠭ᠎ᠠ ᠵᠢ 11 ᠲᠠᠯᠠᠪᠤᠷ᠂ ᠨᠠᠷᠢᠯᠢᠭ ᠣᠨᠤᠴᠠᠲᠠᠢ᠎ᠪᠠᠷ ᠠᠵᠢᠯ᠎ᠤᠨ ᠪᠠᠶ᠋ᠢᠷᠢ ᠲᠠᠨᠢᠯᠴᠠᠭᠤᠯᠬᠤ ᠠᠵᠢᠯᠯᠠᠭ᠎ᠠ᠎ᠶ᠋ᠢ 20 ᠲᠠᠯᠠᠪᠤᠷ ᠡᠷᠭᠢᠯᠡᠵᠦ᠍᠂ ᠨᠡᠶ᠋ᠢᠲᠡ 1432 ᠠᠵᠤ ᠠᠬᠤᠶ᠋ᠢᠯᠠᠯ᠎ᠲᠠᠢ ᠬᠤᠯᠪᠤᠭᠠᠯᠠᠨ ᠬᠥᠳᠡᠯᠦᠯᠴᠡᠵᠦ᠍᠂ ᠴᠢᠨᠠᠷ ᠰᠠᠶ᠋ᠢᠲᠠᠢ  ᠠᠵᠢᠯ᠎ᠤᠨ ᠪᠠᠶ᠋ᠢᠷᠢ᠎ᠶ᠋ᠢ 43993ᠨᠡᠶ᠋ᠢᠲᠡᠯᠡᠵᠦ᠍᠂ ᠠᠵᠢᠯ᠎ᠤᠨ ᠪᠠᠶ᠋ᠢᠷᠢ᠎ᠶ᠋ᠢᠨ ᠡᠬᠢ ᠪᠠᠶᠠᠯᠢᠭ᠂ ᠠᠵᠢᠯ ᠣᠯᠭᠤᠯᠲᠠ᠎ᠶ᠋ᠢᠨ ᠦᠢᠯᠡᠴᠢᠯᠡᠭᠡ᠎ᠶ᠋ᠢ  ᠰᠤᠷᠭᠠᠭᠤᠯᠢ᠎ᠶ᠋ᠢᠨ ᠬᠦᠷᠢᠶᠡᠨ᠎ᠤ ᠡᠮᠦᠨ᠎ᠡ ᠹᠷᠤᠨᠲ᠎ᠲᠤ᠌ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠠᠵᠢᠯ ᠤᠯᠬᠤ ᠠᠷᠭ᠎ᠠ ᠵᠠᠮ᠎ᠢ ᠪᠥᠬᠦ᠌ ᠲᠠᠯ᠎ᠠ᠎ᠪᠠᠷ ᠥᠷᠭᠡᠳᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面