ᠲᠡᠷᠢᠭᠦᠨ ᠨᠢᠭᠤᠷ>ᠴᠠᠭ ᠲᠦᠷᠦ>ᠠᠷᠠᠳ᠎ᠤ᠋ᠨ ᠠᠮᠢᠳᠤᠷᠠᠯ

2026-10-30 01:20:49

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

ᠡᠮᠡᠭᠲᠡᠶ᠋ᠢᠴᠦᠳ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠦᠢᠯᠡᠴᠢᠯᠡᠭᠡ᠎ᠶ᠋ᠢ ᠦᠨᠳᠦᠰᠦᠨ ᠱᠠᠲᠤᠨ᠎ᠳᠤ ᠬᠦᠷᠭᠡᠬᠦ᠌ ᠠᠵᠢᠯᠯᠠᠭ᠎ᠠ ᠎ᠶ᠋ᠢ ᠤᠯᠠᠮ ᠨᠢᠭᠡ ᠠᠯᠬᠤᠮ ᠠᠬᠢᠭᠤᠯᠬᠤ᠎ᠶ᠋ᠢᠨ ᠲᠥᠯᠦᠭᠡ 10 ᠰᠠᠷ᠎ᠠ᠎ᠶ᠋ᠢᠨ 15᠎ᠤ᠋ ᠡᠳᠦᠷ ᠥᠪᠦᠷ ᠮᠣᠩᠭᠤᠯ ᠎ᠤᠨ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ᠎ᠪᠠᠷ ᠵᠢᠯᠤᠭᠤᠳᠤᠭᠤᠯᠵᠦ᠍᠂ ᠥᠪᠦᠷ ᠮᠣᠩᠭᠤᠯ ᠎ᠤᠨ ᠡᠮᠡᠭᠲᠡᠢᠴᠦᠳ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠠᠵᠢᠯᠲᠠᠨ᠎ᠤ ᠨᠡᠶ᠋ᠢᠭᠡᠮᠯᠢᠭ ᠪᠠ ᠲᠦᠩᠯᠢᠶᠤᠣ ᠬᠤᠲᠠ᠎ᠶ᠋ᠢᠨ ᠡᠮᠡᠭᠲᠡᠶ᠋ᠢᠴᠦᠳ᠎ᠤᠨ ᠬᠤᠯᠪᠤᠭ᠎ᠠ ᠡᠴᠡ ᠬᠠᠮᠲᠤᠷᠠᠨ ᠡᠷᠬᠢᠯᠡᠭᠰᠡᠨ《ᠡᠮᠡᠭᠳᠡᠢᠴᠦᠳ᠎ᠤᠨ ᠡᠷᠡᠬᠦᠯ ᠮᠡᠨᠳᠦ ᠳ᠋ᠤ ᠠᠩᠬᠠᠷᠤᠯ ᠵᠢᠡᠨ ᠲᠦᠪᠯᠡᠷᠡᠬᠦᠯᠵᠦ᠂〈ᠬᠤᠶᠠᠷ ᠥᠮᠡᠨ〉 ᠢ᠋ ᠬᠠᠮᠲᠤ᠎ᠪᠠᠷ ᠰᠡᠷᠭᠡᠶ᠋ᠢᠯᠡᠬᠦ 》 ᠪᠡᠷ ᠭᠤᠤᠯ ᠰᠡᠳᠦᠪ ᠪᠤᠯᠭᠠᠭᠰᠠᠨ ᠡᠮᠡᠭᠲᠡᠶ᠋ᠢᠴᠦᠳ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠦᠢᠯᠡᠴᠢᠯᠡᠭᠡ ᠎ᠶ᠋ᠢ ᠦᠨᠳᠦᠰᠦᠨ ᠱᠠᠲᠤᠨ᠎ᠳ᠋ᠦ ᠬᠦᠷᠭᠡᠬᠦ — ᠲᠦᠩᠯᠢᠶᠤᠣ᠎ᠳ᠋ᠡᠬᠢ ᠲᠤᠰᠭᠠᠢ ᠲᠠᠯᠠᠪᠤᠷ ᠠᠵᠢᠯᠯᠠᠭ᠎ᠠ ᠲᠦᠩᠯᠢᠶᠤᠣ ᠎ᠶ᠋ᠢᠨ ᠠᠵᠤ ᠠᠬᠤᠢ ᠮᠡᠷᠭᠡᠵᠢᠯ ᠎ᠤᠨ ᠨᠡᠭᠡᠭᠡᠯᠲᠡ᠎ᠶ᠋ᠢᠨ ᠲᠣᠭᠤᠷᠢᠭ᠎ᠤᠨ ᠯᠢᠶᠤᠣ ᠾᠧ ᠨᠡᠶ᠋ᠢᠭᠡᠮ ᠲᠣᠭᠤᠷᠢᠭ᠎ᠲᠤ᠌ ᠶᠠᠪᠤᠭᠳᠠᠪᠠ᠃

ᠲᠤᠰ ᠠᠵᠢᠯᠯᠠᠭ᠎ᠠ᠎ᠳᠤ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ ᠎ᠤ ᠠᠷᠠᠳ᠎ᠤᠨ ᠡᠮᠨᠡᠯᠭᠡ᠎ᠶ᠋ᠢᠨ ᠬᠤᠷᠢᠶ᠎ᠠ᠎ᠶ᠋ᠢᠨ ᠬᠥᠬᠦᠨ ᠪᠤᠯᠴᠢᠷᠬᠠᠢ᠎ᠶ᠋ᠢᠨ ᠬᠠᠪᠤᠳᠠᠷ᠎ᠤᠨ ᠭᠠᠳᠠᠷ ᠰᠠᠯᠠᠭᠠᠨ᠎ᠤ ᠵᠠᠩ ᠵᠢᠤᠢ ᠪᠢᠶᠤᠤ ᠡᠷᠬᠢᠯᠡᠭᠴᠢ ᠡᠮᠴᠢ᠂ ᠡᠮᠡᠭᠲᠡᠢ᠎ᠶ᠋ᠢᠨ ᠰᠠᠯᠠᠭᠠᠨ᠎ᠤ ᠵᠤᠤ ᠵᠢᠤᠸᠠᠨ ᠳᠡᠳ᠋ ᠡᠷᠬᠢᠯᠡᠭᠴᠢ ᠡᠮᠴᠢ ᠬᠤᠶᠠᠷ ᠲᠤᠰᠭᠠᠢ ᠮᠡᠷᠭᠡᠵᠢᠯᠲᠡᠨ ᠎ᠢ ᠤᠷᠢᠵᠤ ᠲᠤᠬᠠᠢ᠎ᠶ᠋ᠢᠨ ᠲᠠᠯᠠᠪᠠᠢ᠎ᠳᠤ ᠲᠠᠢᠯᠤᠮᠵᠢ ᠬᠢᠯᠭᠡᠪᠡ᠃ ᠬᠤᠶᠠᠷ ᠲᠤᠰᠭᠠᠢ ᠮᠡᠷᠭᠡᠵᠢᠯᠲᠡᠨ ᠡᠮᠴᠢᠯᠡᠭᠡᠨ᠎ᠤ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠬᠢᠯᠪᠠᠷ ᠣᠶ᠋ᠢᠯᠠᠭᠠᠮᠵᠢᠲᠠᠢ ᠦᠭᠡ ᠬᠡᠯᠡ᠎ᠪᠠᠷ ᠬᠥᠬᠦᠨ ᠪᠤᠯᠴᠢᠷᠬᠠᠢ᠎ᠶ᠋ᠢᠨ ᠥᠮᠡᠨ᠂ ᠰᠠᠪᠠ ᠎ᠶ᠋ᠢᠨ ᠬᠦᠵᠦᠭᠦᠨ ᠎ᠤ ᠥᠮᠡᠨ᠎ᠳᠤ ᠨᠡᠷᠪᠡᠭᠳᠡᠬᠦ ᠰᠢᠯᠲᠠᠭᠠᠨ᠂ ᠡᠳᠦᠷ ᠲᠤᠲᠤᠮ᠎ᠤᠨ ᠥᠪᠡᠰᠦᠪᠡᠨ ᠪᠠᠶ᠋ᠢᠴᠠᠭᠠᠬᠤ ᠠᠷᠭ᠎ᠠ᠂ ᠡᠷᠡᠭᠦᠯᠵᠢᠯ ᠎ᠤᠨ ᠭᠤᠤᠯᠳᠠᠯᠭ᠎ᠠ᠂ ᠰᠢᠭᠰᠢᠨ ᠪᠠᠶ᠋ᠢᠴᠠᠭᠠᠬᠤ ᠶᠠᠪᠤᠴᠠ ᠵᠢᠴᠢ ᠡᠪᠡᠳᠴᠢᠯᠡᠭᠰᠡᠨ ᠠᠪᠤᠷᠠᠨ ᠲᠤᠰᠠᠯᠠᠬᠤ ᠲᠥᠷᠦ᠎ᠶ᠋ᠢᠨ ᠪᠣᠳᠤᠯᠭ᠎ᠠ ᠵᠡᠷᠭᠡ ᠠᠭᠤᠯᠭ᠎ᠠ᠎ᠶ᠋ᠢᠨ ᠲᠣᠭᠤᠷᠢᠨ᠎ᠳᠤ ᠰᠢᠰᠲᠧᠮ᠎ᠲᠠᠢ ᠲᠠᠶ᠋ᠢᠯᠤᠮᠵᠢ ᠬᠢᠪᠡ᠃

ᠠᠰᠠᠭᠤᠯᠲᠠ ᠬᠠᠷᠢᠭᠤᠯᠬᠤ ᠭᠤᠭᠴᠤᠭ᠎ᠠ ᠎ᠳ᠋ᠦ ᠲᠤᠰᠭᠠᠢ ᠮᠡᠷᠭᠡᠵᠢᠯᠲᠡᠨ᠎ᠠᠴᠠ ᠣᠯᠠᠨ ᠎ᠤ ᠳᠤᠷᠠᠳᠤᠭᠰᠠᠨ ᠡᠷᠡᠭᠦᠯ ᠮᠡᠨᠳᠦ ᠎ᠶ᠋ᠢᠨ ᠠᠰᠠᠭᠤᠯᠲᠠ᠎ᠳᠤ ᠬᠦᠯᠢᠴᠡᠩᠭᠦᠢ᠎ᠪᠠᠷ ᠬᠠᠷᠢᠭᠤᠯᠲᠠ ᠥᠭᠴᠦ᠍᠂ ᠡᠮᠡᠭᠳᠡᠢᠴᠦᠳ ᠤᠯᠠᠨ ᠲᠦᠮᠡᠨ ᠎ᠤ ᠡᠮᠡᠭᠲᠡᠢ᠎ᠶ᠋ᠢᠨ ᠰᠠᠯᠠᠭᠠᠨ ᠎ᠤ ᠡᠷᠡᠬᠦᠯ ᠎ᠤᠨ ᠪᠠᠶ᠋ᠢᠴᠠᠭᠠᠯᠲᠠ᠎ᠶ᠋ᠢᠨ ᠲᠤᠬᠠᠢ ᠡᠷᠡᠭᠡᠯᠵᠡᠭᠡ᠎ᠶ᠋ᠢ ᠠᠷᠢᠯᠭᠠᠵᠤ᠂ 《ᠡᠷᠲᠡ ᠰᠡᠷᠭᠡᠶ᠋ᠢᠯᠡᠬᠦ᠂ ᠡᠷᠲᠡ ᠢᠯᠡᠷᠡᠭᠦᠯᠬᠦ᠂ ᠡᠷᠲᠡ ᠣᠨᠤᠰᠢᠯᠠᠬᠤ᠂ ᠡᠷᠲᠡ ᠡᠮᠨᠡᠨ ᠵᠠᠰᠠᠬᠤ》 ᠰᠢᠨᠵᠢᠯᠡᠬᠦ᠌ ᠤᠬᠠᠭᠠᠨᠴᠢ ᠣᠶ᠋ᠢᠯᠠᠭᠠᠭᠳᠠᠬᠤᠨ ᠎ᠢ ᠲᠦᠭᠡᠮᠡᠯᠵᠢᠭᠦᠯᠪᠡ᠃ ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠪᠠᠰᠠ ᠬᠤᠷᠠᠯ᠎ᠳᠤ ᠣᠷᠤᠯᠴᠠᠭᠰᠠᠨ ᠡᠮᠡᠭᠲᠡᠶ᠋ᠢᠴᠦᠳ᠎ᠲᠤ᠌ 《ᠬᠢᠲᠠᠳ ᠡᠮᠨᠡᠯᠭᠡ᠎ᠶ᠋ᠢᠨ ᠡᠤᠬᠠᠭᠠᠨ》 ᠵᠢᠴᠢ ᠡᠷᠡᠭᠦᠯ ᠮᠡᠨᠳᠦ ᠎ᠶ᠋ᠢ ᠬᠠᠮᠠᠭᠠᠯᠠᠬᠤ ᠵᠦᠭᠯᠡᠭᠦᠷ ᠵᠡᠷᠭᠡ ᠡᠷᠡᠭᠦᠯ ᠮᠡᠨᠳᠦ᠎ᠶ᠋ᠢᠨ ᠰᠢᠨᠵᠢᠯᠡᠬᠦ᠌ ᠤᠬᠠᠭᠠᠨ ᠎ᠢ ᠲᠦᠭᠡᠮᠡᠯᠵᠢᠭᠦᠯᠬᠦ᠌ ᠮᠠᠲᠧᠷᠢᠶᠠᠯ ᠲᠠᠷᠬᠠᠭᠠᠵᠤ᠂ ᠦᠷᠭᠡᠨ ᠤᠯᠠᠨ ᠡᠮᠡᠭᠳᠡᠢᠴᠦᠳ ᠲᠸ᠋ ᠰᠢᠨᠵᠢᠯᠡᠬᠦ᠌ ᠤᠬᠠᠭᠠᠨᠴᠢ ᠡᠷᠡᠭᠦᠯ ᠮᠡᠨᠳᠦ ᠎ᠶ᠋ᠢᠨ ᠣᠶ᠋ᠢᠯᠠᠭᠠᠭᠳᠠᠬᠤᠨ ᠪᠠ ᠡᠷᠡᠭᠦᠯᠵᠢᠯ᠎ᠤᠨ ᠮᠡᠳᠡᠯᠭᠡ᠎ᠶ᠋ᠢ ᠲᠠᠨᠢᠯᠴᠠᠭᠤᠯᠪᠠ᠃ ᠲᠣᠰ ᠤᠳᠠᠭᠠᠨ ᠎ᠤ ᠠᠵᠢᠯᠯᠠᠭ᠎ᠠ ᠎ᠳᠤ ᠲᠦᠩᠯᠢᠶᠤᠣ ᠬᠤᠲᠠ᠎ᠶ᠋ᠢᠨ ᠦᠨᠳᠦᠰᠦᠨ ᠱᠠᠲᠤᠨ᠎ᠤ ᠡᠮᠡᠭᠲᠡᠶ᠋ᠢᠴᠦᠳ ᠎ᠤᠨ ᠲᠥᠯᠦᠭᠡᠯᠡᠭᠴᠢ᠂ ᠨᠡᠶ᠋ᠢᠭᠡᠮ ᠲᠣᠭᠤᠷᠢᠭ᠎ᠤᠨ ᠬᠡᠷ ᠪᠦᠯᠢ᠎ᠶ᠋ᠢᠨ ᠲᠥᠯᠦᠭᠡᠯᠡᠭᠴᠢ ᠵᠢᠴᠢ ᠬᠤᠲᠠ᠂ ᠲᠣᠭᠤᠷᠢᠭ ᠬᠤᠶᠠᠷ ᠱᠠᠲᠤᠨ ᠎ᠤ ᠡᠮᠡᠭᠲᠡᠶ᠋ᠢᠴᠦᠳ᠎ᠤᠨ ᠬᠤᠯᠪᠤᠭᠠᠨ᠎ᠤ ᠠᠵᠢᠯᠲᠠᠨ 120 ᠭᠠᠷᠤᠢ ᠬᠥᠮᠦᠨ ᠣᠷᠤᠯᠴᠠᠵᠠᠢ᠃                               

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面