2026-11-03 11:24:24
ᠪᠤᠭᠤᠳᠤ ᠬᠤᠳᠠ ᠵᠢᠨ ᠴᠢᠩᠱᠠᠨ ᠲᠣᠭᠤᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠠᠰᠠᠭ᠎ᠤᠨ ᠣᠷᠳᠤᠨ ᠡᠴᠡ ᠨᠡᠶ᠋ᠢᠭᠡᠮ᠎ᠤᠨ ᠦᠢᠯᠡᠴᠢᠯᠡᠭᠡᠨ᠎ᠤ ᠲᠥᠷᠦᠯ ᠵᠦᠢᠯ᠎ᠢ ᠬᠤᠳᠠᠯᠳᠤᠨ ᠠᠪᠬᠤ᠎ᠳᠤ ᠲᠦᠰᠢᠭᠯᠡᠨ ᠂ ᠨᠡᠶ᠋ᠢᠭᠡᠮ᠎ᠤᠨ ᠬᠦᠴᠦᠨ ᠢ ᠢᠳᠡᠪᠬᠢᠲᠡᠢ᠎ᠪᠠᠷ ᠬᠥᠲᠦᠯᠦᠨ ᠵᠢᠯᠤᠭᠤᠳᠴᠤ᠌ ᠪᠠᠶ᠋ᠢᠭᠠᠳ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠳᠤ ᠣᠷᠤᠯᠴᠠᠭᠤᠯᠵᠤ᠂ ᠲᠡᠰ ᠲᠥᠷᠦᠯ ᠬᠤᠪᠢᠶᠠᠨ ᠨᠡᠶ᠋ᠢᠭᠡᠮ᠎ᠤᠨ ᠠᠪᠤᠷᠠᠨ ᠲᠤᠰᠠᠯᠠᠬᠤ᠎ᠶ᠋ᠢ ᠭᠦᠨᠵᠡᠭᠡᠶ᠋ᠢᠷᠡᠭᠦᠯᠵᠦ᠂ ᠭᠤᠤᠯ ᠰᠡᠳᠦᠪᠲᠦ᠍ ᠬᠠᠶ᠋ᠢᠷ᠎ᠠ ᠬᠠᠯᠠᠮᠵᠢ ᠬᠦᠷᠭᠡᠵᠦ᠍ ᠲᠣᠬᠤᠨᠢᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ ᠬᠦᠴᠢᠷᠳᠡᠯᠲᠡᠢ ᠣᠯᠠᠨ ᠲᠦᠮᠡᠨ ᠤ ᠪᠠᠴᠢᠮᠳᠠᠵᠤ ᠬᠦᠴᠢᠷᠳᠡᠵᠦ᠍ ᠵᠤᠪᠠᠨᠢᠵᠤ ᠬᠦᠰᠡᠵᠤ ᠪᠠᠶ᠋ᠢᠭ᠎ᠠ ᠠᠰᠠᠭᠤᠳᠠᠯ᠎ᠢ ᠰᠡᠳᠬᠢᠯ ᠲᠠᠯᠪᠢᠨ ᠰᠢᠢᠳᠪᠦᠷᠢᠯᠡᠵᠦ᠍ ᠥᠭᠭᠦᠨ᠎ᠡ᠃
ᠲᠤᠤᠷ᠎ᠠ ᠣᠷᠤᠯᠭ᠎ᠠ ᠲᠠᠢ ᠬᠥᠮᠦᠨ ᠠᠮᠠ᠎ᠶ᠋ᠢᠨ ᠡᠬᠡ ᠳᠠᠩᠰᠠ᠎ᠲᠠᠢ ᠬᠠᠷᠢᠴᠠᠭᠤᠯᠵᠤ᠂ 46 ᠡᠷᠦᠬᠡᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠰᠡᠳ᠂ ᠥᠨᠦᠴᠢᠨ ᠬᠡᠦᠬᠡᠳ ᠪᠣᠯᠤᠨ ᠪᠣᠳᠠᠳᠠᠢ ᠠᠰᠠᠷᠠᠨ ᠲᠡᠵᠢᠭᠡᠬᠦ᠌ ᠬᠥᠮᠦᠨ᠎ᠦᠭᠡᠢ ᠬᠡᠦᠬᠡᠳ ᠵᠡᠷᠭᠡ ᠬᠦᠴᠢᠷᠳᠡᠯᠳᠠᠢ ᠤᠯᠠᠨ ᠲᠦᠮᠡᠨ᠎ᠤ ᠬᠡᠷ ᠪᠦᠯᠢ ᠳ᠋ᠤ ᠬᠦᠷᠴᠤ᠂
ᠬᠡᠤᠬᠡᠳ᠎ᠤᠨ ᠰᠤᠷᠤᠯᠭ᠎ᠠ᠎ᠶ᠋ᠢᠨ ᠪᠠᠶ᠋ᠢᠳᠠᠯ᠂ ᠬᠡᠷ ᠪᠦᠯᠢ᠎ᠶ᠋ᠢᠨ ᠣᠷᠤᠯᠭᠠᠵᠠᠷᠤᠯᠭᠠ ᠶ᠋ᠢᠨ ᠪᠠᠢᠳᠠᠯ ᠪᠠ ᠪᠣᠳᠠᠲᠠᠢ ᠬᠦᠴᠢᠷᠳᠡᠯ᠎ᠢ ᠨᠠᠷᠢᠨ ᠣᠶ᠋ᠢᠯᠠᠭᠠᠵᠤ᠂ ᠬᠦᠴᠢᠷᠳᠡᠯ᠎ᠳᠤ ᠲᠤᠯᠭᠠᠷᠠᠭᠰᠠᠨ ᠬᠡᠦᠬᠡᠳ᠎ᠢ ᠬᠠᠯᠠᠮᠵᠢᠯᠠᠨ ᠬᠠᠶ᠋ᠢᠷᠠᠯᠠᠬᠤ᠂ ᠰᠤᠷᠭᠠᠨ ᠬᠥᠮᠦᠵᠢᠯ᠎ᠢᠶᠠᠷ ᠠᠪᠤᠷᠠᠨ ᠲᠤᠰᠠᠯᠠᠬᠤ ᠵᠡᠷᠭᠡ ᠠᠷᠠᠳ᠎ᠲᠤ᠌ ᠠᠰᠢᠭ ᠬᠦᠷᠲᠡᠭᠡᠬᠦ᠌ ᠲᠥᠷᠦ᠎ᠶ᠋ᠢᠨ ᠪᠣᠳᠤᠯᠭ᠎ᠠ᠎ᠶ᠋ᠢ ᠵᠡᠷᠭᠡ᠎ᠳᠤ᠎ᠨᠢ ᠤᠬᠠᠭᠤᠯᠤᠨ ᠲᠠᠶ᠋ᠢᠯᠪᠤᠷᠢᠯᠠᠵᠤ᠂ ᠬᠦᠴᠢᠷᠳᠡᠯᠲᠡᠢ ᠬᠡᠷ ᠪᠦᠯᠢ᠎ᠶ᠋ᠢᠨ ᠠᠮᠢᠳᠤᠷᠠᠯ᠎ᠦᠨ ᠲᠠᠷᠤᠭᠠᠰᠤ ᠵᠢ ᠪᠦᠲᠦᠮᠵᠢᠲᠡᠢ ᠨᠠᠮᠳᠠᠭᠤᠯᠵᠤ᠂ ᠬᠠᠯᠠᠮᠵᠢᠯᠠᠨ ᠲᠡᠳᠬᠦᠬᠦ᠎ᠶ᠋ᠢ ᠪᠣᠳᠠᠲᠠᠢ᠎ᠳᠤ ᠨᠠᠶ᠋ᠢᠳᠠᠪᠤᠷᠢᠵᠢᠭᠤᠯᠪᠠ᠃
ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ᠎ᠤᠨ ᠲᠣᠪᠴᠢᠶ᠎ᠠ ᠲᠠᠰ ᠲᠥᠷᠦᠯ ᠬᠤᠪᠢᠶᠠᠨ ᠨᠡᠶ᠋ᠢᠭᠡᠮ᠎ᠤᠨ ᠠᠪᠤᠷᠠᠨ ᠲᠤᠰᠠᠯᠠᠬᠤ ᠣᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶ᠋ᠢ ᠦᠷᠭᠦᠯᠵᠢᠯᠡᠨ ᠪᠦᠷᠢᠨᠰᠢᠬᠦᠯᠵᠦ᠍᠂ ᠲᠤᠤᠷ᠎ᠠ ᠣᠷᠤᠯᠭ᠎ᠠ ᠲᠠᠢ ᠬᠥᠮᠦᠨ ᠠᠮᠠ᠎ᠶ᠋ᠢ ᠬᠥᠳᠡᠯᠦᠩᠭᠦᠢ᠎ᠪᠠᠷ ᠬᠢᠨᠠᠨ ᠬᠡᠮᠵᠢᠬᠦ᠌ ᠪᠠ ᠪᠠᠶ᠋ᠢᠩᠭᠤᠵᠢᠭᠤᠯᠤᠭᠰᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠌ ᠲᠣᠭᠲᠠᠴᠠ᠎ᠶ᠋ᠢ ᠲᠡᠭᠦᠯᠳᠡᠷᠵᠢᠭᠦᠯᠦᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠳᠤᠲᠠᠭᠤᠳᠠᠯ᠎ᠢ ᠦᠷᠭᠦᠯᠵᠢᠯᠡᠨ ᠨᠥᠬᠦᠪᠦᠷᠢᠯᠡᠵᠦ᠍᠂ ᠡᠷᠦᠬᠡ᠎ᠳᠤ ᠬᠦᠷᠴᠦ ᠬᠦᠨᠵᠡᠭᠡᠢᠷᠡᠬᠦ᠂ ᠬᠠᠯᠠᠮᠵᠢᠯᠠᠨ ᠲᠣᠬᠤᠨᠢᠭᠤᠯᠬᠤ᠂ ᠲᠥᠷᠦ᠎ᠶ᠋ᠢᠨ ᠪᠣᠳᠤᠯᠭ᠎ᠠ᠎ᠶ᠋ᠢ ᠤᠬᠠᠭᠤᠯᠤᠨ ᠲᠠᠶ᠋ᠢᠯᠪᠤᠷᠢᠯᠠᠬᠤ᠎ᠶ᠋ᠢ ᠪᠠᠶ᠋ᠢᠩᠭᠤᠵᠢᠭᠤᠯᠤᠨ ᠥᠷᠨᠢᠭᠦᠯᠵᠦ᠍᠂《ᠡᠳ᠋ ᠪᠣᠳᠠᠰ + ᠦᠢᠯᠡᠴᠢᠯᠡᠭᠡ》 ᠶ᠋ᠢᠨ ᠠᠪᠤᠷᠠᠨ ᠲᠤᠰᠠᠯᠠᠬᠤ ᠵᠠᠭᠪᠤᠷ ᠢ ᠦᠷᠭᠦᠯᠵᠢᠯᠡᠨ ᠰᠢᠯᠢᠳᠡᠭᠵᠢᠭᠦᠯᠵᠦ᠍᠂ ᠪᠠᠲᠤᠯᠠᠬᠤ ᠶᠣᠰᠤᠲᠠᠢ ᠶ᠋ᠢ᠎ᠨᠢ ᠪᠦᠬᠦᠨ᠎ᠢ ᠪᠠᠲᠤᠯᠠᠵᠤ᠂ ᠠᠪᠤᠷᠠᠨ ᠲᠤᠰᠠᠯᠠᠬᠤ ᠶᠣᠰᠤᠲᠠᠢᠶ᠋ᠢᠨᠢ ᠪᠦᠬᠦᠨ᠎ᠢ ᠠᠪᠤᠷᠠᠨ ᠲᠤᠰᠠᠯᠠᠬᠤ ᠶ᠋ᠢ ᠪᠡᠶᠡᠯᠡᠭᠦᠯᠵᠦ᠍᠂ ᠬᠠᠷᠢᠶ᠎ᠠ ᠣᠷᠤᠨ᠎ᠤ ᠬᠦᠴᠢᠷᠳᠡᠯᠲᠡᠢ ᠣᠯᠠᠨ ᠲᠦᠮᠡᠨ᠎ᠤ ᠬᠦᠷᠲᠡᠮᠵᠢ᠎ᠶ᠋ᠢᠨ ᠲᠥᠷᠦᠭᠳᠡᠯ᠂ ᠵᠢᠷᠭᠠᠯᠲᠤ ᠲᠥᠷᠦᠭᠳᠡᠯ᠂ ᠠᠮᠤᠷ ᠲᠦᠪᠰᠢᠨ᠎ᠤ ᠲᠥᠷᠦᠭᠳᠡᠯ᠎ᠢ ᠲᠠᠰᠤᠷᠠᠯᠲᠠ ᠥᠬᠡᠢ ᠳᠡᠭᠡᠭᠰᠢᠯᠡᠭᠦᠯᠦᠨ᠂ ᠠᠷᠠᠳ᠎ᠤᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠠᠮᠤᠷ ᠲᠦᠪᠰᠢᠨ᠎ᠤ ᠲᠣᠣᠷ᠎ᠢ ᠨᠢᠭᠲᠠ ᠰᠦᠯᠵᠢᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃