2026-10-30 01:19:20
ᠦᠪᠦᠷ ᠮᠤᠩᠭᠤᠯ᠎ᠤᠨ ᠵᠡᠮᠳᠡᠭᠴᠤᠳ᠎ᠤᠨ ᠬᠤᠯᠪᠤᠭ᠎ᠠ ᠡᠴᠡ ᠤᠢᠯᠠᠭᠠᠬᠰᠠᠨ ᠵᠢᠡᠷ᠂ ᠪᠥᠬᠥ ᠤᠯᠤᠰ᠎ᠤᠨ ᠵᠡᠮᠳᠡᠭᠴᠦᠳ᠎ᠦᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠪᠠᠢᠭᠤᠯᠤᠮᠵᠢ᠎ᠶᠢᠨ ᠠᠵᠢᠯᠲᠠᠨ᠎ᠤ ᠲᠤᠬᠠᠢᠯᠠᠬᠰᠠᠨ ᠠᠵᠢᠯ᠎ᠤᠨ ᠤᠷ᠎ᠠ ᠮᠡᠷᠭᠡᠵᠢᠯ᠎ᠤᠨ ᠤᠷᠤᠯᠳᠤᠭᠠᠨ ᠤᠢᠷ᠎ᠠ᠎ᠳᠤ ᠴᠦᠩᠴᠢᠩ ᠬᠤᠲᠠ᠎ᠳ᠋ᠤ ᠶᠠᠪᠤᠬᠳᠠᠵᠦ᠂ ᠥᠪᠥᠷ ᠮᠣᠩᠭᠣᠯ᠎ᠤᠨ 3 ᠤᠷᠤᠯᠴᠠᠬᠴᠢ ᠲᠣᠰ ᠤᠷᠤᠯᠳᠤᠭᠠᠨ᠎ᠳᠤ ᠤᠷᠤᠯᠴᠠᠪᠠ᠃
ᠲᠣᠰ ᠤᠳᠠᠭᠠᠨ ᠤ ᠤᠷᠤᠯᠳᠤᠭᠠᠨ ᠢ ᠳᠤᠮᠳᠠᠳᠤ ᠤᠯᠤᠰ ᠤᠨ ᠵᠡᠮᠳᠡᠭᠴᠦᠳ᠎ᠦᠨ ᠬᠤᠯᠪᠤᠭ᠎ᠠ᠎ᠵᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠵᠢᠯᠤᠭᠣᠳᠬᠤ ᠲᠥᠪ᠎ᠡᠴᠡ ᠭᠣᠣᠯᠯᠠᠨ ᠡᠷᠭᠢᠯᠡᠵᠦ᠂《ᠰᠢᠷᠭᠠᠭᠤ ᠰᠡᠳᠬᠢᠵᠦ ᠰᠢᠮᠳᠠᠨ ᠰᠤᠷᠤᠯᠴᠠᠵᠤ᠂ ᠶᠣᠰᠣ᠌ ᠰᠤᠷᠲᠠᠬᠤᠨ ᠢ ᠡᠷᠬᠢᠮᠯᠡᠨ ᠰᠤᠷᠭᠠᠨ ᠬᠥᠮᠥᠵᠢᠭᠦᠯᠬᠦ᠎ᠳᠡᠭᠡᠨ ᠴᠢᠳᠠᠮᠠᠭᠠᠢ ᠪᠠᠢᠬᠤ》 ᠪᠡᠷ ᠭᠣᠣᠯ ᠰᠡᠳᠦᠪ ᠪᠣᠯᠭᠠᠨ᠂ ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠬᠤ᠂ ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠬᠤ᠎ᠶᠢ ᠪᠠᠷᠢᠮᠲᠠᠯᠠᠵᠤ᠂ ᠦᠨᠳᠦᠰᠦᠨ ᠱᠠᠲᠤᠨ᠎ᠤ ᠵᠡᠮᠳᠡᠭᠴᠦᠳ᠎ᠢ ᠲᠤᠰᠠᠯᠠᠬᠤ ᠠᠵᠢᠯ ᠣᠯᠭᠣᠯᠲᠠ᠎ᠶᠢᠨ ᠡᠩᠨᠡᠭᠡ᠎ᠶᠢᠨ ᠲᠤᠬᠠᠢᠯᠠᠭᠰᠠᠨ ᠠᠵᠢᠯ᠎ᠤᠨ ᠤᠷ᠎ᠠ ᠴᠢᠳᠠᠪᠤᠷᠢ᠎ᠶᠢ ᠰᠢᠯᠭᠠᠨ ᠪᠠᠢᠴᠠᠭᠠᠵᠠᠢ᠃ ᠲᠣᠰ ᠤᠳᠠᠭᠠᠨ ᠤ ᠤᠷᠤᠯᠳᠤᠭᠠᠨ ᠳᠤ ᠪᠥᠬᠥ ᠤᠯᠤᠰ᠎ᠤᠨ 37 ᠲᠥᠯᠥᠭᠡᠯᠡᠭᠴᠢᠳ᠎ᠦᠨ ᠠᠩᠭᠢ ᠵᠢᠨ109 ᠵᠡᠮᠳᠡᠭᠴᠤᠳ ᠤᠨ ᠠᠵᠢᠯᠲᠠᠨ ᠣᠷᠣᠯᠴᠠᠵᠤ᠂ ᠣᠨᠣᠯ᠎ᠤᠨ ᠬᠢᠨᠠᠨ ᠰᠢᠯᠭᠠᠯᠲᠠ᠂ ᠪᠤᠲᠠᠲᠦ ᠵᠢᠱ᠌ᠢᠶ᠎ᠡ᠎ᠶᠢ ᠬᠤᠪᠢᠶᠠᠯᠴᠡᠨ ᠡᠳ᠋ᠯᠡᠬᠦ᠂ ᠠᠬᠤᠢ ᠪᠠᠢᠳᠠᠯ᠎ᠢ ᠳᠠᠭᠤᠷᠢᠶᠠᠬᠤ᠂ ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠤᠯᠭᠤᠯᠲᠠ᠎ᠵᠢ ᠲᠠᠢᠴᠢᠯᠠᠬᠤ ᠦᠵᠡᠭᠦᠯᠭᠡ ᠵᠡᠷᠭᠡ ᠭᠣᠭᠴᠣᠭ᠎ᠠ ᠶᠢ ᠪᠠᠭᠲᠠᠭᠠᠵᠤ᠂ ᠵᠡᠮᠳᠡᠭᠴᠦᠳ᠎ᠦᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠠᠵᠢᠯᠲᠠᠨ᠎ᠤ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ᠎ᠢ ᠶᠡᠷᠦᠩᠬᠡᠢᠯᠡᠨ ᠪᠠᠢᠴᠠᠭᠠᠪᠠ᠃ ᠭᠤᠷᠪᠠᠨ ᠡᠳᠦᠷ᠎ᠤᠨ ᠰᠢᠷᠦᠭᠦᠨ ᠮᠥᠷᠥᠢᠴᠡᠭᠡᠨ ᠢᠶᠡᠷ ᠳᠠᠮᠵᠢᠨ᠂ ᠦᠬᠠᠢ ᠬᠤᠲᠠ᠎ᠶᠢᠨ ᠹᠠᠨ ᡁᠢ ᠴᠤᠤ ᠰᠢᠭᠤᠳ ᠨᠡᠪᠲᠡᠷᠡᠭᠦᠯᠭᠡ ᠪᠡᠷ ᠠᠵᠢᠯ ᠤᠯᠭᠤᠯᠲᠠ᠎ᠵᠢ ᠲᠠᠢᠴᠢᠯᠠᠬᠤ ᠦᠵᠡᠬᠦᠯᠭᠡ᠎ᠵᠢᠨ ᠤᠷᠤᠯᠳᠤᠭᠠᠨ ᠳᠤ ᠵᠢᠷᠭᠤᠳᠤᠭᠠᠷ ᠨᠡᠷᠡᠰ᠎ᠲᠤ ᠣᠷᠣᠵᠤ᠂ ᠮᠠᠨ ᠤ ᠣᠷᠣᠨ ᠤ ᠵᠡᠮᠳᠡᠭᠴᠦᠳ᠎ᠦᠨ ᠠᠵᠢᠯ ᠣᠯᠭᠣᠯᠲᠠ ᠶᠢᠨ ᠦᠢᠯᠡᠴᠢᠯᠡᠭᠡᠨ᠎ᠦ ᠠᠵᠢᠯᠲᠠᠳ ᠤᠨ ᠯᠠᠪᠳᠠᠭᠤᠨ ᠪᠠᠲᠤᠲᠠᠢ ᠲᠤᠬᠠᠢᠯᠠᠭᠰᠠᠨ ᠠᠵᠢᠯ᠎ᠤᠨ ᠰᠠᠭᠤᠷᠢ ᠪᠣᠯᠣᠨ ᠰᠠᠢᠨ ᠰᠠᠢᠬᠠᠨ ᠤᠶᠤᠨ ᠰᠠᠨᠠᠭᠠᠨ ᠤ ᠳᠦᠷᠰᠦ ᠪᠠᠢᠳᠠᠯ ᠢ ᠢᠯᠡᠷᠡᠭᠦᠯᠪᠡ᠃
ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠦᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ ᠲᠤᠰ ᠤᠳᠠᠭ᠎ᠠ᠎ᠶᠢᠨ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠠᠵᠢᠯ᠎ᠤᠨ ᠪᠠᠢᠷᠢ᠎ᠶᠢᠨ ᠪᠣᠯᠪᠠᠰᠤᠷᠠᠯ᠂ ᠲᠤᠬᠠᠢᠯᠠᠭᠰᠠᠨ ᠠᠵᠢᠯ ᠤᠨ ᠪᠣᠯᠪᠠᠰᠤᠷᠠᠯ ᠢ ᠪᠠᠢᠩᠭᠤᠵᠢᠭᠤᠯᠤᠨ ᠥᠷᠨᠢᠭᠦᠯᠵᠦ᠂ ᠵᠡᠮᠳᠡᠭᠴᠦᠳ ᠦᠨ ᠠᠵᠢᠯ ᠣᠯᠭᠣᠯᠲᠠ ᠶᠢᠨ ᠦᠢᠯᠡᠴᠢᠯᠡᠭᠡ ᠶᠢ ᠲᠤᠰᠬᠠᠢᠵᠢᠭᠤᠯᠬᠤ᠂ ᠪᠠᠷᠢᠮᠵᠢᠶᠠᠵᠢᠭᠤᠯᠬᠤ᠂ ᠨᠠᠷᠢᠯᠢᠭ᠋ᠵᠢᠭᠤᠯᠬᠤ ᠪᠠᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠵᠢᠯ ᠣᠯᠭᠣᠯᠲᠠ ᠶᠢᠨ ᠠᠵᠢᠯ ᠢ ᠵᠢᠯᠤᠭᠣᠳᠬᠤ ᠰᠢᠯᠭᠠᠷᠠᠭᠰᠠᠨ ᠡᠩᠨᠡᠭᠡ ᠶᠢ ᠪᠠᠢᠭᠤᠯᠵᠤ᠂ ᠪᠦᠬᠦ ᠣᠷᠣᠨ ᠤ ᠵᠡᠮᠳᠡᠭᠴᠦᠳ᠎ᠦᠨ ᠦᠢᠯᠡᠰ ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃