2026-10-30 01:20:27
ᠡᠨᠡ ᠵᠢᠯᠠᠴᠠ ᠨᠠᠭᠠᠰᠢ᠂ ᠬᠥᠬᠡᠬᠤᠲᠠᠶ᠋ᠢᠨ ᠨᠠᠮᠤᠨ ᠬᠤᠷᠢᠶ᠎ᠠ ᠵᠢᠨ ᠨᠡᠶ᠋ᠢᠭᠡᠮᠤᠨ ᠠᠵᠢᠯᠤᠨ ᠬᠡᠯᠲᠡᠰ᠂ ᠬᠦᠬᠡᠬᠤᠳᠠᠶ᠋ᠢᠨ ᠠᠷᠠᠳᠤᠨ ᠶᠠᠪᠤᠳᠠᠯ ᠤᠨ ᠲᠣᠪᠴᠢᠶ᠎ᠠ ᠭᠤᠤᠨᠢ ᠪᠡᠶ᠎ᠡ ᠭᠠᠭᠴᠠᠭᠠᠷ ᠰᠠᠭᠤᠭ᠎ᠠ ᠨᠠᠰᠤᠲᠠᠢᠴᠤᠳᠢ ᠬᠠᠯᠠᠮᠵᠢᠯᠠᠨ ᠬᠠᠷᠠᠭᠠᠯᠵᠠᠬᠤ ᠲᠤᠰᠭᠠᠢ ᠠᠵᠢᠯᠯᠠᠭᠠᠶ᠋ᠢ ᠬᠠᠮᠲᠤᠷᠠᠨ ᠠᠬᠢᠭᠤᠯᠵᠤ᠂ ᠲᠦᠷᠦᠯ ᠬᠤᠪᠢᠶᠠᠨ ᠳᠠᠩᠰᠠ ᠡᠪᠬᠡᠮᠡᠯ ᠪᠠᠶ᠋ᠢᠭᠤᠯᠬᠤ᠂ ᠲᠣᠭᠲᠠᠮᠠᠯ ᠬᠠᠷᠢᠯᠴᠠᠭ᠎ᠠ ᠪᠠᠶ᠋ᠢᠭᠤᠯᠬᠤ᠂ ᠬᠥᠷᠰᠢ ᠵᠡᠷᠭᠡᠯᠡᠳᠡᠭᠡ ᠬᠠᠷᠢᠯᠴᠠᠨ ᠬᠠᠪᠰᠤᠷᠤᠯᠴᠠᠬᠤ᠂ ᠰᠠᠶ᠋ᠢᠨ ᠳᠤᠷ᠎ᠠ ᠶ᠋ᠢᠨ ᠦᠢᠯᠡᠴᠢᠯᠡᠭᠡ ᠬᠠᠩᠭᠠᠬᠤ᠂ ᠣᠶᠤᠨᠴᠢᠪᠠᠷ ᠰᠠᠬᠢᠨ ᠬᠠᠮᠠᠭᠠᠯᠠᠬᠤ ᠲᠠᠪᠤᠨ ᠵᠦᠢᠯᠤᠨ ᠠᠷᠭ᠎ᠠ ᠬᠡᠮᠵᠢᠶ᠎ᠡᠪᠠᠷ ᠭᠠᠷᠳᠠᠴᠠ ᠪᠣᠯᠭᠠᠵᠤ᠂ ᠭᠤᠤᠨᠢ ᠭᠠᠭᠴᠠᠭᠠᠷ ᠰᠠᠭᠤᠭ᠎ᠠ ᠨᠠᠰᠤᠲᠠᠢᠴᠤᠳᠢ ᠬᠠᠯᠠᠮᠵᠢᠯᠠᠨ ᠬᠠᠶ᠋ᠢᠷᠠᠯᠠᠬᠤ ᠠᠷᠭ᠎ᠠ ᠵᠠᠮ ᠢ ᠰᠦᠪᠡᠭᠴᠢᠯᠡᠵᠡᠢ᠃
ᠬᠦᠬᠡᠬᠤᠳᠠᠶ᠋ᠢᠨ ᠠᠷᠠᠳ ᠤᠨ ᠶᠠᠪᠤᠳᠠᠯ ᠤᠨ ᠲᠣᠪᠴᠢᠶ᠎ᠠ ᠰᠠᠭᠤᠷᠢ ᠲᠤᠭ᠎ᠠ ᠵᠢ ᠠᠩᠬ᠎ᠠ ᠠᠯᠬᠤᠮ ᠬᠠᠷᠭᠤᠭᠤᠯᠤᠨ ᠪᠠᠢᠴᠠᠭᠠᠵᠤ᠂ ᠪᠥᠬᠦ᠌ ᠬᠤᠲᠠ ᠶ᠋ᠢᠨ ᠲᠣᠤᠷᠵᠢᠯᠤᠨ ᠠᠵᠢᠯᠲᠠᠨ᠂ ᠨᠡᠶ᠋ᠢᠭᠡᠮ ᠲᠣᠭᠤᠷᠢᠭᠤᠨ ᠠᠵᠢᠯᠲᠠᠨ ᠵᠡᠷᠭᠡ ᠬᠦᠴᠦᠨ ᠢ ᠳᠠᠶ᠋ᠢᠴᠢᠯᠠᠨ ᠪᠦᠬᠦ ᠲᠠᠯ᠎ᠠ ᠪᠡᠷ ᠪᠠᠶ᠋ᠢᠳᠠᠯᠢ ᠣᠶ᠋ᠢᠯᠠᠭᠠᠵᠤ᠂ 2.8 ᠲᠦᠮᠡᠨ ᠭᠤᠤᠨᠢ ᠪᠡᠶ᠎ᠡ ᠭᠠᠭᠴᠠᠭᠠᠷ ᠰᠠᠭᠤᠭ᠎ᠠ ᠨᠠᠰᠤᠲᠠᠨᠳ᠋ᠤ 《ᠨᠢᠭᠡ ᠬᠥᠮᠦᠨ ᠳ᠋ᠤ ᠨᠢᠭᠡ ᠲᠠᠩᠰᠠ ᠡᠪᠬᠡᠮᠡᠯ》 ᠪᠠᠶ᠋ᠢᠭᠤᠯᠤᠨ ᠦᠭᠴᠦ᠂ ᠵᠦᠷᠢᠶᠡᠴᠢᠯᠡᠭᠰᠡᠨ ᠦᠢᠯᠡᠴᠢᠯᠡᠭᠡ ᠶ᠋ᠢ ᠢᠵᠢ ᠪᠥᠷᠢᠳᠦᠭᠦᠯᠪᠠ᠃ ᠨᠠᠷᠢᠯᠢᠭ ᠣᠨᠤᠴᠠᠲᠠᠢ ᠦᠢᠯᠡᠴᠢᠯᠡᠭᠡ ᠪᠣᠯ ᠵᠠᠩᠭᠢᠯᠠᠭ᠎ᠠ ᠮᠥᠨ᠂ ᠡᠯ᠎ᠡ ᠲᠣᠰᠭᠤᠨ (ᠨᠡᠶ᠋ᠢᠭᠡᠮ ᠲᠣᠭᠤᠷᠢᠭ) ᠤ᠋ 《ᠬᠤᠶᠠᠷ ᠵᠥᠪᠯᠡᠯ》 ᠤ᠋ᠨ ᠤᠳᠤᠷᠢᠳᠭᠤ ᠪᠠᠭ᠂ ᠲᠣᠤᠷᠵᠢᠯ ᠤᠨ ᠠᠵᠢᠯᠲᠠᠳ ᠭᠤᠤᠨᠢ ᠭᠠᠭᠴᠠᠭᠠᠷ ᠰᠠᠭᠤᠭ᠎ᠠ ᠨᠠᠰᠤᠲᠠᠨᠲᠠᠢ ᠳᠠᠭᠠᠭᠠᠴᠢᠯᠠᠨ ᠬᠤᠯᠪᠤᠭᠠᠯᠠᠬᠤ ᠲᠣᠭᠲᠠᠴᠠᠶ᠋ᠢ ᠪᠠᠶ᠋ᠢᠭᠤᠯᠵᠤ᠂ 《ᠲᠠᠪᠤ ᠶ᠋ᠢ ᠣᠶ᠋ᠢᠯᠠᠭᠠᠬᠤ》 《ᠭᠤᠷᠪᠠᠶ᠋ᠢ ᠬᠠᠪᠰᠤᠷᠬᠤ》 ᠡᠭᠦᠷᠭᠡᠶ᠋ᠢ ᠨᠠᠶ᠋ᠢᠳᠠᠪᠤᠷᠢᠵᠢᠭᠤᠯᠵᠤ᠂ ᠬᠠᠷᠠᠭᠠᠯᠵᠠᠨ ᠬᠠᠯᠠᠮᠵᠢᠯᠠᠬᠤ ᠠᠵᠢᠯ ᠢ ᠪᠠᠶ᠋ᠢᠩᠭᠤᠵᠢᠭᠤᠯᠤᠨ ᠦᠷᠨᠢᠬᠦᠯᠪᠠ᠃ ᠡᠬᠦᠨᠤ ᠬᠠᠮᠳᠤ᠂ ᠣᠶᠤᠨᠴᠢ ᠪᠠᠷ ᠰᠠᠬᠢᠨ ᠬᠠᠮᠠᠭᠠᠯᠠᠬᠤ ᠵᠢ ᠬᠦᠨᠵᠡᠭᠡᠢᠷᠡᠬᠦᠯᠵᠦ᠂ ᠪᠦᠬᠦ᠌ ᠬᠤᠳᠠᠶ᠋ᠢᠨᠬᠢᠨ ᠨᠡᠶ᠋ᠢᠳᠡ 8210 ᠡᠷᠦᠬᠡ ᠳ᠋ᠤ ᠨᠠᠰᠤᠵᠢᠯᠳᠠ ᠳ᠋ᠤ ᠲᠤᠬᠢᠷᠠᠬᠤ ᠥᠭᠡᠷᠡᠴᠢᠯᠡᠨ ᠰᠠᠶ᠋ᠢᠵᠢᠷᠠᠭᠤᠯᠬᠤ ᠪᠦᠳᠦᠭᠡᠨ ᠪᠠᠢᠭᠤᠯᠤᠯᠳᠠ ᠵᠢ ᠬᠢᠵᠡᠢ᠃
ᠬᠦᠬᠡᠬᠤᠲᠠᠶ᠋ᠢᠨ ᠨᠠᠮ ᠤᠨ ᠬᠤᠷᠢᠶ᠎ᠠ ᠵᠢᠨ ᠨᠡᠶ᠋ᠢᠭᠡᠮ ᠤᠨ ᠠᠵᠢᠯ ᠤᠨ ᠬᠡᠯᠲᠡᠰᠤᠨ ᠬᠠᠮᠢᠶ᠎ᠠ ᠪᠥᠬᠦᠢ ᠬᠠᠷᠢᠭᠤᠴᠠᠯᠭᠠᠲᠠᠨ ᠡᠴᠡ᠂ ᠲᠠᠷᠠᠭᠠᠴᠢ ᠶ᠋ᠢᠨ ᠠᠯᠬᠤᠮ ᠳᠤ ᠨᠠᠷᠢᠯᠢᠭᠵᠢᠭᠤᠯᠤᠭᠰᠠᠨ ᠦᠢᠯᠡᠴᠢᠯᠡᠭᠡᠨᠤ ᠵᠠᠭᠪᠤᠷᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠣᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶ᠋ᠢ ᠪᠦᠷᠢᠨᠰᠢᠬᠦᠯᠦᠨ᠂ ᠭᠤᠤᠨᠢ ᠭᠠᠭᠴᠠᠭᠠᠷ ᠰᠠᠭᠤᠭ᠎ᠠ ᠨᠠᠰᠤᠲᠠᠨ ᠨᠢᠭᠡᠪᠦᠷᠢ ᠵᠢ 《ᠰᠠᠨᠠᠭ᠎ᠠ ᠠᠮᠤᠷ 》 ᠪᠤᠯᠭᠠᠨ᠎ᠠ ᠭᠡᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃